ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠠᠪᠤᠨ ᠰᠠᠷ᠎ᠠ ᠵᠢᠨ ᠨᠢᠭᠡᠨ᠎ᠤ ᠪᠠᠶᠠᠷ᠎ᠤᠨ ᠡᠳᠦᠷ᠎ᠠᠴᠠ ᠡᠮᠦᠨᠡᠬᠢ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-04-30

  4 ᠳ᠋ᠦ᠍ᠭᠡᠷ ᠰᠠᠷ᠎ᠠ ᠵᠢᠨ 29᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠫᠧᠩ ᠶᠠ ᠯᠢ ᠳᠤᠭᠤᠶ᠋ᠢᠯᠠᠩ ᠳᠠᠭ᠋ᠠᠭᠤᠯᠤᠨ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠢ ᠠᠯᠪᠠᠨ ᠠᠰᠠᠷ᠎ᠲᠤ ᠭᠦᠨᠵᠡᠭᠡᠶ᠋ᠢᠷᠡᠨ ᠲᠠᠪᠤᠨ ᠰᠠᠷ᠎ᠠ ᠵᠢᠨ ᠨᠢᠭᠡᠨ᠎ᠤ ᠪᠠᠶᠠᠷ᠎ᠤᠨ ᠡᠳᠦᠷ᠎ᠠᠴᠠ ᠡᠮᠦᠨᠡᠬᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠪᠠᠶ᠋ᠢᠴᠠᠭ᠋ᠠᠨ ᠵᠢᠯᠣᠭᠤᠳᠪᠠ᠃


五一节前安全检查.png


   ᠫᠧᠩ ᠶᠠ ᠯᠢ ᠠᠰᠠᠷ᠎ᠤᠨ ᠳᠣᠲᠣᠷᠠᠬᠢ ᠭᠠᠯ ᠤᠨᠲᠠᠷᠠᠭ᠋ᠠᠬᠤ ᠲᠥᠬᠦᠭᠡᠷᠦᠮᠵᠢ (ᠭᠠᠯ ᠤᠨᠲᠠᠷᠠᠭ᠋ᠠᠭᠤᠷ᠂ ᠭᠠᠯ ᠤᠨᠲᠠᠷᠠᠭ᠋ᠠᠭᠤᠯ᠂ ᠰᠦᠷᠴᠢᠯᠲᠡ ᠵᠢᠨ ᠰᠢᠰᠲ᠋ᠧᠮ) ᠵᠢᠨ ᠪᠦᠷᠢᠨ ᠪᠦᠲᠦᠨ ᠴᠢᠨᠠᠷ᠂ ᠲᠠᠷᠬᠠᠭ᠋ᠠᠬᠤ ᠵᠠᠮ᠎ᠤᠨ ᠰᠠᠭ᠋ᠠᠳ ᠥᠬᠡᠶ ᠴᠢᠨᠠᠷ᠂ ᠠᠮᠤᠷ ᠲᠦᠪᠰᠢᠨ ᠭᠠᠷᠬᠤ ᠡᠭᠦᠳᠡ ᠵᠢᠨ ᠲᠡᠮᠳᠡᠭ᠎ᠤᠨ ᠲᠣᠳᠣᠷᠬᠠᠶ ᠬᠡᠮᠵᠢᠶ᠎ᠡ ᠵᠡᠷᠭᠡ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠭᠰᠠᠨ ᠪᠥᠭᠡᠳ ᠠᠰᠠᠷ᠎ᠤᠨ ᠳᠣᠲᠣᠷᠠᠬᠢ ᠠᠵᠢᠯᠯᠠᠬᠤ ᠭᠠᠵᠠᠷ᠎ᠲᠤ ᠠᠮᠤᠷ ᠲᠦᠪᠰᠢᠨ ᠵᠶ᠋ᠠᠷ ᠴᠠᠬᠢᠯᠭ᠋ᠠᠨ ᠬᠡᠷᠡᠭᠯᠡᠬᠦ᠂ ᠡᠯᠳᠡᠪ ᠪᠣᠳᠠᠰ᠎ᠢ ᠴᠡᠪᠡᠷᠯᠡᠭᠰᠡᠨ ᠪᠠᠶ᠋ᠢᠳᠠᠯ᠎ᠢ ᠲᠣᠬᠢᠶᠠᠯᠳᠤᠯ ᠵᠶ᠋ᠠᠷ ᠰᠤᠭᠤᠴᠢᠨ ᠪᠠᠶ᠋ᠢᠴᠠᠭ᠋ᠠᠵᠤ᠂ ᠶᠡᠭᠡ ᠴᠢᠳᠠᠪᠬᠢᠲᠤ ᠴᠠᠬᠢᠯᠭ᠋ᠠᠨ ᠬᠡᠷᠡᠭᠯᠡᠬᠦ ᠲᠥᠬᠦᠭᠡᠷᠦᠮᠵᠢ ᠬᠡᠷᠡᠭᠯᠡᠬᠦ ᠪᠠ ᠬᠠᠭᠤᠴᠢᠨ ᠴᠠᠬᠢᠯᠭ᠋ᠠᠨ ᠤᠲᠠᠰᠤ᠂ ᠬᠠᠪᠴᠢᠭᠤᠯᠤᠭᠤᠷ᠎ᠢ ᠴᠠᠭ ᠲᠤᠬᠠᠶ᠎ᠳᠤᠨᠢ ᠰᠣᠯᠢᠬᠤ᠎ᠠᠴᠠ ᠵᠠᠶ᠋ᠢᠯᠠᠰᠬᠢᠵᠦ᠂ ᠤᠭᠯᠠᠭᠤᠷᠭ᠎ᠠ ᠵᠢ ᠬᠡᠳᠦ ᠠᠴᠢᠵᠤ ᠬᠡᠷᠡᠭᠯᠡᠬᠦ ᠵᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭ᠋ᠠᠷᠳᠠᠪᠠ᠃ ᠲᠡᠷᠡ᠂ ᠠᠯᠪᠠᠨ ᠬᠡᠷ᠎ᠤᠨ ᠳᠣᠲᠣᠷᠠᠬᠢ ᠡᠯᠳᠡᠪ ᠪᠣᠳᠠᠰ᠂ ᠴᠣᠩᠬᠤᠨ ᠲᠠᠶ᠋ᠢᠰᠠ ᠵᠢᠨ ᠡᠳ᠋ ᠪᠣᠳᠠᠰ᠎ᠢ ᠣᠪᠣᠭ᠋ᠠᠯᠠᠵᠤ ᠲᠠᠯᠪᠢᠭᠰᠠᠨ᠎ᠢ ᠴᠠᠭ ᠲᠤᠬᠠᠶ᠎ᠳᠤᠨᠢ ᠴᠡᠪᠡᠷᠯᠡᠵᠦ᠂ ᠭᠠᠯ᠎ᠤᠨ ᠠᠶᠤᠯ ᠪᠠ ᠥᠨᠳᠥᠷ ᠣᠭᠲᠠᠷᠭᠤᠶ᠎ᠳᠤ ᠶᠠᠭᠤᠮ᠎ᠠ ᠬᠠᠶᠠᠬᠤ᠂ ᠡᠳ᠋ ᠪᠣᠳᠠᠰ᠎ᠤᠨ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠬᠤ ᠬᠡᠷᠡᠭᠲᠡᠶ ᠭᠡᠵᠦ ᠴᠢᠬᠤᠯᠠᠴᠢᠯᠠᠵᠠᠢ᠃ ᠭᠠᠯ ᠤᠨᠲᠠᠷᠠᠭ᠋ᠠᠬᠤ ᠬᠢᠨᠠᠨ ᠡᠵᠡᠮᠳᠡᠬᠦ ᠲᠠᠰᠤᠭ᠎ᠲᠤ᠂ ᠫᠧᠩ ᠶᠠ ᠯᠢ ᠪᠠᠰᠠ ᠬᠢᠨᠠᠨ ᠡᠵᠡᠮᠳᠡᠬᠦ ᠠᠵᠢᠯᠯᠠᠭ᠎ᠠ᠂ ᠠᠵᠢᠯᠳᠠᠨ᠎ᠤ ᠵᠢᠵᠢᠭᠦᠷ᠎ᠤᠨ ᠲᠡᠮᠳᠡᠭᠯᠡᠯ᠂ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠲᠡᠮᠳᠡᠭᠯᠡᠯ ᠵᠡᠷᠭᠡ ᠵᠢ ᠭᠤᠣᠯᠳᠠᠯᠭ᠎ᠠ᠎ᠲᠠᠢ ᠪᠠᠶ᠋ᠢᠴᠠᠭ᠋ᠠᠪᠠ᠃

