ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ 《ᠯᠤᠤᠲᠤ ᠣᠩᠭᠣᠴᠠᠨ᠎ᠤ ᠤᠰᠤ 》 ᠵᠢᠨ ᠬᠤᠭᠤᠴᠠᠭ᠋ᠠᠨ᠎ᠳᠠᠬᠢ ᠦᠶᠡᠷ᠎ᠤᠨ ᠪᠠᠶ᠋ᠢᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠪᠠ
ᠨᠡᠶ᠋ᠢᠲᠡᠯᠡᠭᠰᠡᠨ ᠴᠠᠭ᠄ 2025-05-28

   ᠣᠢ᠌ᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠡ ᠵᠠᠩᠭᠢ ᠵᠢᠨ ᠲᠥᠪ᠎ᠨᠢ ᠤᠰᠤᠨ ᠠᠰᠢᠭᠯᠠᠯᠲᠠ ᠵᠢᠨ ᠶᠠᠮᠤᠨ᠎ᠤ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠵᠥᠪᠯᠡᠯ᠂ ᠭᠤᠸᠠᠩᠳᠦ᠋ᠩ᠂ ᠭᠤᠸᠠᠩᠰᠢ ᠵᠡᠷᠭᠡ ᠤᠰᠤᠨ ᠰᠢᠨᠵᠢᠯᠡᠭᠡᠨ᠎ᠤ ᠰᠠᠯᠠᠭ᠎ᠠ ᠮᠦᠴᠢᠷ᠎ᠲᠠᠢ ᠬᠠᠮᠲᠤᠷᠠᠨ᠂ ᠡᠨᠡ ᠵᠢᠯ᠎ᠤᠨ 《ᠯᠤᠤᠲᠤ ᠣᠩᠭᠣᠴᠠᠨ᠎ᠤ ᠤᠰᠤ》 ᠵᠢᠨ ᠬᠤᠭᠤᠴᠠᠭ᠋ᠠᠨ᠎ᠳᠠᠬᠢ ᠵᠦᠵᠢᠶᠠᠩ ᠮᠥᠷᠡᠨ᠎ᠤ ᠰᠠᠪᠠ ᠭᠠᠵᠠᠷ᠎ᠤᠨ ᠦᠶᠡᠷ᠎ᠤᠨ ᠪᠠᠢ᠌ᠳᠠᠯ᠎ᠢ ᠵᠥᠪᠳᠡᠯᠴᠡᠨ ᠰᠤᠳᠤᠯᠵᠤ ᠮᠠᠭ᠋ᠠᠳᠯᠠᠬᠤ ᠪᠣᠯᠤᠨ᠎ᠠ᠃ ᠰᠤᠳᠤᠯᠤᠨ ᠮᠠᠭ᠋ᠠᠳᠯᠠᠬᠰᠡᠨ ᠵᠶ᠋ᠠᠷ᠂ 《ᠯᠤᠤᠳᠤ ᠤᠩᠭᠤᠴᠠᠨ᠎ᠤ ᠤᠰᠤ》 ᠵᠢᠨ ᠬᠤᠭᠤᠴᠠᠭ᠋ᠠᠨ᠎ᠳᠤ ᠳᠡᠳ᠋ ᠬᠠᠯᠠᠭᠤᠨ ᠪᠦᠰᠡᠨ᠎ᠤ ᠦᠨᠳᠦᠷ ᠲᠠᠷᠤᠯᠳᠠᠳᠤ ᠲᠠᠯᠠᠪᠠᠢ᠎ᠨᠢ ᠵᠢᠭ᠋ᠠᠬᠠᠨ ᠶᠡᠭᠡ᠂ ᠬᠦᠴᠦᠯᠡᠴᠡ᠎ᠨᠢ ᠵᠢᠭ᠋ᠠᠬᠠᠨ ᠴᠢᠩᠭ᠎ᠠ᠂ ᠡᠮᠦᠨᠡᠳᠦ ᠲᠠᠩᠭᠢᠰ ᠵᠢᠨ ᠵᠤᠨ᠎ᠤ ᠤᠯᠠᠷᠢᠯ᠎ᠤᠨ ᠰᠠᠯᠬᠢ ᠵᠢᠭ᠋ᠠᠬᠠᠨ ᠤᠷᠤᠢ᠂ ᠵᠦᠵᠢᠶᠠᠩ ᠮᠦᠷᠡᠨ᠎ᠤ ᠰᠠᠪᠠ ᠭᠠᠵᠠᠷ᠎ᠤᠨ ᠪᠤᠷᠤᠭ᠋ᠠᠨ᠎ᠤ ᠵᠢᠯ ᠤᠢ᠍ᠢ᠍ᠷᠠᠳᠬᠤ ᠪᠤᠶᠤ ᠵᠢᠭ᠋ᠠᠬᠠᠨ ᠢᠯᠡᠬᠦᠦ ᠰᠢᠭ ᠪᠠᠶ᠋ᠢᠵᠤ᠂ ᠡᠬᠦᠨ᠎ᠳᠤ ᠰᠢᠵᠢᠶᠠᠩ ᠮᠦᠷᠡᠨ ᠵᠢᠯ ᠲᠤᠷᠰᠢ ᠤᠶ᠋ᠢᠷᠠᠯᠴᠠᠭ᠎ᠠ ᠪᠠᠶ᠋ᠢᠵᠤ᠂ ᠪᠸᠢᠢ᠍ᠵᠢᠶᠠᠩ ᠮᠦᠷᠡᠨ᠂ ᠬᠠᠨᠵᠢᠶᠠᠩ ᠮᠦᠷᠡᠨ ᠵᠢᠭ᠋ᠠᠬᠠᠨ ᠢᠯᠡᠬᠦᠦ ᠰᠢᠭ ᠪᠠᠶ᠋ᠢᠳᠠᠭ; ᠵᠦᠵᠢᠶᠠᠩ ᠮᠦᠷᠡᠨ᠎ᠤ ᠰᠠᠪᠠ ᠭᠠᠵᠠᠷ᠎ᠤᠨ ᠶᠡᠬᠡᠩᠬᠢ ᠬᠡᠰᠡᠭ᠎ᠤᠨ ᠠᠭ᠋ᠠᠷ᠎ᠤᠨ ᠲᠤᠯᠠᠭ᠋ᠠᠨ ᠦᠨᠳᠦᠷ᠂ ᠬᠦᠴᠦᠳᠡᠢ ᠰᠤᠯᠢᠭ ᠤᠷᠤᠰᠬᠠᠯ᠎ᠤᠨ ᠠᠵᠢᠯᠯᠠᠭ᠎ᠠ ᠦᠷᠨᠢᠭᠦᠨ ᠪᠠᠶ᠋ᠢᠵᠤ᠂ ᠬᠡᠰᠡᠭ ᠭᠠᠵᠠᠷ᠎ᠲᠤ ᠠᠭ᠋ᠠᠳᠠᠷ ᠪᠤᠷᠤᠭ᠋ᠠᠨ ᠤᠯᠠᠨ ᠡᠭᠦᠰᠳᠡᠭ᠃ ᠪᠸᠢᠢ᠍ᠵᠢᠶᠠᠩ᠎ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ᠂ ᠰᠢᠵᠢᠶᠠᠩ᠂ ᠬᠠᠨᠵᠢᠶᠠᠩ᠎ᠳᠤ ᠰᠡᠷᠡᠮᠵᠢᠯᠡᠭᠦᠯᠬᠦ ᠱᠣᠭᠤᠮ᠎ᠠᠴᠠ ᠳᠠᠪᠠᠭᠰᠠᠨ ᠦᠶᠡᠷ ᠭᠠᠷᠴᠤ ᠮᠡᠳᠡᠨ᠎ᠡ᠂ ᠰᠢᠷᠦᠭᠦᠨ ᠪᠣᠷᠣᠭ᠋ᠠᠨ᠎ᠤ ᠣᠷᠣᠨ᠎ᠳᠤ ᠳᠤᠮᠳᠠ ᠵᠢᠵᠢᠭ ᠭᠤᠣᠯ ᠮᠥᠷᠡᠨ᠎ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ; ᠡᠮᠵᠡᠭ ᠠᠶᠤᠯᠲᠠᠶ ᠤᠰᠤᠨ ᠴᠥᠭᠦᠷᠥᠮ᠂ ᠳᠤᠮᠳᠠ ᠵᠢᠵᠢᠭ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢᠴᠢ ᠬᠡᠰᠡᠭ ᠭᠠᠵᠠᠷ᠎ᠲᠤ ᠲᠦᠢ᠍ᠯ᠎ᠤᠨ ᠰᠢᠷᠦᠭᠦᠨ ᠪᠣᠷᠣᠭ᠋ᠠᠨ᠎ᠠᠴᠠ ᠪᠤᠯᠵᠤ ᠮᠡᠳᠡᠬᠦ ᠠᠭᠤᠯᠠᠨ ᠦᠶᠡᠷ᠎ᠤᠨ ᠭᠠᠮᠰᠢᠭ ᠪᠣᠯᠤᠨ ᠬᠤᠳᠠ ᠵᠢᠨ ᠤᠰᠤᠲᠤᠯ ᠵᠡᠷᠭᠡ ᠠᠶᠤᠯ ᠲᠦᠭᠰᠢᠭᠦᠷᠢ ᠵᠢ ᠭᠤᠣᠯᠳᠠᠯᠭ᠎ᠠ᠎ᠲᠠᠢ᠎ᠪᠠᠷ ᠠᠩᠬᠠᠷᠬᠤ ᠬᠡᠷᠡᠭᠲᠡᠢ᠃

