ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ ᠠᠩᠬ᠎ᠠ ᠤᠳᠠᠭ᠎ᠠ ᠤᠰᠤ ᠠᠪᠴᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-04-29

  《ᠤᠰᠤ ᠠᠪᠴᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢ ᠬᠡᠷᠡᠭᠵᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠵᠢᠯᠣᠭᠤᠳᠬᠤ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠥᠬᠦ ᠣᠷᠣᠨ᠎ᠤ 2024 ᠣᠨ᠎ᠤ ᠤᠰᠤ ᠲᠠᠲᠠᠵᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ 2025 ᠣᠨ᠎ᠤ 4 ᠳ᠋ᠦ᠍ᠭᠡᠷ ᠰᠠᠷ᠎ᠠ ᠵᠢᠨ 26᠎ᠤ ᠡᠳᠦᠷ ᠰᠦᠯᠵᠢᠶᠡᠨ ᠳᠡᠭᠡᠷ᠎ᠡ ᠵᠠᠷᠯᠠᠨ ᠨᠡᠶ᠋ᠢᠲᠡᠯᠡᠬᠦ ᠵᠢ ᠪᠡᠶᠡᠯᠡᠭᠦᠯᠵᠦ᠂ ᠠᠩᠬ᠎ᠠ ᠤᠳᠠᠭ᠋ᠠᠨ᠎ᠤ ᠪᠥᠬᠦ ᠣᠷᠣᠨ᠎ᠤ 10187 ᠡᠷᠦᠬᠡ ᠵᠢᠨ ᠤᠰᠤ ᠲᠠᠲᠠᠵᠤ ᠬᠡᠷᠡᠭᠯᠡᠬᠦ ᠨᠢᠭᠡᠴᠢ ᠵᠢᠨ ᠢᠲᠡᠭᠡᠮᠵᠢ ᠵᠢᠨ ᠦᠨᠡᠯᠡᠯᠲᠡ ᠵᠢ ᠤᠷᠤᠭᠰᠢᠲᠠᠶ ᠪᠡᠶᠡᠯᠡᠭᠦᠯᠦᠭᠰᠡᠨ᠎ᠨᠢ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠩᠬᠢᠨᠢ᠎ᠪᠠᠷ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠶ᠋ᠢᠨ᠎ᠠ᠃

   ᠤᠰᠤ ᠠᠪᠴᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠪᠣᠯ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢ ᠨᠠᠶ᠋ᠢᠳᠠᠪᠤᠷᠢᠵᠢᠭᠤᠯᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠂ ᠤᠰᠤ ᠠᠪᠴᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ ᠵᠢᠨ ᠬᠦᠴᠦᠲᠡᠶ ᠭᠠᠷᠳᠠᠴᠠ ᠮᠥᠨ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠰᠤ ᠲᠠᠲᠠᠵᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠵᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢᠨ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠵᠣᠬᠢᠶᠠᠨ ᠪᠠᠶ᠋ᠢᠭᠤᠯᠤᠯᠲᠠ ᠵᠢᠨ ᠠᠵᠢᠯ᠎ᠤᠨ ᠬᠤᠪᠢᠶᠠᠷᠢᠯᠠᠯ᠂ ᠦᠨᠡᠯᠡᠬᠦ ᠲᠦᠷᠢᠮ᠂ ᠪᠡᠶᠡᠯᠡᠭᠦᠯᠬᠦ ᠴᠠᠭ᠎ᠤᠨ ᠬᠢᠵᠠᠭ᠋ᠠᠷ ᠵᠡᠷᠭᠡ ᠭᠤᠤᠯ ᠠᠭᠤᠯᠭ᠎ᠠ ᠵᠢ ᠲᠣᠳᠣᠷᠬᠠᠶ᠋ᠢᠯᠠᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠦᠵᠦ ᠲᠥᠯᠥᠪᠯᠡᠭᠡ ᠵᠢᠴᠢ ᠦᠷ᠎ᠡ ᠳ᠋ᠦᠩ᠎ᠢ ᠬᠢᠨᠠᠨ ᠲᠣᠭᠲᠠᠭ᠋ᠠᠬᠤ ᠵᠢ ᠬᠠᠷᠢᠭᠤᠴᠠᠵᠤ᠂ 12 ᠠᠶ᠋ᠢᠮᠠᠭ ᠬᠤᠲᠠ ᠬᠠᠷᠢᠶ᠎ᠠ ᠭᠠᠵᠠᠷ᠎ᠤᠨ ᠠᠩᠬᠠᠨ᠎ᠤ ᠦᠨᠡᠯᠡᠯᠲᠡ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠠᠴᠠ ᠬᠠᠷᠢᠭᠤᠴᠠᠨ ᠪᠣᠳᠠᠲᠠᠢ ᠬᠡᠷᠡᠭᠵᠢᠭᠦᠯᠬᠦ ᠵᠢᠨ ᠬᠠᠮᠲᠤ ᠪᠡᠶ᠎ᠡ᠎ᠪᠠᠨ ᠳᠠᠭ᠋ᠠᠭ᠋ᠠᠵᠤ ᠳᠠᠬᠢᠨ ᠬᠢᠨᠠᠵᠤ ᠥᠷᠨᠢᠭᠦᠯᠦᠨ᠂ 《ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠢ ᠲᠥᠯᠥᠪᠯᠡᠬᠦ᠂ ᠠᠶ᠋ᠢᠮᠠᠭ ᠬᠤᠲᠠ ᠵᠢᠨ ᠠᠩᠬᠠᠨ᠎ᠤ ᠰᠢᠯᠭ᠋ᠠᠷᠠᠭᠤᠯᠤᠯᠲᠠ᠂ ᠲᠤᠰᠬᠠᠢ ᠮᠡᠷᠭᠡᠵᠢᠯ᠎ᠤᠨ ᠳᠠᠬᠢᠨ ᠬᠢᠨᠠᠯᠲᠠ》 ᠵᠢᠨ ᠭᠤᠷᠪᠠᠨ ᠱᠠᠲᠤᠨ᠎ᠤ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠪᠠ᠃

   ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠨᠢ ᠤᠰᠤ ᠠᠪᠴᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢ ᠦᠨᠡᠯᠡᠬᠦ ᠠᠵᠢᠯ᠎ᠢ ᠪᠣᠳᠠᠲᠠᠶ ᠬᠡᠷᠡᠭᠵᠢᠭᠦᠯᠬᠦ ᠶᠠᠪᠤᠴᠠ᠎ᠳᠤ᠂ 《ᠬᠠᠤᠯᠢ ᠶᠣᠰᠣᠭ᠋ᠠᠷ᠂ ᠢᠯᠡ᠂ ᠡᠷᠬᠡ ᠲᠡᠭᠰᠢ᠂ ᠲᠥᠪ ᠭᠤᠤᠯᠴᠢ ᠪᠠᠶ᠋ᠢᠬᠤ》 ᠵᠠᠷᠴᠢᠮ᠎ᠢ ᠴᠢᠩᠭ᠎ᠠ ᠵᠢᠷᠤᠮᠯᠠᠨ᠂ 《ᠨᠢᠭᠡ ᠡᠷᠦᠬᠡ ᠨᠢᠭᠡ ᠲᠠᠩᠰᠠ ᠡᠪᠬᠡᠮᠡᠯ》᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠩᠰᠠ ᠡᠪᠬᠡᠮᠡᠯ᠎ᠤᠨ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ᠎ᠪᠠᠷ ᠳᠠᠮᠵᠢᠭᠤᠯᠤᠨ᠂ ᠲᠤᠭ᠎ᠠ ᠪᠠᠷᠢᠮᠲᠠ᠎ᠳᠤ ᠨᠠᠷᠢᠯᠢᠭ ᠣᠨᠣᠴᠠᠲᠠᠶ᠎ᠪᠠᠷ ᠳᠦᠷᠰᠦ ᠵᠢᠷᠤᠬᠤ ᠵᠢ ᠪᠡᠶᠡᠯᠡᠭᠦᠯᠵᠦ᠂ ᠦᠨᠡᠯᠡᠬᠦ ᠬᠡᠪᠴᠢᠶᠡᠨ᠎ᠳᠤ ᠠᠵᠤ ᠦᠢ᠍ᠯᠡᠳᠪᠦᠷᠢ᠂ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠂ ᠠᠮᠢ ᠠᠬᠤᠶ ᠵᠢᠨ ᠣᠷᠴᠢᠨ ᠲᠣᠭᠤᠷᠢᠨ ᠵᠡᠷᠭᠡ ᠲᠤᠯᠤᠭ᠋ᠠᠨ ᠶᠡᠭᠡ ᠭᠤᠤᠯᠳᠠᠯᠭ᠎ᠠ᠎ᠲᠠᠢ ᠬᠦᠷᠢᠶ᠎ᠡ ᠵᠢ ᠬᠠᠮᠤᠷᠴᠤ᠂ ᠪᠥᠬᠦ ᠰᠢᠰᠲ᠋ᠧᠮ᠎ᠤᠨ᠂ ᠪᠥᠬᠦ ᠬᠡᠯᠬᠢᠶᠡᠨ᠎ᠤ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠠᠩᠬ᠎ᠠ ᠤᠳᠠᠭ᠎ᠠ ᠪᠡᠶᠡᠯᠡᠭᠦᠯᠪᠡ᠃ ᠰᠢᠰᠲ᠋ᠧᠮ᠎ᠤᠨ ᠦᠨᠡᠯᠡᠯᠲᠡ᠎ᠪᠠᠷ ᠳᠡᠮᠵᠢᠨ᠂ ᠪᠥᠬᠦ ᠣᠷᠣᠨ᠎ᠳᠤ ᠨᠡᠶ᠋ᠢᠲᠡ 9813 ᠢᠲᠡᠭᠡᠮᠵᠢ ᠵᠢᠨ ᠰᠢᠯᠢᠳᠡᠭ (A ᠲᠠᠰ) ᠵᠶ᠋ᠠᠷ ᠦᠨᠡᠯᠡᠭᠳᠡᠵᠦ᠂ 179 ᠡᠷᠦᠬᠡ ᠵᠢ ᠢᠲᠡᠭᠡᠮᠵᠢ ᠰᠠᠶ᠋ᠢᠨ (B ᠲᠠᠰ) ᠵᠶ᠋ᠠᠷ ᠦᠨᠡᠯᠡᠨ ᠲᠣᠭᠲᠠᠭ᠋ᠠᠵᠤ᠂ 195 ᠡᠷᠦᠬᠡ ᠵᠢ ᠢᠲᠡᠭᠡᠮᠵᠢᠲᠦ ᠪᠠᠶ᠋ᠢᠳᠠᠯ᠎ᠨᠢ ᠡᠩ᠎ᠤᠨ ᠪᠣᠯᠬᠤ (C ᠲᠠᠰ) ᠎ᠪᠠᠷ ᠵᠢᠭᠰᠠᠭ᠋ᠠᠵᠤ᠂ ᠢᠲᠡᠭᠡᠮᠵᠢ ᠥᠬᠡᠶ ᠨᠡᠯᠢᠶᠡᠳ ᠠᠨᠠᠶ (D ᠲᠠᠰ) ᠨᠢᠭᠡᠴᠢ᠎ᠪᠠᠷ ᠲᠣᠭᠲᠠᠭ᠋ᠠᠪᠠ᠃ ᠦᠨᠡᠯᠡᠯᠲᠡ ᠵᠢᠨ ᠦᠷ᠎ᠡ ᠳ᠋ᠦᠩ᠎ᠢ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠢᠲᠡᠭᠡᠮᠵᠢ᠎ᠲᠠᠢ ᠭᠤᠤᠯ ᠴᠣᠭᠴᠠ᠎ᠳᠤ ᠤᠷᠮᠠᠰᠢᠭᠤᠯᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠢᠲᠡᠭᠡᠯ ᠠᠯᠳᠠᠭᠰᠠᠨ ᠭᠤᠤᠯ ᠴᠣᠭᠴᠠ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠢᠲᠡᠭᠡᠮᠵᠢ᠎ᠲᠠᠢ ᠪᠠᠶ᠋ᠢᠵᠤ ᠠᠰᠢᠭ ᠭᠥᠷᠳᠡᠬᠦ᠂ ᠢᠲᠡᠭᠡᠯ ᠠᠯᠳᠠᠭᠰᠠᠳ᠎ᠢ ᠬᠢᠵᠠᠭ᠋ᠠᠷᠯᠠᠬᠤ》 ᠤᠰᠤ ᠬᠡᠷᠡᠭᠯᠡᠬᠦ ᠣᠷᠴᠢᠨ ᠨᠥᠬᠦᠴᠡᠯ᠎ᠢ ᠪᠣᠶ ᠪᠣᠯᠭ᠋ᠠᠬᠤ ᠵᠢ ᠠᠬᠢᠭᠤᠯᠪᠠ᠃

   ᠤᠰᠤ ᠲᠠᠲᠠᠵᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢᠨ ᠠᠵᠢᠯ᠎ᠤᠨ ᠬᠡᠷᠡᠭᠵᠢᠭᠦᠯᠦᠯᠲᠡ᠎ᠨᠢ ᠤᠰᠤ ᠲᠠᠲᠠᠵᠤ ᠬᠡᠷᠡᠭᠯᠡᠬᠦ ᠵᠢ ᠬᠢᠨᠠᠨ ᠬᠠᠮᠢᠶᠠᠷᠬᠤ ᠴᠢᠳᠠᠪᠤᠷᠢ ᠵᠢ ᠴᠢᠩᠭ᠋ᠠᠷᠠᠭᠤᠯᠬᠤ᠂ ᠤᠰᠤ ᠲᠠᠲᠠᠵᠤ ᠬᠡᠷᠡᠭᠯᠡᠬᠦ ᠡᠮᠬᠢ ᠵᠢᠷᠤᠮ᠎ᠢ ᠵᠢᠷᠤᠮᠵᠢᠭᠤᠯᠬᠤ᠎ᠳᠤ ᠰᠢᠨ᠎ᠡ ᠵᠢ ᠡᠭᠦᠳᠬᠦ ᠠᠷᠭ᠎ᠠ ᠪᠠᠷᠢᠯ ᠬᠠᠩᠭ᠋ᠠᠵᠤ᠂ ᠤᠰᠤᠨ᠎ᠤ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ ᠵᠢ ᠳᠠᠩ ᠭᠠᠭᠴᠠ ᠵᠠᠰᠠᠭ ᠵᠠᠬᠢᠷᠭ᠋ᠠᠨ᠎ᠤ ᠬᠠᠮᠢᠶᠠᠷᠤᠨ ᠡᠵᠡᠮᠳᠡᠵᠦ ᠪᠠᠶ᠋ᠢᠭᠰᠠᠨ᠎ᠠᠴᠠ ᠢᠲᠡᠭᠡᠮᠵᠢ ᠵᠢᠨ ᠬᠠᠮᠵᠢᠯᠴᠠᠨ ᠵᠠᠰᠠᠬᠤ ᠴᠢᠬᠤᠯᠠ ᠲᠡᠢ᠌ᠰᠢ ᠬᠤᠪᠢᠷᠠᠭᠤᠯᠬᠤ ᠵᠢ ᠪᠡᠶᠡᠯᠡᠭᠦᠯᠵᠦ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠬᠢᠭᠡᠳ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠣᠷᠭ᠋ᠠᠨᠢᠭ ᠵᠶ᠋ᠠᠷ ᠵᠣᠯᠭ᠋ᠠᠭᠤᠯᠬᠤ᠎ᠪᠠᠷ ᠳᠠᠮᠵᠢᠭᠤᠯᠤᠨ᠂ ᠲᠣᠭᠲᠠᠭ᠋ᠠᠯ᠎ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠶᠠᠪᠤᠳᠠᠯ ᠣᠯᠠᠨᠲᠠ ᠡᠭᠦᠰᠬᠦ ᠠᠰᠠᠭᠤᠳᠠᠯ᠎ᠢ ᠪᠦᠲᠦᠮᠵᠢᠲᠡᠶ ᠬᠢᠵᠠᠭ᠋ᠠᠷᠯᠠᠵᠤ ᠪᠣᠯᠤᠨ᠎ᠠ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《ᠦᠨᠡᠯᠡᠬᠦ᠎ᠪᠠᠷ ᠬᠠᠮᠢᠶᠠᠷᠤᠯᠲᠠ ᠵᠢ ᠠᠬᠢᠭᠤᠯᠬᠤ᠂ ᠬᠠᠮᠢᠶᠠᠷᠤᠯᠲᠠ᠎ᠪᠠᠷ ᠶᠠᠰᠤ ᠴᠢᠨᠠᠷ᠎ᠢ ᠳᠡᠭᠡᠭᠰᠢᠯᠡᠭᠦᠯᠬᠦ》 ᠠᠵᠢᠯ᠎ᠤᠨ ᠰᠡᠳᠬᠢᠴᠡ ᠶᠣᠰᠣᠭ᠋ᠠᠷ᠂ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠵᠤ ᠬᠡᠷᠡᠭᠯᠡᠬᠦ ᠢᠲᠡᠭᠡᠮᠵᠢ ᠵᠢᠨ ᠦᠨᠡᠯᠡᠯᠲᠡ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠠᠪᠴᠠᠩ᠎ᠢ ᠡᠬᠢᠯᠡᠭᠦᠯᠦᠨ ᠪᠠᠶ᠋ᠢᠭᠤᠯᠵᠤ᠂ ᠲᠥᠷᠥᠯ ᠬᠤᠪᠢᠶᠠᠨ ᠱᠠᠲᠤ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠦᠨ᠂ ᠤᠰᠤ ᠲᠠᠲᠠᠵᠤ ᠬᠡᠷᠡᠭᠯᠡᠬᠦ ᠨᠢᠭᠡᠴᠢ ᠵᠢᠨ ᠤᠰᠤ ᠲᠠᠲᠠᠵᠤ ᠬᠡᠷᠡᠭᠯᠡᠬᠦ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠪᠦᠲᠦᠮᠵᠢᠲᠡᠶ ᠬᠥᠲᠥᠯᠦᠨ ᠵᠢᠯᠣᠭᠤᠳᠤᠨ᠎ᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠠᠪᠤᠨ ᠰᠠᠷ᠎ᠠ ᠵᠢᠨ ᠨᠢᠭᠡᠨ᠎ᠤ ᠪᠠᠶᠠᠷ᠎ᠤᠨ ᠡᠳᠦᠷ᠎ᠠᠴᠠ ᠡᠮᠦᠨᠡᠬᠢ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠰᠦᠨ ᠱᠤᠤ ᠴᠧᠩ ᠵᠡᠭᠦᠨᠭ᠋ᠠᠷ ᠬᠣᠰᠢᠭᠤᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠡᠯ᠎ᠡ ᠬᠣᠰᠢᠭᠤ ᠰᠢᠶᠠᠨ ᠬᠣᠲᠠ ᠲᠣᠭᠣᠷᠢᠭ ᠬᠠᠷᠢᠭᠤᠴᠠᠯᠭ᠎ᠠ᠎ᠪᠠᠨ ᠴᠢᠩᠭ᠋ᠠᠳᠬᠠᠵᠤ ᠡᠷᠴᠢᠮ ᠵᠶ᠋ᠠᠨ ᠴᠢᠩᠭ᠋ᠠᠷᠠᠭᠤᠯᠤᠨ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ
ᠰᠦᠨ ᠱᠤᠤ ᠴᠧᠩ ᠣᠷᠳᠣᠰ ᠬᠤᠳᠠ᠎ᠳᠤ ᠬᠠᠳᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠠᠬᠢᠴᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
 
            