   ᠫᠧᠩ ᠶᠠ ᠯᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠥᠭᠡᠷᠡᠴᠢᠯᠡᠬᠦ ᠠᠵᠢᠯ᠎ᠢ ᠭᠦᠨᠵᠡᠭᠡᠶ ᠰᠠᠶ᠋ᠢᠲᠤᠷ ᠠᠳᠬᠤᠬᠤ ᠬᠡᠷᠡᠭᠲᠡᠶ᠃ 《ᠳᠠᠯᠳᠠ ᠬᠡᠮ ᠪᠣᠯ ᠳᠠᠷᠤᠶ ᠠᠳᠡᠯ ᠮᠥᠨ》 ᠭᠡᠬᠦ ᠣᠨᠣᠯᠵᠢᠬᠤᠨ᠎ᠢ ᠪᠠᠲᠤ ᠪᠠᠬᠢ ᠪᠣᠶ ᠪᠣᠯᠭ᠋ᠠᠵᠤ᠂ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ》 ᠵᠢ ᠴᠢᠩᠭ᠎ᠠ ᠨᠠᠶ᠋ᠢᠳᠠᠪᠤᠷᠢᠵᠢᠭᠤᠯᠤᠨ᠂ ᠶᠡᠷᠦᠩᠬᠡᠢ ᠠᠯᠪᠠᠨ ᠠᠰᠠᠷ᠎ᠤᠨ ᠠᠮᠤᠷ ᠲᠦᠪᠰᠢᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ 《ᠡᠷᠬᠢᠨ ᠬᠠᠷᠠᠬᠤ》 ᠪᠠᠶ᠋ᠢᠴᠠᠭ᠋ᠠᠯᠲᠠ ᠵᠢ ᠦᠷᠭᠦᠯᠵᠢᠯᠡᠨ ᠥᠷᠨᠢᠭᠦᠯᠵᠦ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠳᠠᠯᠳᠠ ᠬᠡᠮ᠎ᠢ ᠴᠡᠭᠴᠡᠯᠡᠨ ᠰᠠᠶ᠋ᠢᠵᠢᠷᠠᠭᠤᠯᠬᠤ ᠵᠢ ᠦᠨᠡᠨ ᠬᠦ᠌ ᠪᠠᠲᠤᠯᠠᠵᠤ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠨᠡᠨ ᠬᠦ᠌ ᠪᠠᠬᠢᠵᠢᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

   ᠤᠰᠤᠨ ᠠᠰᠢᠭᠯᠠᠯᠲᠠ ᠵᠢᠨ ᠲᠢᠩᠬᠢᠮ᠎ᠤᠨ ᠬᠤᠯᠪᠣᠭᠳᠠᠯ ᠪᠦᠬᠦᠢ ᠭᠠᠵᠠᠷ ᠠᠯᠪᠠᠨ ᠲᠠᠰᠤᠭ ᠪᠣᠯᠤᠨ ᠬᠠᠮᠢᠶ᠎ᠠ ᠪᠦᠬᠦᠢ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ ᠪᠠᠶ᠋ᠢᠴᠠᠭ᠋ᠠᠯᠲᠠ᠎ᠳᠤ ᠣᠷᠣᠯᠴᠠᠪᠠ᠃

  (ᠡᠬᠡ ᠪᠢᠴᠢᠭ ᠬᠠᠩᠭ᠋ᠠᠭᠰᠠᠨ ᠄ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠶᠡᠷᠦᠩᠬᠡᠢ ᠪᠠᠲᠤᠯᠠᠭ᠎ᠠ ᠵᠢᠨ ᠲᠥᠪ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠵᠡᠭᠦᠨᠭ᠋ᠠᠷ ᠬᠣᠰᠢᠭᠤᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠡᠯ᠎ᠡ ᠬᠣᠰᠢᠭᠤ ᠰᠢᠶᠠᠨ ᠬᠣᠲᠠ ᠲᠣᠭᠣᠷᠢᠭ ᠬᠠᠷᠢᠭᠤᠴᠠᠯᠭ᠎ᠠ᠎ᠪᠠᠨ ᠴᠢᠩᠭ᠋ᠠᠳᠬᠠᠵᠤ ᠡᠷᠴᠢᠮ ᠵᠶ᠋ᠠᠨ ᠴᠢᠩᠭ᠋ᠠᠷᠠᠭᠤᠯᠤᠨ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢ᠌ᠵᠢᠷᠠᠬᠤ ᠵᠢ ᠪᠦᠭᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ
ᠰᠦᠨ ᠱᠤᠤ ᠴᠧᠩ ᠣᠷᠳᠣᠰ ᠬᠤᠳᠠ᠎ᠳᠤ ᠬᠠᠳᠤᠨ ᠭᠣᠣᠯ᠎ᠤᠨ 《ᠶᠡᠬᠡ ᠲᠣᠬᠣᠢ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠠᠬᠢᠴᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
 
            