ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 《ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠬᠥᠳᠡᠭᠡ ᠲᠤᠰᠬᠤᠨ ᠮᠠᠯᠵᠢᠬᠤ ᠣᠷᠣᠨ᠎ᠤ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢ ᠤᠷᠲᠤᠳᠬᠠᠬᠤ ᠵᠢ ᠠᠬᠢᠭᠤᠯᠬᠤ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠵᠠᠩ ᠶᠠᠨ ᠺᠦᠨ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2025-06-12

  6 ᠰᠠᠷ᠎ᠠ ᠵᠢᠨ 11᠎ᠤ  ᠡᠳᠦᠷ ᠂  ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ 《  ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠬᠥᠳᠡᠭᠡ ᠲᠣᠰᠬᠣᠨ ᠮᠠᠯᠵᠢᠬᠤ ᠣᠷᠣᠨ᠎ᠤ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢ ᠤᠷᠲᠤᠳᠬᠠᠬᠤ ᠵᠢ ᠠᠬᠢᠭᠤᠯᠬᠤ 》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠃

   ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠳᠠᠢ᠌ᠴᠢᠨ ᠪᠠᠢ᠌ᠳᠠᠯ᠎ᠤᠨ ᠮᠡᠳᠡᠭᠦᠯᠦᠯᠲᠡ ᠬᠢᠵᠦ ᠂  ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠵᠠᠩ ᠯᠧᠢ ᠬᠤᠷᠠᠯ᠎ᠢ ᠡᠷᠭᠢᠯᠡᠵᠦ ᠂  ᠨᠠᠷᠢᠨ ᠪᠢᠴᠢᠭ᠎ᠤᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ ᠃

   ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠲᠠᠷᠢᠶᠠᠯᠠᠩ ᠮᠠᠯ ᠠᠵᠤ ᠠᠬᠤᠢ ᠵᠢᠨ ᠵᠥᠪᠯᠡᠯ᠎ᠤᠨ ᠬᠣᠯᠪᠣᠭᠳᠠᠯ ᠪᠦᠬᠦᠢ ᠨᠥᠬᠥᠳ ᠪᠠᠢ᠌ᠴᠠᠭ᠋ᠠᠨ ᠰᠤᠳᠤᠯᠤᠯᠲᠠ ᠵᠢᠨ ᠪᠠᠢ᠌ᠳᠠᠯ᠎ᠢ ᠲᠠᠨᠢᠯᠴᠠᠭᠤᠯᠵᠤ ᠂  ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠂  ᠣᠶᠤᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ ᠂  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠣᠯᠣᠨ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠤ ᠺᠠᠳ᠋ᠷ ᠭᠦᠢ᠍ᠴᠡᠳ ᠵᠥᠪᠯᠡᠯᠭᠡ ᠬᠢᠪᠡ ᠃

   ᠬᠤᠷᠠᠯ᠎ᠠᠴᠠ ᠪᠦᠭᠦ ᠣᠷᠣᠨ᠎ᠤ ᠡᠯ᠎ᠡ ᠱᠠᠲᠤᠨ᠎ᠤ ᠤᠯᠤᠰ ᠲᠥᠷᠥ ᠵᠢᠨ ᠵᠥᠪᠯᠡᠯᠭᠡᠨ᠎ᠤ ᠵᠣᠬᠢᠶᠠᠨ ᠪᠠᠢ᠌ᠭᠤᠯᠤᠯᠲᠠ ᠂  ᠥᠷᠭᠡᠨ ᠣᠯᠠᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠶᠡᠷᠦᠩᠬᠡᠢ ᠱᠦᠵᠢ ᠰᠢ ᠵᠢᠨ ᠫᠢᠩ᠎ᠤᠨ ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠥᠭᠦᠯᠡᠯᠲᠡ ᠪᠣᠯᠣᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ ᠂  ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢ  ᠤᠷᠲᠤᠳᠬᠠᠬᠤ ᠠᠵᠢᠯ᠎ᠤᠨ ᠵᠠᠷᠴᠢᠮ ᠪᠣᠯᠣᠨ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠵᠥᠪ ᠣᠨᠣᠪᠴᠢᠳᠠᠢ ᠡᠵᠡᠮᠳᠡᠵᠦ ᠂  ᠭᠣᠣᠯᠳᠠᠯᠭ᠎ᠠ᠎ᠲᠠᠢ ᠠᠰᠠᠭᠤᠳᠠᠯ ᠂  ᠮᠠᠯᠴᠢᠨ ᠲᠠᠷᠢᠶᠠᠴᠢᠨ᠎ᠤ ᠬᠠᠯᠠᠮᠵᠢᠯᠠᠨ ᠠᠩᠬᠠᠷᠴᠤ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠤ ᠂  ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ ᠂  ᠮᠠᠨ᠎ᠤ ᠣᠷᠣᠨ᠎ᠤ ᠬᠥᠳᠡᠭᠡ ᠲᠤᠰᠬᠤᠨ ᠮᠠᠯᠵᠢᠬᠤ ᠣᠷᠣᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠂  ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠳᠤᠷᠠᠳᠪᠠ ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠨᠢᠩᠴᠧᠩ ᠰᠢᠶᠠᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ
ᠡᠨᠡ ᠵᠢᠯ᠎ᠤᠨ ᠨᠢᠭᠡᠳᠦᠭᠡᠷ ᠨᠣᠮᠧᠷᠲᠤ ᠲᠠᠶ᠋ᠢᠹᠧᠩ ᠰᠠᠯᠬᠢ 《ᠡᠷᠪᠡᠬᠡᠶ》 ᠡᠭᠦᠰᠪᠡ ᠤᠰᠤᠨ ᠠᠰᠢᠭᠯᠠᠯᠲᠠ ᠵᠢᠨ ᠶᠠᠮᠤᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠣ ᠠᠵᠢᠯᠯᠠᠭ᠎ᠠ ᠵᠢ ᠡᠬᠢᠯᠡᠭᠦᠯᠵᠡᠶ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 2025 ᠣᠨ᠎ᠤ ᠵᠣᠨ᠎ᠤ ᠦᠶᠡᠷ᠎ᠤᠨ ᠬᠤᠭᠤᠴᠠᠭ᠋ᠠᠨ᠎ᠳᠤ ᠣᠷᠣᠪᠠ
ᠪᠦᠬᠦ ᠤᠯᠤᠰ᠎ᠲᠤ ᠲᠦᠷᠦᠭᠦᠯᠡᠪᠡ! ᠥᠪᠥᠷ ᠮᠣᠩᠭᠤᠯ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶᠡᠵᠢᠯ 1.4 ᠳ᠋ᠦᠩᠰᠢᠭᠤᠷ ᠺᠢᠯᠤᠸᠠᠲ᠎ᠢ ᠳᠠᠪᠠᠪᠠ
 
            