6 ᠳ᠋ᠤᠭ᠋ᠠᠷ ᠰᠠᠷ᠎ᠠ ᠵᠢᠨ 7᠎ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠤᠪᠴᠢᠶ᠎ᠠ ᠲᠦᠷᠦᠭᠦᠬᠡᠨ ᠬᠣᠷᠢᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠲᠤᠰᠬᠠᠢ ᠠᠰᠢᠭ᠎ᠤᠨ ᠱᠠᠩᠨᠠᠯ ᠣᠯᠤᠭᠰᠠᠨ ᠨᠡᠷᠡᠰ᠎ᠢ ᠨᠡᠢ᠌ᠲᠡᠯᠡᠵᠦ᠂ ᠮᠠᠨ᠎ᠤ ᠣᠷᠣᠨ᠎ᠤ 4 ᠲᠤᠰᠬᠠᠢ ᠠᠰᠢᠭ ᠴᠣᠯᠭᠣᠷᠠᠨ ᠭᠠᠷᠴᠠᠢ᠃ ᠡᠭᠦᠨ᠎ᠳᠤ᠂ ᠥᠪᠥᠷ ᠮᠣᠩᠭᠤᠯ᠎ᠤᠨ ᠢᠯᠢ ᠠᠵᠤ ᠦᠢ᠍ᠯᠡᠰ᠎ᠤᠨ ᠪᠦᠯᠦᠭᠯᠡᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ 《ᠪᠦᠲ᠋ᠢᠯ ᠬᠦᠴᠢᠯ ᠦᠢ᠍ᠯᠡᠳᠪᠦᠷᠢᠯᠡᠭᠰᠡᠨ ᠠᠰᠢᠭ᠎ᠲᠤ ᠡᠯᠸᠮᠸᠨ᠋ᠲ ᠠᠰᠢᠭ᠎ᠲᠤ ᠪᠠᠺᠲ᠋ᠧᠷᠢ ᠵᠢᠨ ᠦᠷ᠎ᠡ ᠠᠰᠢᠭ᠎ᠢ ᠨᠡᠮᠡᠭᠳᠡᠭᠦᠯᠬᠦ ᠬᠠᠮᠲᠤᠷᠠᠯ》 ᠪᠣᠯᠤᠨ ᠥᠪᠥᠷ ᠮᠣᠩᠭᠤᠯ᠎ᠤᠨ ᠮᠧᠩ ᠨᠢᠦ ᠰᠦ ᠵᠢᠨ ᠦᠢ᠍ᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ 《DHA ᠵᠠᠮᠠᠭ᠎ᠤᠨ ᠲᠣᠰᠣ ᠨᠠᠶ᠋ᠢᠷᠠᠭᠤᠯᠵᠤ ᠦᠢ᠍ᠯᠡᠳᠬᠦ ᠰᠦ ᠵᠢᠴᠢ ᠦᠢ᠍ᠯᠡᠳᠪᠦᠷᠢᠯᠡᠬᠦ ᠠᠷᠭ᠎ᠠ》 ᠵᠡᠷᠭᠡ 2 ᠵᠦᠢ᠍ᠯ᠎ᠤᠨ ᠲᠤᠰᠬᠠᠶ ᠠᠰᠢᠭ᠎ᠤᠨ ᠲᠥᠷᠥᠯ ᠵᠦᠢ᠍ᠯ ᠳᠤᠮᠳᠠᠳᠤ ᠤᠯᠤᠰ᠎ᠤᠨ ᠲᠤᠰᠬᠠᠶ ᠠᠰᠢᠭ᠎ᠤᠨ ᠮᠥᠩᠭᠦᠨ ᠱᠠᠩᠨᠠᠯ᠎ᠢ ᠭᠥᠷᠳᠡᠪᠡ; ᠪᠤᠭᠤᠲᠤ ᠬᠤᠲᠠ ᠵᠢᠨ ᠶᠢᠩ ᠰᠧ ᠲᠧ ᠬᠤᠪᠣᠷ ᠰᠣᠷᠢᠨᠵᠢᠨ ᠰᠢᠨ᠎ᠡ ᠮᠠᠲ᠋ᠧᠷᠢᠶᠠᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ 《ᠨᠢᠭᠡ ᠵᠦᠢ᠍ᠯ᠎ᠤᠨ ᠬᠠᠢ ᠡᠯ ᠪᠸᠢ ᠺᠸ ᠰᠣᠷᠢᠨᠵᠢᠨ ᠴᠠᠭ᠋ᠠᠷᠢᠭ᠎ᠤᠨ ᠲᠤᠨᠤᠭᠯᠠᠭᠰᠠᠨ ᠤᠭᠰᠠᠷᠠᠭᠤᠯᠬᠤ ᠤᠷ᠎ᠠ ᠮᠡᠷᠭᠡᠵᠢᠯ》᠎ᠨᠢ ᠲᠤᠰᠬᠠᠶ ᠠᠰᠢᠭ᠎ᠤᠨ ᠰᠢᠯᠢᠳᠡᠭ ᠱᠠᠩᠨᠠᠯ᠎ᠢ ᠭᠥᠷᠳᠡᠪᠡ; ᠥᠪᠥᠷ ᠮᠣᠩᠭᠤᠯ᠎ᠤᠨ ᠮᠧᠩ ᠨᠢᠦ ᠰᠦ ᠵᠢᠨ ᠦᠢ᠍ᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠪᠣᠭᠤᠳᠠᠯ᠎ᠤᠨ ᠬᠠᠶ᠋ᠢᠷᠴᠠᠭ᠎ᠨᠢ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠰᠢᠯᠢᠳᠡᠭ ᠱᠠᠩᠨᠠᠯ᠎ᠢ ᠭᠥᠷᠳᠡᠵᠦ᠂ ᠮᠠᠨ᠎ᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶᠡᠨ᠎ᠳᠠᠬᠢ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠢᠯᠡᠷᠡᠭᠦᠯᠪᠡ᠃
ᠳᠤᠮᠳᠠᠳᠤ ᠤᠯᠤᠰ᠎ᠤᠨ ᠲᠤᠰᠬᠠᠢ ᠠᠰᠢᠭ᠎ᠤᠨ ᠱᠠᠩᠨᠠᠯ᠎ᠢ ᠳᠤᠮᠳᠠᠳᠤ ᠤᠯᠤᠰ᠎ᠤᠨ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠪᠠ ᠳᠡᠯᠡᠬᠡᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ᠎ᠠᠴᠠ ᠬᠠᠮᠲᠤ᠎ᠪᠠᠷ ᠭᠤᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠲᠤᠰᠬᠠᠢ ᠠᠰᠢᠭ᠎ᠤᠨ ᠡᠷᠬᠡ ᠣᠯᠭᠤᠭᠰᠠᠨ ᠡᠭᠦᠳᠦᠨ ᠪᠦᠲᠦᠭᠡᠯᠲᠡ᠎ᠳᠤ ᠲᠤᠰᠬᠠᠶ᠋ᠢᠯᠠᠨ ᠱᠠᠩᠨᠠᠯ ᠣᠯᠭᠤᠭᠰᠠᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠱᠠᠩᠨᠠᠯ ᠮᠥᠨ᠂ ᠪᠠᠰᠠ ᠴᠤ᠌ ᠳᠤᠮᠳᠠᠳᠤ ᠤᠯᠤᠰ᠎ᠤᠨ ᠲᠤᠰᠬᠠᠢ ᠠᠰᠢᠭ᠎ᠤᠨ ᠬᠦᠷᠢᠶᠡᠨ᠎ᠤ ᠬᠠᠮᠤᠭ᠎ᠤᠨ ᠳᠡᠭᠡᠳᠦ ᠢᠷᠠᠭᠤ ᠠᠯᠳᠠᠷ ᠮᠥᠨ᠃ ᠲᠣᠰ ᠤᠳᠠᠭ᠎ᠠ ᠮᠠᠨ᠎ᠤ ᠣᠷᠣᠨ᠎ᠤ ᠬᠤᠶᠠᠷ ᠲᠣᠮᠣ ᠰᠦ ᠵᠢᠨ ᠠᠵᠤ ᠠᠬᠤᠶ᠋ᠢᠯᠠᠯ᠎ᠤᠨ ᠬᠤᠶᠠᠷ ᠵᠦᠢ᠍ᠯ᠎ᠤᠨ ᠲᠤᠰᠬᠠᠶ ᠠᠰᠢᠭ᠎ᠨᠢ ᠴᠠᠭ᠋ᠠᠨ ᠢᠳᠡᠭᠡᠨ᠎ᠤ ᠠᠵᠢᠯ ᠲᠥᠷᠥᠯ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ᠎ᠢ ᠰᠢᠯᠢᠳᠡᠭᠵᠢᠭᠦᠯᠬᠦ᠂ ᠰᠢᠮ᠎ᠡ ᠲᠡᠵᠢᠭᠡᠯ ᠡᠷᠡᠭᠦᠯ ᠮᠡᠨᠳᠦ ᠵᠢᠨ ᠰᠢᠨ᠎ᠡ ᠵᠢ ᠡᠭᠦᠳᠬᠦ ᠵᠡᠷᠭᠡ ᠭᠤᠤᠯ ᠴᠢᠭᠯᠡᠯ᠎ᠢ ᠬᠠᠮᠤᠷᠴᠤ᠂ ᠠᠵᠢᠯ ᠲᠥᠷᠥᠯ᠎ᠤᠨ ᠮᠡᠷᠭᠡᠵᠢᠯ᠎ᠤᠨ ᠲᠠᠰ ᠳᠡᠪᠰᠢᠬᠦ ᠵᠢ ᠠᠬᠢᠭᠤᠯᠬᠤ ᠳᠤᠮᠳᠠᠬᠢ ᠠᠵᠤ ᠠᠬᠤᠶ᠋ᠢᠯᠠᠯ᠎ᠤᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠢᠯᠡᠷᠡᠭᠦᠯᠪᠡ᠃ ᠬᠣᠪᠣᠷ ᠰᠢᠷᠤᠢ ᠵᠢᠨ ᠲᠣᠭᠲᠠᠮᠠᠯ ᠰᠣᠷᠢᠨᠵᠢᠨ ᠮᠠᠲ᠋ᠧᠷᠢᠶᠠᠯ᠎ᠤᠨ ᠬᠦᠷᠢᠶᠡᠨ᠎ᠳᠠᠬᠢ ᠰᠢᠨ᠎ᠡ ᠵᠢ ᠡᠭᠦᠳᠦᠭᠰᠡᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠪᠤᠭᠤᠲᠤ ᠬᠣᠲᠠ ᠵᠢᠨ ᠶᠢᠩ ᠰᠧ ᠲᠧ ᠬᠣᠪᠣᠷ ᠰᠣᠷᠢᠨᠵᠢᠨ ᠰᠢᠨ᠎ᠡ ᠮᠠᠲ᠋ᠧᠷᠢᠶᠠᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠲᠤᠰᠬᠠᠢ ᠠᠰᠢᠭ᠎ᠨᠢ ᠬᠣᠪᠣᠷ ᠰᠢᠷᠤᠢ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠭᠯᠠᠬᠤ ᠪᠠ ᠰᠣᠷᠢᠨᠵᠢᠨ ᠮᠠᠲ᠋ᠧᠷᠢᠶᠠᠯ᠎ᠤᠨ ᠴᠢᠳᠠᠮᠵᠢ ᠵᠢ ᠳᠡᠭᠡᠭᠰᠢᠯᠡᠭᠦᠯᠬᠦ ᠮᠡᠷᠭᠡᠵᠢᠯ᠎ᠤᠨ ᠪᠡᠷᠬᠡ ᠠᠰᠠᠭᠤᠳᠠᠯ᠎ᠢ ᠰᠢᠢ᠍ᠳᠪᠦᠷᠢᠯᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠣᠶᠤᠨᠴᠢ ᠦᠢ᠍ᠯᠡᠳᠬᠦ ᠵᠡᠷᠭᠡ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠲᠤ ᠵᠠᠩᠭᠢᠯᠠᠭ᠎ᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠤᠯ ᠠᠵᠤ ᠦᠢ᠍ᠯᠡᠰ᠎ᠤᠨ ᠪᠦᠯᠦᠭᠯᠡᠯ ᠪᠠ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠲᠤᠰᠬᠠᠶ ᠠᠰᠢᠭ᠎ᠤᠨ ᠵᠠᠮᠴᠢᠯᠠᠭ᠎ᠠ + ᠥᠨᠳᠥᠷ ᠥᠷᠲᠡᠭ᠎ᠲᠠᠢ ᠲᠤᠰᠬᠠᠶ ᠠᠰᠢᠭ᠎ᠢ ᠪᠤᠶ᠋ᠢᠵᠢᠭᠤᠯᠬᠤ + ᠠᠵᠤ ᠦᠢ᠍ᠯᠡᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯᠯᠠᠭ᠋ᠠᠨ》᠎ᠤ ᠪᠥᠬᠦ ᠬᠡᠯᠬᠢᠶᠡᠨ᠎ᠤ ᠠᠵᠢᠯ᠎ᠤᠨ ᠰᠢᠰᠲ᠋ᠧᠮ᠎ᠢ ᠪᠠᠶ᠋ᠢᠭᠤᠯᠵᠤ᠂ ᠰᠦ ᠵᠢᠨ ᠦᠢ᠍ᠯᠡᠰ᠂ ᠬᠤᠪᠣᠷ ᠰᠢᠷᠣᠶ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠰᠢᠨ᠎ᠡ ᠵᠢ ᠡᠭᠦᠳᠬᠦ ᠬᠡᠯᠬᠢᠶ᠎ᠡ ᠬᠢᠭᠡᠳ ᠠᠵᠤ ᠦᠢ᠍ᠯᠡᠰ᠎ᠤᠨ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠨᠢᠭᠡ ᠪᠦᠯᠦᠭ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠥᠷᠢᠰᠥᠯᠳᠦᠬᠦ ᠬᠦᠴᠦᠨ᠎ᠲᠠᠢ ᠳᠠᠪᠠᠭᠤᠯᠢᠭ ᠠᠵᠤ ᠦᠢ᠍ᠯᠡᠰ᠎ᠢ ᠪᠦᠷᠢᠯᠳᠦᠭᠦᠯᠪᠡ᠃