   ᠤᠰᠤᠨ ᠠᠰᠢᠭᠯᠠᠯᠲᠠ ᠵᠢᠨ ᠶᠠᠮᠤᠨ 《ᠯᠤᠤᠳᠤ ᠤᠩᠭᠤᠴᠠᠨ᠎ᠤ ᠤᠰᠤ》 ᠵᠢᠨ ᠬᠤᠭᠤᠴᠠᠭ᠋ᠠᠨ᠎ᠳᠤ ᠵᠦᠵᠢᠶᠠᠩ ᠮᠥᠷᠡᠨ᠎ᠤ ᠰᠠᠪᠠ ᠭᠠᠵᠠᠷ᠎ᠲᠤ ᠰᠢᠷᠦᠭᠦᠨ ᠪᠣᠷᠣᠭ᠋ᠠᠨ ᠣᠷᠣᠬᠤ ᠶᠠᠪᠤᠴᠠ ᠵᠢ ᠨᠢᠭᠲᠠ ᠬᠢᠨᠠᠨ ᠠᠵᠢᠭᠯᠠᠵᠤ᠂ ᠲᠣᠭ᠋ᠠᠴᠢᠯᠠᠭᠰᠠᠨ ᠢᠬᠡᠷ᠎ᠡ ᠲᠠᠪᠴᠠᠩ᠎ᠢ ᠠᠰᠢᠭᠯᠠᠨ ᠦᠶᠡᠷ᠎ᠤᠨ ᠮᠡᠳᠡᠭᠡ ᠵᠢ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠣᠷᠢᠯᠲᠠ ᠬᠢᠵᠦ᠂ ᠰᠡᠷᠭᠡᠶ᠋ᠢᠯᠡᠬᠦ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠭᠠᠵᠠᠷ ᠣᠷᠣᠨ᠎ᠲᠠᠢ ᠬᠠᠮᠲᠤᠷᠠᠨ ᠪᠠᠷᠠᠭᠤᠨ ᠮᠥᠷᠡᠨ᠎ᠤ ᠳ᠋ᠠ ᠲᠧᠩ ᠰᠢᠶᠠ᠂ ᠪᠸᠢᠢ᠍ᠵᠢᠶᠠᠩ ᠹᠸᠢ ᠯᠠᠢ ᠰᠢᠶᠠ᠂ ᠬᠠᠨᠵᠢᠶᠠᠩ ᠮᠥᠷᠡᠨ᠎ᠤ ᠬᠥᠪᠥᠩ᠎ᠤᠨ ᠲᠠᠯ᠎ᠠ ᠵᠡᠷᠭᠡ ᠰᠠᠪᠠ ᠭᠠᠵᠠᠷ᠎ᠤᠨ ᠭᠤᠣᠯᠯᠠᠭᠴᠢ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠦᠶᠡᠷ᠎ᠤᠨ ᠤᠰᠤ ᠵᠢ ᠭᠦᠢ᠍ᠴᠡᠳ ᠲᠣᠬᠢᠷᠠᠭᠤᠯᠵᠤ᠂ ᠣᠷᠣᠨ ᠨᠤᠲᠤᠭ᠎ᠢ ᠰᠢᠮᠳᠠᠭᠤᠯᠵᠤ ᠪᠠᠶ᠋ᠢᠭ᠋ᠠᠳ ᠳᠤᠮᠳᠠ ᠵᠢᠵᠢᠭ ᠭᠤᠣᠯ᠎ᠤᠨ ᠦᠶᠡᠷ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ᠂ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠡᠷᠭᠡ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠷᠢᠨ ᠨᠠᠶ᠋ᠢᠳᠠᠪᠤᠷᠢᠵᠢᠭᠤᠯᠵᠤ᠂ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠎ᠠ ᠪᠠ ᠯᠤᠤᠲᠤ ᠣᠩᠭᠤᠴᠠ ᠵᠡᠷᠭᠡ ᠤᠰᠤᠨ᠎ᠳᠤ ᠬᠤᠯᠪᠣᠭᠳᠠᠬᠤ ᠠᠵᠢᠯᠯᠠᠭ᠎ᠠ ᠵᠢᠨ ᠦᠶᠡᠷ᠎ᠤᠨ ᠬᠤᠭᠤᠴᠠᠭ᠎ᠠ ᠵᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠶᠤᠯ᠎ᠲᠠᠢ ᠣᠷᠣᠨ᠎ᠤ ᠬᠥᠮᠦᠰ᠎ᠢ ᠰᠢᠯᠵᠢᠭᠦᠯᠬᠦ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠯᠭᠡᠵᠦ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠪᠦᠬᠦ ᠬᠦᠴᠦᠨ ᠵᠶ᠋ᠠᠷ ᠵᠶ᠋ᠠᠨ ᠪᠠᠲᠤᠯᠠᠨ᠎ᠠ᠃

   ᠯᠤᠤᠳᠤ ᠤᠩᠭᠤᠴᠠᠨ᠎ᠤ ᠤᠰᠤ ᠪᠣᠯ ᠵᠢᠯ ᠪᠦᠷᠢ ᠵᠢᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠤᠷᠢᠳ ᠬᠣᠵᠢᠳ (5 ᠳ᠋ᠤᠭ᠋ᠠᠷ ᠰᠠᠷ᠎ᠠ ᠵᠢᠨ ᠰᠡᠭᠦᠯᠴᠢ᠎ᠠᠴᠠ 6 ᠳ᠋ᠤᠭ᠋ᠠᠷ ᠰᠠᠷ᠎ᠠ ᠵᠢᠨ ᠡᠬᠢ ᠪᠣᠯᠲᠠᠯ᠎ᠠ)᠂ ᠡᠮᠦᠨᠡᠲᠦ ᠲᠠᠩᠭᠢᠰ᠎ᠤᠨ ᠤᠯᠠᠷᠢᠯ᠎ᠤᠨ ᠳᠤᠭᠰᠢᠨ ᠰᠠᠯᠬᠢ ᠪᠠ ᠳᠡᠳ᠋ ᠬᠠᠯᠠᠭᠤᠨ ᠪᠦᠰᠡ ᠵᠢᠨ ᠥᠨᠳᠥᠷ ᠳᠠᠷᠤᠯᠲᠠ ᠣᠮᠠᠷᠠᠰᠢ ᠳᠡᠭᠡᠭᠰᠢᠯᠡᠬᠦ ᠬᠠᠮᠲᠤ ᠵᠢᠨ ᠨᠥᠯᠥᠭᠡ᠎ᠠᠴᠠ ᠪᠣᠯᠵᠤ᠂ ᠡᠮᠦᠨᠡᠲᠦ ᠣᠷᠣᠨ᠎ᠤ ᠮᠠᠰᠢ ᠠᠮᠠᠷᠬᠠᠨ ᠦᠷᠭᠦᠯᠵᠢᠯᠡᠬᠦ ᠴᠢᠨᠠᠷᠲᠠᠢ᠂ ᠶᠡᠬᠡ ᠬᠡᠪᠴᠢᠶᠡᠨ᠎ᠤ ᠲᠥᠪᠯᠡᠷᠡᠩᠭᠦᠢ ᠪᠣᠷᠣᠭ᠋ᠠᠨ ᠡᠭᠦᠰᠬᠦ ᠵᠢ ᠵᠢᠭ᠋ᠠᠵᠤ ᠪᠠᠢ᠌ᠨ᠎ᠠ᠂ ᠵᠦᠵᠢᠶᠠᠩ ᠮᠥᠷᠡᠨ᠎ᠤ ᠤᠷᠤᠰᠬᠠᠯ᠎ᠤᠨ ᠴᠢᠨᠠᠷᠲᠠᠢ ᠦᠶᠡᠷ᠎ᠢ ᠠᠮᠠᠷᠬᠠᠨ ᠡᠭᠦᠰᠭᠡᠨ᠎ᠡ᠃ ᠯᠤᠤᠲᠤ ᠣᠩᠭᠣᠴᠠ᠎ᠪᠠᠷ ᠭᠠᠲᠤᠯᠬᠤ ᠴᠠᠭ ᠦᠶ᠎ᠡ ᠪᠣᠯᠵᠤ ᠪᠠᠶ᠋ᠢᠭ᠎ᠠ ᠪᠣᠯᠬᠣᠷ ᠡᠮᠦᠨᠡᠲᠦ ᠣᠷᠣᠨ᠎ᠤ ᠪᠣᠷᠣᠭ᠋ᠠᠨ ᠶᠡᠷᠦ᠎ᠳᠡᠭᠡᠨ 《ᠯᠤᠤᠳᠤ ᠤᠩᠭᠤᠴᠠᠨ᠎ᠤ ᠤᠰᠤ》       ᠭᠡᠳᠡᠭ᠃

  

   ᠵᠣᠬᠢᠶᠠᠭᠴᠢ᠄        ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
69 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠮᠠᠨ᠎ᠤ ᠣᠷᠣᠨ ᠨᠢᠭᠡᠳᠦᠯᠲᠡᠶ ᠨᠡᠭᠡᠭᠡᠯᠲᠡ᠎ᠲᠠᠢ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠶ᠋ᠢᠭᠤᠯᠪᠠ
ᠪᠣᠳᠠᠲᠤ ᠪᠠᠶ᠋ᠢᠳᠠᠯ᠎ᠢ ᠣᠨᠣᠪᠴᠢᠲᠠᠶ ᠡᠷᠢᠵᠦ ᠤᠯᠬᠤ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ
ᠥᠪᠥᠷ ᠮᠣᠩᠭᠤᠯ ᠨᠢᠭᠡ ᠪᠦᠯᠦᠭ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠶ᠋ᠢᠲᠠᠶ ᠪᠠᠢ᠌ᠭᠤᠯᠬᠤ᠎ᠪᠠᠷ ᠪᠤᠢ
 
            