ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠬᠯᠠᠯᠲᠠ ᠵᠢᠨ ᠶᠠᠮᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠲᠤᠰᠬᠠᠢ ᠰᠡᠳᠦᠪ ᠵᠶ᠋ᠠᠷ ᠵᠥᠪᠳᠡᠯᠴᠡᠨ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2025-06-05

  6 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠦᠳᠡ ᠵᠢᠨ ᠡᠮᠦᠨ᠎ᠡ᠂ ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠤᠭᠤᠳᠤᠭᠴᠢ ᠵᠢᠨ ᠶᠠᠮᠤᠨ᠎ᠤ ᠳᠡᠳ᠋ ᠶᠡᠷᠦᠩᠬᠡᠶ ᠵᠢᠯᠣᠭᠤᠳᠣᠭᠴᠢ᠂ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠨᠡᠶ᠋ᠢᠭᠡᠮᠯᠢᠭ᠎ᠤᠨ ᠬᠤᠳᠠᠯᠳᠤᠭ᠋ᠠᠴᠢᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠸᠢᠳᠢᠤ᠋᠎ᠪᠠᠷ ᠤᠰᠤᠨ ᠠᠰᠢᠭᠯᠠᠯᠲᠠ ᠵᠢᠨ ᠶᠠᠮᠤᠨ᠎ᠤ ᠬᠥᠬᠡᠮᠥ᠋ᠷᠡᠨ᠂ ᠬᠠᠲᠤᠨ ᠭᠤᠤᠯ᠂ ᠬᠤᠸᠠᠢ᠌ᠾᠸ᠂ ᠬᠠᠢ᠌ᠾᠸ᠂ ᠵᠦᠵᠢᠶᠠᠩ ᠮᠥᠷᠡᠨ᠂ ᠰᠤᠩᠭ᠋ᠠᠷᠢ ᠮᠥᠷᠡᠨ ᠪᠤᠯᠤᠨ ᠯᠢᠶᠤᠤᠾᠸ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ ᠪᠠ᠎ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠲᠣᠪᠴᠢᠶ᠎ᠠ᠎ᠲᠠᠢ ᠬᠤᠯᠪᠣᠵᠤ᠂ ᠶᠡᠷᠦᠩᠬᠡᠶ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠭᠤᠤᠯ ᠦᠶᠡᠷ᠎ᠤᠨ ᠬᠤᠭᠤᠴᠠᠭ᠎ᠠ ᠵᠢᠴᠢ ᠢᠷᠡᠬᠦ ᠠᠷᠪᠠᠨ ᠡᠳᠦᠷ᠎ᠤᠨ ᠦᠶᠡᠷ᠎ᠤᠨ ᠪᠠᠶ᠋ᠢᠳᠠᠯ ᠭᠠᠩ ᠬᠠᠭᠰᠠᠷᠠᠭ᠋ᠠᠨ᠎ᠤ ᠪᠠᠶ᠋ᠢᠳᠠᠯ ᠪᠣᠯᠤᠨ ᠬᠥᠭᠵᠢᠯᠲᠡ ᠵᠢᠨ ᠪᠠᠶ᠋ᠢᠳᠠᠯ᠎ᠢ ᠵᠠᠳᠠᠯᠤᠨ ᠰᠤᠳᠤᠯᠵᠤ ᠮᠠᠭ᠋ᠠᠳᠯᠠᠪᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠳᠡᠳ᠋ ᠰᠠᠶ᠋ᠢᠳ᠂ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠠᠩ ᠳ᠋ᠤᠤ ᠰᠢ᠂ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠠᠩ ᠪᠦᠦ ᠧᠨ᠂ ᠤᠰᠤᠨ ᠠᠰᠢᠭᠯᠠᠯᠲᠠ ᠵᠢᠨ ᠶᠠᠮᠤᠨ᠎ᠤ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ᠎ᠤᠨ ᠡᠷᠬᠢᠯᠡᠭᠴᠢ ᠯᠢᠦ ᠳ᠋ᠦᠩ ᠱᠦᠨ᠂ ᠤᠰᠤᠨ ᠠᠰᠢᠭᠯᠠᠯᠲᠠ ᠵᠢᠨ ᠶᠠᠮᠤᠨ᠎ᠤ ᠬᠠᠲᠤᠨ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠡᠷᠬᠢᠯᠡᠭᠴᠢ ᠽᠦ᠍ ᠯᠸᠢ ᠮᠢᠩ ᠵᠥᠪᠳᠡᠯᠴᠡᠬᠦ᠎ᠳᠤ ᠣᠷᠣᠯᠴᠠᠪᠠ᠃

   ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠭᠤᠣᠯ ᠦᠶᠡᠷ᠎ᠤᠨ ᠬᠤᠭᠤᠴᠠᠭ᠎ᠠ (6 — 8        ᠰᠠᠷ᠎ᠠ)᠎ᠳᠤ᠂ ᠮᠠᠨ᠎ᠤ ᠤᠯᠤᠰ᠎ᠤᠨ ᠣᠷᠣᠨ ᠪᠦᠰᠡ ᠵᠢᠨ ᠴᠢᠨᠠᠷᠲᠠᠶ ᠱᠠᠲᠤ ᠦᠶ᠎ᠡ ᠵᠢᠨ ᠴᠢᠨᠠᠷᠲᠠᠶ ᠭᠠᠩ ᠭᠠᠮᠰᠢᠭ ᠢᠯᠡᠳᠲᠡ ᠪᠠᠶ᠋ᠢᠵᠤ᠂ ᠤᠮᠠᠷᠠᠲᠤ ᠣᠷᠣᠨ᠎ᠤ ᠦᠶᠡᠷ ᠤᠰᠤᠲᠤᠯ ᠬᠦᠨᠳᠦ ᠪᠠᠶ᠋ᠢᠵᠤ ᠮᠡᠳᠡᠨ᠎ᠡ᠂ ᠲᠦᠢ᠍ᠯ᠎ᠤᠨ ᠰᠢᠷᠦᠭᠦᠨ ᠪᠣᠷᠣᠭ᠋ᠠᠨ ᠦᠶᠡᠷ ᠤᠰᠤᠲᠤᠯ᠎ᠤᠨ ᠬᠡᠷᠡᠭ ᠤᠯᠠᠨ ᠡᠭᠦᠰᠬᠦ ᠬᠠᠨᠳᠤᠰᠢ᠎ᠲᠠᠢ ᠪᠣᠯᠵᠤ ᠪᠠᠶ᠋ᠢᠨ᠎ᠠ᠃ ᠢᠷᠡᠬᠦ ᠠᠷᠪᠠᠨ ᠡᠳᠦᠷ᠎ᠲᠤ᠂ ᠬᠥᠬᠡᠮᠦᠢ᠍ᠷᠡᠨ᠎ᠤ ᠰᠠᠪᠠ ᠭᠠᠵᠠᠷ᠂ ᠬᠤᠪᠧᠶ ᠵᠢᠨ ᠵᠡᠭᠦᠨ ᠬᠣᠶ᠋ᠢᠲᠤ ᠵᠢᠨ ᠡᠯ᠎ᠡ ᠭᠣᠣᠯ᠂ ᠫᠦᠸᠧ ᠶᠠᠩ ᠬᠣ᠌ ᠨᠠᠭᠤᠷ᠎ᠤᠨ ᠤᠰᠤᠨ ᠰᠢᠰᠲ᠋ᠧᠮ᠂ ᠵᠦᠵᠢᠶᠠᠩ ᠮᠥᠷᠡᠨ᠎ᠤ ᠰᠠᠪᠠ ᠭᠠᠵᠠᠷ᠎ᠤᠨ ᠰᠢᠵᠢᠶᠠᠩ ᠵᠢᠴᠢ ᠰᠠᠯᠪᠤᠷᠢ ᠤᠷᠤᠰᠬᠠᠯ᠎ᠤᠨ ᠢᠤᠢ ᠵᠢᠶᠠᠩ᠂ ᠵᠧᠵᠢᠶᠠᠩ ᠹᠦᠵᠢᠶᠠᠨ ᠭᠠᠵᠠᠷ ᠣᠷᠣᠨ᠎ᠤ ᠴᠢᠶᠠᠨ ᠲᠠᠩ ᠵᠢᠶᠠᠩ ᠵᠢᠴᠢ ᠰᠠᠯᠪᠤᠷᠢ ᠤᠷᠤᠰᠬᠠᠯ ᠰᠢᠨ ᠠᠨ ᠵᠢᠶᠠᠩ᠂ ᠬᠤᠸᠠᠢ᠌ᠾᠸ ᠭᠣᠣᠯ᠎ᠤᠨ ᠭᠣᠣᠯ ᠤᠷᠤᠰᠬᠠᠯ ᠵᠢᠴᠢ ᠰᠠᠯᠪᠤᠷᠢ ᠤᠷᠤᠰᠬᠠᠯ᠎ᠤᠨ ᠫᠢ ᠡᠾᠸ ᠭᠤᠤᠯ᠂ ᠬᠠᠢ᠌ᠾᠸ ᠭᠣᠣᠯ᠎ᠤᠨ ᠰᠠᠪᠠ ᠭᠠᠵᠠᠷ᠎ᠤᠨ ᠴᠤᠤ ᠪᠠᠢ ᠡᠾᠸ ᠭᠤᠤᠯ᠂ ᠰᠤᠩᠭ᠋ᠠᠷᠢ ᠮᠥᠷᠡᠨ ᠪᠤᠯᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠨᠸᠨᠵᠢᠶᠠᠩ ᠵᠡᠷᠭᠡ ᠭᠠᠵᠠᠷ ᠣᠷᠣᠨ᠎ᠳᠤ ᠤᠰᠤ ᠦᠰᠬᠦ ᠶᠠᠪᠤᠴᠠ ᠢᠯᠡᠷᠡᠨ᠎ᠡ; ᠪᠦᠲᠦᠮᠵᠢᠲᠡᠶ ᠪᠣᠷᠣᠭ᠋ᠠᠨ ᠳᠤᠲᠠᠭᠳᠠᠬᠤ᠎ᠠᠴᠠ ᠪᠣᠯᠵᠣ᠂ ᠡᠮᠦᠨᠡᠬᠢ ᠬᠤᠭᠤᠴᠠᠭ᠋ᠠᠨ᠎ᠳᠤ ᠭᠠᠩ ᠬᠠᠭᠤᠷᠠᠶ ᠪᠣᠷᠣᠭ᠋ᠠᠨ ᠪᠠᠭ᠎ᠠ ᠬᠤᠪᠧᠶ᠂ ᠰᠧᠴᠣᠸᠠᠨ᠂ ᠱᠠᠨᠰᠢ᠂ ᠾᠧᠨᠠᠨ᠂ ᠭᠠᠨᠰᠦ᠂ ᠨᠢᠩᠰᠢᠶᠠ᠂ ᠥᠪᠥᠷ ᠮᠣᠩᠭᠤᠯ ᠵᠡᠷᠭᠡ ᠭᠠᠵᠠᠷ᠎ᠤᠨ ᠭᠠᠩ ᠬᠠᠭᠰᠠᠷᠠᠭ᠋ᠠᠨ᠎ᠤ ᠪᠠᠶ᠋ᠢᠳᠠᠯ ᠦᠷᠭᠦᠯᠵᠢᠯᠡᠵᠦ ᠮᠡᠳᠡᠨ᠎ᠡ᠃

   ᠯᠢ ᠭᠦᠸᠧ ᠶᠢᠩ᠂ ᠶᠡᠷᠦᠩᠬᠡᠶ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠠᠨ ᠨᠠᠶ᠋ᠢᠳᠠᠪᠤᠷᠢᠵᠢᠭᠤᠯᠵᠤ᠂       《ᠬᠤᠶᠠᠷ᠎ᠢ ᠪᠠᠷᠢᠮᠲᠠᠯᠠᠬᠤ᠂ ᠭᠤᠷᠪᠠ ᠵᠢ ᠬᠤᠪᠢᠷᠠᠭᠤᠯᠬᠤ》 ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠣᠶ᠋ᠢᠯᠠᠭ᠋ᠠᠭᠳᠠᠬᠤᠨ᠎ᠢ ᠭᠦᠨᠵᠡᠭᠡᠶ ᠦᠢ᠍ᠯᠡᠳᠦᠯᠭᠡᠵᠢᠭᠦᠯᠵᠦ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠬᠤᠷᠢᠭ᠎ᠠ ᠱᠤᠭᠤᠮ᠎ᠤᠨ ᠰᠡᠳᠬᠢᠬᠦᠢ᠂ ᠬᠢᠵᠠᠭ᠋ᠠᠷᠲᠦ ᠰᠡᠳᠭᠢᠬᠦᠢ ᠵᠢ ᠪᠠᠲᠤ ᠪᠠᠬᠢ ᠪᠤᠢ ᠪᠣᠯᠭ᠋ᠠᠵᠤ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠬᠤᠶᠠᠷ ᠲᠠᠯ᠎ᠠ ᠵᠢ ᠴᠢᠩᠭ᠎ᠠ ᠠᠳᠬᠤᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠤᠷᠢᠳᠴᠢᠯᠠᠨ ᠲᠥᠯᠥᠪᠵᠢᠭᠦᠯᠵᠦ᠂ ᠨᠠᠷᠢᠯᠢᠭ ᠨᠠᠶ᠋ᠢᠳᠠᠪᠤᠷᠢᠵᠢᠭᠤᠯᠵᠤ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠡᠷᠡᠰ ᠰᠠᠬᠢᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠦᠭᠡᠢ᠂ ᠤᠰᠤᠨ ᠴᠥᠭᠦᠷᠥᠮ᠎ᠳᠤ ᠬᠠᠰᠢᠯᠭ᠎ᠠ ᠰᠡᠲᠡᠷᠡᠬᠦ ᠦᠭᠡᠢ᠂ ᠴᠢᠬᠤᠯᠠ ᠰᠠᠭᠤᠷᠢ ᠲᠥᠬᠦᠭᠡᠷᠦᠮᠵᠢ ᠳᠠᠭ᠋ᠠᠷᠢᠯᠲᠠ᠎ᠳᠤ ᠤᠴᠠᠷᠠᠬᠤ ᠦᠭᠡᠢ ᠪᠠ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠤᠰᠤ ᠬᠠᠩᠭ᠋ᠠᠬᠤ ᠠᠮᠤᠷ ᠲᠦᠪᠰᠢᠨ᠂ ᠤᠰᠤᠯᠠᠯᠲᠠ ᠵᠢᠨ ᠣᠷᠣᠨ᠎ᠤ ᠲᠠᠷᠢᠮᠠᠯ᠎ᠤᠨ ᠴᠠᠭ ᠤᠯᠠᠷᠢᠯ᠎ᠤᠨ ᠤᠰᠤᠯᠠᠯᠲᠠ ᠵᠢᠨ ᠤᠰᠤ ᠬᠡᠷᠡᠭᠯᠡᠬᠦ ᠬᠡᠷᠡᠭᠴᠡᠭᠡ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ ᠪᠣᠳᠠ ᠮᠠᠯ᠎ᠤᠨ ᠤᠰᠤ ᠬᠡᠷᠡᠭᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃

   ᠯᠢ ᠭᠦᠸᠧ ᠶᠢᠩ᠂ ᠤᠰᠤᠨ ᠠᠰᠢᠭᠯᠠᠯᠲᠠ ᠵᠢᠨ ᠶᠠᠮᠤᠨ᠎ᠤ ᠰᠢᠰᠲ᠋ᠧᠮ᠎ᠤᠨ ᠡᠯ᠎ᠡ ᠬᠠᠮᠢᠶ᠎ᠠ ᠪᠥᠬᠦᠶ ᠨᠢᠭᠡᠴᠢ᠂ ᠰᠠᠯᠠᠭ᠎ᠠ ᠮᠥᠴᠢᠷ᠂ ᠠᠵᠢᠯ᠎ᠤᠨ ᠪᠠᠶ᠋ᠢᠷᠢ᠎ᠨᠢ ᠦᠶᠡᠷ᠎ᠤᠨ ᠭᠤᠤᠯ ᠬᠤᠭᠤᠴᠠᠭ᠋ᠠᠨ᠎ᠤ ᠠᠵᠢᠯ᠎ᠤᠨ ᠪᠠᠶ᠋ᠢᠳᠠᠯ᠎ᠳᠤ ᠪᠥᠬᠦ ᠲᠠᠯ᠎ᠠ᠎ᠪᠠᠷ ᠣᠷᠣᠵᠤ᠂ ᠦᠶᠡᠷ᠎ᠤᠨ ᠭᠤᠤᠯ ᠬᠤᠭᠤᠴᠠᠭ᠋ᠠᠨ᠎ᠤ ᠠᠵᠢᠯ᠎ᠤᠨ ᠲᠣᠭᠲᠠᠴᠠ ᠵᠢ ᠡᠬᠢᠯᠡᠭᠦᠯᠵᠦ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠰᠢᠰᠲ᠋ᠧᠮ᠎ᠤᠨ ᠱᠠᠭ᠋ᠠᠷᠳᠠᠯᠭ᠎ᠠ ᠶᠣᠰᠣᠭ᠋ᠠᠷ᠂ ᠦᠵᠡᠯ ᠰᠠᠨᠠᠭ᠎ᠠ ᠵᠢ ᠪᠣᠳᠠᠲᠠᠶ᠋ᠢᠵᠢᠭᠤᠯᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠬᠤ ᠬᠡᠷᠡᠭᠲᠡᠶ᠃ ᠨᠢᠭᠡ᠎ᠳᠤ᠂ ᠪᠣᠷᠣᠭ᠋ᠠᠨ᠎ᠤ ᠤᠰᠤᠨ᠎ᠤ ᠪᠠᠶ᠋ᠢᠳᠠᠯ᠎ᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠬᠡᠷᠡᠭᠲᠡᠢ᠃ ᠦᠶᠡᠷ᠎ᠤᠨ ᠤᠰᠤ ᠵᠢ ᠤᠷᠢᠳᠴᠢᠯᠠᠨ ᠮᠡᠳᠡᠬᠦ ᠬᠤᠭᠤᠴᠠᠭ᠎ᠠ ᠵᠢ ᠤᠯᠠᠮ ᠨᠢᠭᠡ ᠠᠯᠬᠤᠮ ᠤᠷᠲᠤᠳᠬᠠᠵᠤ᠂ ᠦᠶᠡᠷ᠎ᠤᠨ ᠤᠰᠤ ᠵᠢ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠷᠢᠳᠴᠢᠯᠠᠨ ᠨᠡᠶ᠋ᠢᠲᠡᠯᠡᠵᠦ᠂ ᠰᠢᠭᠤᠳ ᠨᠢᠭᠡᠳᠦᠭᠡᠷ ᠹᠷᠣᠨᠲ᠎ᠲᠤ ᠬᠦᠷᠦᠭᠦᠯᠬᠦ ᠬᠡᠷᠡᠭᠲᠡᠶ᠃ ᠬᠤᠶᠠᠷ᠎ᠲᠤ᠂ ᠰᠠᠪᠠ ᠭᠠᠵᠠᠷ ᠳᠠᠷᠠᠭ᠋ᠠᠯᠠᠨ ᠰᠡᠷᠭᠡᠶ᠋ᠢᠯᠡᠬᠦ ᠪᠡᠯᠡᠳᠬᠡᠯ ᠲᠥᠰᠦᠯ᠎ᠢ ᠰᠠᠶ᠋ᠢᠲᠤᠷ ᠬᠢᠬᠦ ᠬᠡᠷᠡᠭᠲᠡᠢ᠃ ᠰᠢᠰᠲ᠋ᠧᠮ᠂ ᠰᠢᠨᠵᠢᠯᠡᠬᠦ ᠤᠬᠠᠭ᠋ᠠᠨᠴᠢ᠂ ᠠᠮᠤᠷ ᠲᠦᠪᠰᠢᠨ᠂ ᠣᠨᠣᠪᠴᠢᠲᠠᠶ ᠪᠠᠶ᠋ᠢᠯᠭ᠋ᠠᠬᠤ ᠵᠠᠷᠴᠢᠮ᠎ᠤᠨ ᠶᠣᠰᠣᠭ᠋ᠠᠷ᠂ ᠰᠠᠪᠠ ᠭᠠᠵᠠᠷ ᠵᠶ᠋ᠠᠷ ᠨᠢᠭᠡᠴᠢ ᠪᠣᠯᠭ᠋ᠠᠨ᠂ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠰᠢᠰᠲ᠋ᠧᠮᠵᠢ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ᠂ ᠨᠢᠭᠡᠳᠦᠯᠲᠡᠶ ᠲᠣᠬᠢᠷᠠᠭᠤᠯᠬᠤ᠂ ᠬᠠᠮᠲᠤᠷᠠᠨ ᠲᠣᠬᠢᠷᠠᠭᠤᠯᠬᠤ᠂ ᠣᠨᠣᠪᠴᠢᠲᠠᠶ ᠲᠣᠬᠢᠷᠠᠭᠤᠯᠬᠤ ᠵᠢ ᠴᠢᠩᠭ᠋ᠠᠷᠠᠭᠤᠯᠬᠤ ᠬᠡᠷᠡᠭᠲᠡᠶ᠃ ᠭᠤᠷᠪᠠ᠎ᠳᠤ᠂ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠠᠳᠬᠤᠬᠤ       ᠬᠡᠷᠡᠭᠲᠡᠢ᠃ ᠨᠠᠷᠢᠯᠢᠭ ᠣᠨᠣᠴᠠᠲᠠᠶ᠎ᠪᠠᠷ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ 《ᠬᠡᠨ ᠵᠣᠬᠢᠶᠠᠨ ᠪᠠᠶ᠋ᠢᠭᠤᠯᠪᠠᠯ ᠬᠡᠨ ᠰᠢᠯᠵᠢᠭᠦᠯᠬᠦ᠂ ᠬᠡᠨ᠎ᠢ ᠰᠢᠯᠵᠢᠭᠦᠯᠬᠦ᠂ ᠬᠡᠵᠢᠶ᠎ᠡ ᠰᠢᠯᠵᠢᠭᠦᠯᠬᠦ᠂ ᠬᠠᠮᠢᠭ᠎ᠠ ᠰᠢᠯᠵᠢᠬᠦᠯᠬᠦ᠂ ᠳᠤᠷ᠎ᠠ᠎ᠪᠠᠷ ᠵᠶ᠋ᠠᠨ ᠪᠤᠴᠠᠬᠤ ᠦᠭᠡᠢ》 5 ᠵᠠᠩᠭᠢᠯᠠᠭ᠎ᠠ ᠵᠢᠨ ᠭᠤᠭᠴᠤᠭ᠎ᠠ ᠵᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠢᠯᠵᠢᠭᠦᠯᠬᠦ ᠶᠣᠰᠣᠲᠠᠶ ᠵᠢ᠎ᠨᠢ ᠪᠦᠬᠦᠨ᠎ᠢ ᠰᠢᠯᠵᠢᠭᠦᠯᠵᠦ᠂ ᠰᠢᠯᠵᠢᠭᠦᠯᠬᠦ ᠶᠣᠰᠣᠲᠠᠶ ᠵᠢ᠎ᠨᠢ ᠵᠠᠪᠠᠯ ᠰᠢᠯᠵᠢᠭᠦᠯᠵᠦ᠂ ᠰᠢᠯᠵᠢᠭᠦᠯᠬᠦ ᠶᠣᠰᠣᠲᠠᠶ ᠵᠢ᠎ᠨᠢ ᠡᠷᠬᠡᠪᠰᠢ ᠡᠷᠲᠡ       ᠰᠢᠯᠵᠢᠭᠦᠯᠵᠦ᠂ ᠰᠢᠯᠵᠢᠭᠦᠯᠬᠦ ᠶᠣᠰᠣᠲᠠᠶ ᠵᠢ᠎ᠨᠢ ᠲᠦᠷᠭᠡᠨ ᠰᠢᠯᠵᠢᠭᠦᠯᠵᠦ᠂ ᠬᠥᠮᠦᠨ ᠦᠬᠦᠵᠦ ᠰᠢᠷᠬᠠᠲᠤᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ᠂ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠰᠠᠶ᠋ᠢᠲᠤᠷ ᠬᠢᠬᠦ ᠬᠡᠷᠡᠭᠲᠡᠢ᠃ ᠠᠶᠤᠯ ᠭᠡᠮ᠎ᠲᠠᠢ ᠤᠰᠤᠨ ᠴᠥᠭᠥᠷᠥᠮ᠎ᠢ ᠵᠠᠷᠴᠢᠮ ᠳᠡᠭᠡᠷ᠎ᠡ᠎ᠪᠠᠨ ᠴᠥᠮ ᠬᠣᠭᠣᠰᠣᠨ ᠪᠠᠶ᠋ᠢᠯᠭ᠋ᠠᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ 《ᠭᠤᠷᠪᠠᠨ ᠬᠠᠷᠢᠭᠤᠴᠠᠬᠤ ᠬᠦᠮᠦᠨ》᠎ᠨᠢ ᠳᠠᠷᠤᠶ ᠲᠦᠷᠭᠡᠨ ᠠᠵᠢᠯ᠎ᠤᠨ ᠪᠠᠶ᠋ᠢᠷᠢ᠎ᠳᠤ ᠭᠠᠷᠴᠦ᠂ 《ᠭᠤᠷᠪᠠᠨ ᠭᠣᠤᠯᠳᠠᠯᠭ᠎ᠠ᠎ᠲᠠᠢ ᠵᠠᠩᠭᠢᠯᠠᠭ᠎ᠠ》 ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠰᠡᠷᠭᠡᠶ᠋ᠢᠯᠡᠨ ᠬᠣᠷᠢᠭᠯᠠᠬᠤ ᠬᠦᠴᠦᠨ᠎ᠢ ᠤᠷᠢᠳᠴᠢᠯᠠᠨ ᠲᠣᠬᠢᠷᠠᠭᠤᠯᠵᠤ᠂ ᠤᠰᠤᠨ ᠴᠥᠭᠥᠷᠥᠮ᠎ᠤᠨ ᠬᠠᠰᠢᠯᠭ᠎ᠠ ᠡᠪᠳᠡᠬᠦ ᠦᠭᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠠᠪᠤ᠎ᠳᠤ᠂ ᠳᠤᠮᠳᠠ ᠵᠢᠵᠢᠭ ᠭᠣᠤᠯ ᠮᠥᠷᠡᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠠᠳᠬᠤᠨ᠎ᠠ᠃ ᠭᠤᠣᠯ᠎ᠤᠨ ᠵᠠᠮ᠎ᠤᠨ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》 ᠠᠵᠢᠯ᠎ᠢ ᠴᠢᠩᠭ᠋ᠠᠳᠬᠠᠵᠤ᠂ ᠬᠠᠰᠢᠯᠭ᠎ᠠ ᠳᠠᠯᠠᠩ᠎ᠢ ᠲᠣᠭᠤᠷᠢᠨ ᠪᠠᠶ᠋ᠢᠴᠠᠭ᠋ᠠᠵᠤ ᠰᠡᠷᠭᠡᠶ᠋ᠢᠯᠡᠨ ᠬᠠᠮᠠᠭ᠋ᠠᠯᠠᠬᠤ ᠵᠢ ᠴᠢᠩᠭ᠋ᠠᠷᠠᠭᠤᠯᠤᠨ᠂ ᠠᠶᠤᠯ᠎ᠲᠠᠢ ᠣᠷᠣᠨ᠎ᠤ ᠬᠥᠮᠥᠰ᠎ᠢ ᠴᠠᠭ ᠲᠤᠬᠠᠢ᠎ᠳᠤᠨᠢ ᠰᠢᠯᠵᠢᠭᠦᠯᠵᠦ᠂ ᠠᠶᠤᠯ᠎ᠠᠴᠠ ᠠᠪᠤᠷᠠᠬᠤ ᠬᠦᠴᠦᠨ᠂ ᠮᠠᠲ᠋ᠧᠷᠢᠶᠠᠯ ᠪᠣᠳᠠᠰ᠂ ᠲᠥᠬᠦᠭᠡᠷᠦᠮᠵᠢ ᠵᠢ ᠤᠷᠢᠳᠴᠢᠯᠠᠨ ᠲᠣᠬᠢᠷᠠᠭᠤᠯᠵᠤ᠂ ᠲᠦᠭᠰᠢᠭᠦᠷᠢᠲᠦ ᠪᠠᠶ᠋ᠢᠳᠠᠯ᠎ᠢ ᠡᠷᠲᠡ ᠵᠠᠪᠳᠤᠨ ᠵᠠᠪᠳᠤᠵᠤ᠂ ᠪᠠᠭ᠎ᠠ ᠳᠡᠭᠡᠷ᠎ᠡ᠎ᠨᠢ ᠵᠠᠪᠳᠤᠵᠤ᠂ ᠵᠠᠪᠳᠤᠨ ᠬᠠᠮᠠᠭ᠋ᠠᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠢᠷᠭᠤᠭ᠎ᠠ᠎ᠳᠤ᠂ ᠨᠦᠯᠦᠮᠡᠯ ᠭᠠᠵᠠᠷ᠎ᠤᠨ ᠬᠠᠰᠢᠯᠭ᠎ᠠ ᠵᠢᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠰᠠᠶ᠋ᠢᠲᠤᠷ ᠠᠳᠬᠤᠬᠤ ᠬᠡᠷᠡᠭᠲᠡᠢ᠃ ᠬᠠᠰᠢᠯᠭ᠎ᠠ ᠳᠠᠷᠠᠭ᠋ᠠᠯᠠᠨ ᠦᠶᠡᠷ᠎ᠢ ᠰᠡᠷᠭᠡᠶ᠋ᠢᠯᠡᠬᠦ ᠬᠠᠷᠢᠭᠤᠴᠠᠯᠭ᠎ᠠ ᠪᠠ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠳᠣᠤᠷᠠᠳᠤ ᠤᠷᠤᠰᠬᠠᠯ᠎ᠤᠨ ᠰᠠᠭᠤᠭ᠋ᠠᠯᠢ ᠠᠷᠠᠳ᠎ᠤᠨ ᠨᠦᠯᠦᠮᠡᠯ ᠭᠠᠵᠠᠷ᠎ᠤᠨ ᠬᠠᠰᠢᠯᠭ᠎ᠠ ᠠᠶᠤᠯ ᠲᠦᠭᠰᠢᠭᠦᠷᠢ ᠭᠠᠷᠪᠠᠯ ᠲᠡᠷᠡ ᠳᠠᠷᠤᠶ᠎ᠳᠤᠨᠢ ᠳᠣᠤᠷᠠᠳᠤ ᠤᠷᠤᠰᠬᠠᠯ᠎ᠤᠨ ᠣᠷᠣᠨ᠎ᠤ ᠬᠥᠮᠦᠰ ᠤᠬᠤᠷᠢᠨ ᠭᠠᠷᠴᠤ᠂ ᠣᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠳᠣᠯᠤᠭ᠎ᠠ᠎ᠳᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤᠯᠠᠯᠲᠠ ᠵᠢ ᠪᠠᠲᠤᠯᠠᠵᠤ ᠤᠰᠤ ᠬᠠᠩᠭ᠋ᠠᠬᠤ ᠵᠢ ᠪᠠᠲᠤᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠭᠠᠩᠳᠠᠭᠰᠠᠨ ᠭᠠᠵᠠᠷ ᠣᠷᠣᠨ᠎ᠤ ᠬᠥᠳᠡᠭᠡ ᠲᠣᠰᠬᠤᠨ᠎ᠤ ᠵᠢᠵᠢᠭ ᠬᠡᠯᠪᠡᠷᠢ ᠵᠢᠨ ᠪᠠ ᠲᠠᠷᠠᠬᠠᠶ ᠤᠰᠤ ᠬᠠᠩᠭ᠋ᠠᠬᠤ ᠤᠰᠤᠨ ᠰᠤᠷᠪᠤᠯᠵᠢ ᠵᠢ ᠤᠷᠢᠳᠴᠢᠯᠠᠨ ᠬᠥᠳᠡᠯᠦᠩᠭᠦᠶ᠎ᠪᠠᠷ ᠵᠢᠭᠰᠠᠭ᠋ᠠᠨ ᠪᠠᠶ᠋ᠢᠴᠠᠭ᠋ᠠᠵᠤ ᠡᠵᠡᠮᠰᠢᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠤᠰᠤ ᠬᠠᠩᠭ᠋ᠠᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠤᠷᠢᠳᠴᠢᠯᠠᠨ ᠲᠣᠭᠲᠠᠭ᠋ᠠᠵᠤ᠂ ᠨᠢᠭᠡ ᠡᠷᠦᠬᠡ ᠨᠢᠭᠡ ᠬᠥᠮᠦᠨ᠎ᠢ ᠴᠦ᠍ ᠣᠷᠬᠢᠭᠳᠠᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠭᠠᠩᠳᠠᠭᠰᠠᠨ ᠭᠠᠵᠠᠷ ᠣᠷᠣᠨ᠎ᠤ ᠤᠰᠤᠯᠠᠯᠲᠠ ᠵᠢᠨ ᠣᠷᠣᠨ᠎ᠤ ᠲᠠᠷᠢᠮᠠᠯ ᠲᠠᠷᠢᠬᠤ ᠪᠦᠲᠦᠴᠡ᠂ ᠤᠰᠤ ᠬᠡᠷᠡᠭᠰᠡᠬᠦ ᠴᠠᠭ᠂ ᠬᠡᠷᠡᠭᠰᠡᠬᠦ ᠤᠰᠤᠨ᠎ᠤ ᠬᠡᠮᠵᠢᠶ᠎ᠡ ᠪᠠ ᠤᠰᠤᠯᠠᠬᠤ ᠠᠷᠭ᠎ᠠ ᠮᠠᠶᠢᠭ᠎ᠢ ᠣᠨᠣᠪᠴᠢᠲᠠᠶ ᠡᠵᠡᠮᠰᠢᠵᠦ᠂ ᠨᠠᠷᠢᠯᠢᠭ ᠣᠨᠣᠴᠠᠲᠠᠶ ᠬᠡᠪᠴᠢᠶ᠎ᠡ᠂ ᠣᠨᠣᠪᠴᠢᠲᠠᠶ ᠡᠲᠡᠭᠡᠳ᠂ ᠣᠨᠣᠪᠴᠢᠲᠠᠶ ᠴᠠᠭ᠂ ᠣᠨᠣᠪᠴᠢᠲᠠᠶ ᠠᠷᠭ᠎ᠠ ᠬᠡᠮᠵᠢᠶ᠎ᠡ ᠵᠢ ᠣᠨᠣᠪᠴᠢᠲᠠᠶ ᠡᠵᠡᠮᠰᠢᠵᠦ᠂ ᠤᠰᠤᠨ᠎ᠤ ᠢᠨᠵᠧᠨᠧᠷᠢᠩ᠎ᠤᠨ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠂ ᠨᠠᠷᠢᠯᠢᠭ᠂ ᠰᠢᠰᠲ᠋ᠧᠮ᠎ᠲᠠᠢ᠎ᠪᠠᠷ ᠰᠠᠶ᠋ᠢᠲᠤᠷ ᠬᠢᠵᠦ᠂ ᠤᠰᠤᠨ᠎ᠤ ᠡᠬᠢ ᠪᠠᠶᠠᠯᠢᠭ᠎ᠤᠨ ᠭᠠᠩ ᠬᠠᠭᠰᠠᠷᠠᠭ᠋ᠠᠨ᠎ᠲᠠᠢ ᠲᠡᠮᠡᠴᠡᠬᠦ ᠬᠠᠮᠤᠭ᠎ᠤᠨ ᠶᠡᠭᠡ ᠦᠷ᠎ᠡ ᠠᠰᠢᠭ᠎ᠢ ᠪᠠᠳᠠᠷᠠᠭᠤᠯᠬᠤ ᠬᠡᠷᠡᠭᠲᠡᠶ᠃

  

ᠵᠣᠬᠢᠶᠠᠭᠴᠢ᠄ ᠭᠤᠤ ᠯᠦᠩ᠂ ᠡᠾᠦ᠋ᠸᠸ ᠴᠣᠸᠠᠨ ᠯᠦ᠍    ᠬᠠᠷᠢᠭᠤᠴᠠᠭᠰᠠᠨ ᠨᠠᠢ᠌ᠷᠠᠭᠤᠯᠤᠭᠴᠢ᠄ ᠸᠧᠶ ᠶᠦᠩ ᠵᠢᠩ

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ 《ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠬᠥᠳᠡᠭᠡ ᠲᠤᠰᠬᠤᠨ ᠮᠠᠯᠵᠢᠬᠤ ᠣᠷᠣᠨ᠎ᠤ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢ ᠤᠷᠲᠤᠳᠬᠠᠬᠤ ᠵᠢ ᠠᠬᠢᠭᠤᠯᠬᠤ》 ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠵᠠᠩ ᠶᠠᠨ ᠺᠦᠨ ᠶᠠᠷᠢᠶ᠎ᠠ ᠲᠠᠯᠪᠢᠵᠠᠢ
ᠰᠦᠨ ᠱᠤᠤ ᠴᠧᠩ ᠨᠢᠩᠴᠧᠩ ᠰᠢᠶᠠᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ
ᠡᠨᠡ ᠵᠢᠯ᠎ᠤᠨ ᠨᠢᠭᠡᠳᠦᠭᠡᠷ ᠨᠣᠮᠧᠷᠲᠤ ᠲᠠᠶ᠋ᠢᠹᠧᠩ ᠰᠠᠯᠬᠢ 《ᠡᠷᠪᠡᠬᠡᠶ》 ᠡᠭᠦᠰᠪᠡ ᠤᠰᠤᠨ ᠠᠰᠢᠭᠯᠠᠯᠲᠠ ᠵᠢᠨ ᠶᠠᠮᠤᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠣ ᠠᠵᠢᠯᠯᠠᠭ᠎ᠠ ᠵᠢ ᠡᠬᠢᠯᠡᠭᠦᠯᠵᠡᠶ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 2025 ᠣᠨ᠎ᠤ ᠵᠣᠨ᠎ᠤ ᠦᠶᠡᠷ᠎ᠤᠨ ᠬᠤᠭᠤᠴᠠᠭ᠋ᠠᠨ᠎ᠳᠤ ᠣᠷᠣᠪᠠ
 
            