ᠤᠯᠤᠰ᠎ᠤᠨ ᠠᠵᠢᠯᠲᠠᠨ᠎ᠤ ᠬᠠᠤᠯᠢ ᠰᠤᠷᠴᠤ ᠬᠠᠤᠯᠢ ᠬᠡᠷᠡᠭᠯᠡᠬᠦ ᠲᠦᠷᠢᠮ᠎ᠢ ᠭᠦᠨᠵᠡᠭᠡᠶ ᠲᠤᠭᠤᠰᠢᠯᠠᠭᠤᠯᠵᠤ᠂ 《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ 〈ᠵᠢᠷᠭᠤᠭ᠋ᠠᠨ ᠨᠢᠭᠡ〉 ᠵᠢᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 3᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠬᠤᠯᠪᠣᠭᠳᠠᠯ ᠪᠥᠬᠦᠶ ᠭᠠᠵᠠᠷ ᠠᠯᠪᠠᠨ ᠬᠡᠷ᠂ ᠨᠢᠭᠡᠴᠢ ᠵᠢᠨ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠢ ᠵᠣᠬᠢᠶᠠᠨ ᠪᠠᠶ᠋ᠢᠭᠤᠯᠵᠤ ᠬᠥᠬᠡᠬᠤᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠤᠷᠢᠶ᠎ᠠ᠎ᠳᠤ ᠣᠴᠢᠭᠤᠯᠤᠨ ᠲᠢᠩᠬᠢᠮ᠎ᠤᠨ ᠰᠢᠭᠦᠯᠲᠡ ᠵᠢ ᠰᠤᠯᠠ ᠰᠣᠨᠣᠰᠬᠤ ᠠᠵᠢᠯᠯᠠᠭ᠎ᠠ ᠥᠷᠨᠢᠭᠦᠯᠪᠡ᠃
ᠲᠥᠪ ᠴᠢᠩᠭ᠎ᠠ ᠰᠢᠭᠦᠬᠦ ᠲᠢᠩᠬᠢᠮ᠎ᠳᠤ᠂ ᠪᠦᠬᠦ ᠠᠵᠢᠯᠲᠠᠳ ᠨᠢᠭᠡ ᠤᠳᠠᠭ᠋ᠠᠨ᠎ᠤ ᠵᠠᠰᠠᠭ ᠵᠠᠬᠢᠷᠭ᠋ᠠᠨ᠎ᠤ ᠵᠠᠷᠭᠤ ᠵᠢᠨ ᠬᠡᠷᠡᠭ᠎ᠢ ᠰᠢᠭᠦᠬᠦ ᠶᠠᠪᠤᠴᠠ ᠵᠢ ᠪᠦᠬᠦ ᠶᠠᠪᠤᠴᠠ᠎ᠪᠠᠷ ᠲᠣᠭᠤᠷᠢᠨ ᠦᠵᠡᠪᠡ᠃ ᠲᠢᠩᠬᠢᠮ᠎ᠤᠨ ᠰᠢᠭᠦᠯᠲᠡ᠎ᠳᠤ᠂ ᠬᠠᠮᠲᠤᠷᠠᠨ ᠵᠥᠪᠯᠡᠬᠦ ᠲᠢᠩᠬᠢᠮ᠎ᠨᠢ ᠬᠠᠤᠯᠢ᠎ᠳᠤ ᠲᠣᠭᠲᠠᠭ᠋ᠠᠭᠰᠠᠨ ᠵᠢᠷᠤᠮ᠎ᠢ ᠴᠢᠩᠭ᠎ᠠ ᠵᠢᠷᠤᠮᠯᠠᠨ᠂ ᠰᠢᠭᠦᠬᠦ ᠲᠢᠩᠬᠢᠮ᠎ᠤᠨ ᠪᠠᠶ᠋ᠢᠴᠠᠭ᠋ᠠᠯᠲᠠ᠂ ᠭᠡᠷᠡᠴᠢ ᠭᠠᠷᠭ᠋ᠠᠵᠤ ᠭᠡᠷᠡᠴᠢ ᠠᠪᠬᠤ᠂ ᠰᠢᠭᠦᠬᠦ ᠲᠢᠩᠬᠢᠮ᠎ᠤᠨ ᠮᠠᠷᠭᠤᠯᠳᠤᠭ᠋ᠠᠨ ᠵᠡᠷᠭᠡ ᠭᠤᠭᠴᠤᠭ᠎ᠠ ᠵᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ᠎ᠪᠠᠷ ᠵᠣᠬᠢᠶᠠᠨ ᠪᠠᠶ᠋ᠢᠭᠤᠯᠵᠤ ᠥᠷᠨᠢᠭᠦᠯᠪᠡ᠃ ᠵᠠᠷᠭᠤ ᠵᠢᠨ ᠬᠤᠶᠠᠷ ᠲᠠᠯ᠎ᠠ᠎ᠪᠠᠷ ᠵᠶ᠋ᠠᠨ ᠬᠡᠷᠡᠭ᠎ᠤᠨ ᠮᠠᠷᠭᠤᠯᠳᠤᠭ᠋ᠠᠨ᠎ᠤ ᠲᠥᠪᠯᠡᠷᠡᠯ᠎ᠤᠨ ᠴᠡᠭ᠎ᠤᠨ ᠲᠣᠭᠤᠷᠢᠨ᠎ᠳᠤ᠂ ᠪᠣᠳᠠᠲᠤ ᠬᠡᠷᠡᠭ᠎ᠢ ᠮᠠᠭ᠋ᠠᠳᠯᠠᠨ ᠲᠣᠭᠲᠠᠭ᠋ᠠᠬᠤ᠂ ᠭᠡᠷᠡᠴᠢ ᠪᠠᠷᠢᠮᠲᠠ ᠵᠢ ᠦᠨᠡᠮᠰᠢᠬᠦ᠂ ᠬᠠᠤᠯᠢ ᠴᠠᠭ᠋ᠠᠵᠠ ᠵᠢ ᠬᠡᠷᠡᠭᠯᠡᠬᠦ ᠵᠡᠷᠭᠡ ᠵᠠᠩᠭᠢᠯᠠᠭ᠎ᠠ ᠵᠢᠨ ᠠᠰᠠᠭᠤᠳᠠᠯ᠎ᠤᠨ ᠲᠤᠬᠠᠢ ᠭᠦᠢ᠍ᠴᠡᠳ ᠮᠠᠷᠭᠤᠯᠳᠤᠭ᠋ᠠᠨ ᠶᠠᠪᠤᠭᠤᠯᠪᠠ᠃ ᠲᠢᠩᠬᠢᠮ᠎ᠤᠨ ᠰᠢᠭᠦᠯᠲᠡ ᠵᠢᠨ ᠪᠦᠬᠦ᠋ᠢ᠍ᠯᠡ ᠶᠠᠪᠤᠴᠠ᠎ᠨᠢ ᠴᠢᠩᠭ᠎ᠠ ᠨᠢᠮᠪᠠᠶ ᠵᠢᠷᠤᠮᠵᠢᠵᠤ᠂ ᠬᠠᠤᠯᠢ ᠴᠠᠭ᠋ᠠᠵᠠ ᠵᠢᠨ ᠡᠷᠬᠡ ᠰᠦᠷ᠎ᠢ ᠢᠯᠡᠷᠡᠭᠦᠯᠦᠭᠰᠡᠨ ᠮᠥᠷᠲᠡᠭᠡᠨ ᠪᠠᠰᠠ ᠲᠤᠬᠠᠶ ᠵᠢᠨ ᠬᠥᠮᠦᠨ᠎ᠤ ᠵᠠᠷᠭᠤᠯᠳᠤᠬᠤ ᠡᠷᠬᠡ ᠵᠢ ᠦᠨᠡᠨ ᠬᠦ᠌ ᠪᠠᠲᠤᠯᠠᠪᠠ᠃
ᠲᠢᠩᠬᠢᠮ᠎ᠤᠨ ᠰᠢᠭᠦᠯᠲᠡ ᠳᠠᠭᠤᠰᠤᠭᠰᠠᠨ᠎ᠤ ᠳᠠᠷᠠᠭ᠎ᠠ᠂ ᠣᠯᠠᠨ ᠵᠶ᠋ᠠᠷ ᠵᠶ᠋ᠠᠨ᠂ 《ᠵᠢᠪᠦᠮᠡᠯ ᠮᠠᠶᠢᠭ》᠎ᠤᠨ ᠲᠣᠭᠤᠷᠢᠨ ᠦᠵᠡᠬᠦ ᠲᠢᠩᠬᠢᠮ᠎ᠤᠨ ᠰᠢᠭᠦᠯᠲᠡ ᠵᠢᠨ ᠲᠤᠬᠠᠶ ᠵᠢᠨ ᠲᠠᠯᠠᠪᠤᠷ ᠵᠶ᠋ᠠᠷ ᠳᠠᠮᠵᠢᠭᠤᠯᠤᠨ᠂ ᠰᠢᠭᠦᠨ ᠲᠠᠰᠤᠯᠬᠤ ᠠᠭᠤᠷ ᠠᠮᠢᠰᠬᠤᠯ᠎ᠢ ᠪᠡᠶᠡᠴᠢᠯᠡᠨ ᠣᠶ᠋ᠢᠯᠠᠭ᠋ᠠᠵᠤ᠂ 《ᠵᠠᠶ ᠥᠬᠡᠶ》 ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠ ᠬᠠᠤᠯᠢ᠎ᠪᠠᠷ ᠵᠠᠰᠠᠬᠤ ᠬᠥᠮᠦᠵᠢᠯ᠎ᠢ ᠭᠥᠷᠳᠡᠵᠦ᠂ ᠬᠠᠤᠯᠢ ᠬᠡᠷᠡᠭᠵᠢᠭᠦᠯᠬᠦ ᠠᠵᠢᠯ᠎ᠳᠤ ᠨᠠᠩ ᠭᠦᠨᠵᠡᠭᠡᠶ ᠲᠠᠨᠢᠯᠲᠠ᠎ᠲᠠᠢ ᠪᠣᠯᠤᠭᠰᠠᠨ ᠵᠶ᠋ᠠᠷ ᠪᠠᠷᠠᠬᠤ ᠥᠬᠡᠶ᠂ ᠬᠠᠤᠯᠢ ᠴᠠᠭ᠋ᠠᠵᠠ ᠵᠢᠨ ᠲᠥᠪ ᠭᠤᠤᠯᠴᠢ ᠴᠢᠨᠠᠷ ᠪᠠ ᠲᠥᠪ ᠭᠤᠤᠯᠴᠢ ᠴᠢᠨᠠᠷ᠎ᠢ ᠨᠠᠩ ᠪᠡᠶ᠎ᠡ᠎ᠪᠠᠷ ᠵᠶ᠋ᠠᠨ ᠰᠡᠷᠡᠵᠦ ᠮᠡᠳᠡᠵᠡᠢ ᠭᠡᠵᠦ ᠢᠯᠡᠳᠬᠡᠵᠡᠭᠡᠪᠡ᠃ ᠬᠤᠶ᠋ᠢᠰᠢᠳᠠ ᠵᠢᠨ ᠠᠵᠢᠯ᠎ᠤᠨ ᠳᠤᠮᠳᠠ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ᠂ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠡᠷᠬᠡ᠎ᠪᠠᠨ ᠭᠤᠣᠯᠴᠢ᠎ᠪᠠᠷ ᠬᠡᠷᠡᠭᠯᠡᠬᠦ ᠵᠢ ᠡᠷᠡᠰ ᠪᠡᠶᠡᠯᠡᠭᠦᠯᠵᠦ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠪᠣᠳᠠᠲᠤ ᠠᠵᠢᠯᠯᠠᠭ᠎ᠠ᠎ᠪᠠᠷ ᠵᠶ᠋ᠠᠨ ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠪᠣᠯᠤᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠤᠨ᠎ᠠ᠃