ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠲᠦᠷᠦᠭᠦᠬᠡᠨ 2025 ᠣᠨ᠎ᠤ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ ᠪᠠ ᠬᠦᠷᠢᠶᠡᠯᠡᠩ ᠲᠣᠭᠤᠷᠢᠭ᠎ᠤᠨ ᠨᠡᠷᠡᠰ᠎ᠢ ᠨᠡᠶ᠋ᠢᠲᠡᠯᠡᠪᠡ᠂ ᠡᠭᠦᠨ᠎ᠳᠤ ᠤᠰᠤ ᠠᠷᠪᠢᠯᠠᠬᠤ ᠬᠡᠪ ᠳᠠᠭᠤᠷᠢᠶᠠᠯ᠎ᠤᠨ ᠠᠵᠤ ᠠᠬᠤᠶ᠋ᠢᠯᠠᠯ 8᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ 91᠂ ᠤᠰᠤ ᠠᠷᠪᠢᠯᠠᠬᠤ ᠬᠡᠯᠪᠡᠷᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ 12 ᠪᠣᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ ᠬᠠᠮᠲᠤᠷᠠᠨ 2025 ᠣᠨ᠎ᠤ ᠤᠰᠤ ᠠᠷᠪᠢᠯᠠᠬᠤ ᠬᠡᠪ ᠳᠠᠭᠤᠷᠢᠶᠠᠯ᠎ᠤᠨ ᠠᠵᠤ ᠠᠬᠤᠶ᠋ᠢᠯᠠᠯ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ ᠵᠢᠴᠢ ᠤᠰᠤ ᠠᠷᠪᠢᠯᠠᠬᠤ ᠬᠡᠯᠪᠡᠷᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠡᠭᠦᠳᠦᠨ ᠪᠠᠶ᠋ᠢᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠦᠢ᠍ᠯᠡᠳᠬᠦ ᠦᠢ᠍ᠯᠡᠰ᠎ᠤᠨ ᠬᠦᠷᠢᠶᠡᠨ᠎ᠳᠠᠬᠢ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠢ ᠲᠦᠷᠭᠡᠳᠬᠡᠨ ᠠᠬᠢᠭᠤᠯᠤᠨ᠎ᠠ᠃ ᠥᠪᠥᠷ ᠮᠣᠩᠭᠤᠯ᠂ ᠨᠢᠭᠡᠴᠢ ᠤᠰᠤ ᠠᠷᠪᠢᠯᠠᠬᠤ ᠬᠡᠪ ᠳᠠᠭᠤᠷᠢᠶᠠᠯ᠎ᠤᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠵᠤ᠂ ᠤᠰᠤ ᠬᠡᠷᠡᠭᠯᠡᠬᠦ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠤᠰᠤ ᠠᠷᠪᠢᠯᠠᠬᠤ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠦᠨ᠂ ᠲᠡᠷᠢᠭᠦᠨ᠎ᠤ ᠤᠰᠤ ᠠᠷᠪᠢᠯᠠᠬᠤ ᠤᠷ᠎ᠠ ᠮᠡᠷᠭᠡᠵᠢᠯ᠎ᠤᠨ ᠮᠡᠷᠭᠡᠵᠢᠯ ᠪᠠ ᠲᠣᠨᠤᠭ ᠲᠥᠬᠦᠭᠡᠷᠦᠮᠵᠢ ᠵᠢ ᠢᠳᠡᠪᠬᠢᠲᠡᠶ ᠳᠡᠯᠭᠡᠷᠡᠭᠦᠯᠦᠨ ᠬᠡᠷᠡᠭᠯᠡᠵᠦ᠂ ᠠᠵᠢᠯ ᠲᠥᠷᠥᠯ᠎ᠤᠨ ᠳᠡᠭᠡᠳᠦ ᠳᠣᠤᠷᠠᠳᠤ ᠤᠷᠤᠰᠬᠠᠯ᠎ᠤᠨ ᠠᠵᠤ ᠠᠬᠤᠶ᠋ᠢᠯᠠᠯ᠎ᠤᠨ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠬᠠᠮᠲᠤ᠎ᠪᠠᠷ ᠳᠡᠭᠡᠭᠰᠢᠯᠡᠭᠦᠯᠬᠦ ᠵᠢ ᠳᠠᠶ᠋ᠢᠴᠢᠯᠠᠨ᠂ ᠤᠰᠤ ᠠᠷᠪᠢᠯᠠᠬᠤ᠂ ᠤᠰᠤ ᠵᠢ ᠨᠠᠨᠳᠢᠩᠨᠠᠬᠤ᠂ ᠤᠰᠤ ᠵᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ; ᠡᠯ᠎ᠡ ᠠᠶ᠋ᠢᠮᠠᠭ ᠬᠤᠲᠠ ᠤᠰᠤ ᠠᠷᠪᠢᠯᠠᠬᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠤᠬᠠᠭᠤᠯᠤᠨ ᠳᠡᠯᠭᠡᠷᠡᠭᠦᠯᠬᠦ ᠠᠵᠢᠯ᠎ᠢ ᠭᠦᠨᠵᠡᠭᠡᠶ ᠥᠷᠨᠢᠭᠦᠯᠵᠦ᠂ ᠠᠵᠤ ᠠᠬᠤᠶ᠋ᠢᠯᠠᠯ᠎ᠤᠨ ᠤᠰᠤ ᠠᠷᠪᠢᠯᠠᠬᠤ ᠮᠡᠷᠭᠡᠵᠢᠯ᠎ᠤᠨ ᠰᠢᠨ᠎ᠡ ᠵᠢ ᠡᠭᠦᠳᠬᠦ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠬᠤ ᠵᠢ ᠵᠣᠷᠢᠭᠵᠢᠭᠤᠯᠵᠤ᠂ ᠦᠢ᠍ᠯᠡᠳᠬᠦᠨ᠎ᠤ ᠤᠰᠤᠨ᠎ᠤ ᠠᠰᠢᠭᠯᠠᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠴᠢᠩᠭ᠋ᠠᠷᠠᠭᠤᠯᠵᠤ᠂ ᠤᠰᠤ ᠠᠷᠪᠢᠯᠠᠬᠤ ᠠᠵᠤ ᠦᠢ᠍ᠯᠡᠰ᠎ᠤᠨ ᠮᠡᠷᠭᠡᠵᠢᠯ᠎ᠤᠨ ᠲᠠᠰ ᠳᠡᠪᠰᠢᠬᠦ ᠵᠢ ᠠᠬᠢᠭᠤᠯᠵᠤ᠂ ᠦᠢ᠍ᠯᠡᠳᠬᠦ ᠦᠢ᠍ᠯᠡᠰ᠎ᠤᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠣᠶ᠋ᠢᠯᠠᠭ᠋ᠠᠭᠰᠠᠨ ᠵᠶ᠋ᠠᠷ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ ᠵᠢᠴᠢ ᠤᠰᠤ ᠠᠷᠪᠢᠯᠠᠬᠤ ᠬᠡᠯᠪᠡᠷᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠡᠭᠦᠳᠦᠨ ᠪᠠᠶ᠋ᠢᠭᠤᠯᠬᠤ ᠲᠥᠰᠦᠯ᠎ᠤᠨ ᠬᠠᠮᠢᠶ᠎ᠠ ᠪᠥᠬᠦᠶ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠤᠯ᠎ᠤᠨ ᠡᠯ᠎ᠡ ᠠᠶ᠋ᠢᠮᠠᠭ ᠬᠤᠲᠠ ᠡᠨᠡ ᠵᠢᠯ᠎ᠤᠨ ᠡᠴᠦᠰ᠎ᠠᠴᠠ ᠡᠮᠦᠨ᠎ᠡ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠡᠭᠦᠳᠦᠨ ᠪᠠᠶ᠋ᠢᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ ᠵᠢᠴᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠢ ᠳᠠᠬᠢᠨ ᠬᠢᠨᠠᠬᠤ ᠠᠵᠢᠯ᠎ᠢ ᠪᠡᠶᠡᠯᠡᠭᠦᠯᠦᠨ᠎ᠡ᠃