6 ᠳ᠋ᠤᠭ᠋ᠠᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠤᠤ ᠶᠢᠦ ᠰᠠᠬᠢᠯᠭ᠎ᠠ ᠪᠠᠲᠤ ᠣᠪᠣᠷ ᠰᠤᠷᠲᠠᠯ᠎ᠤᠨ ᠨᠠᠮ᠎ᠤᠨ ᠬᠢᠴᠢᠶᠡᠯ ᠣᠷᠣᠪᠠ᠃
ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠳᠠᠬᠢᠨ ᠡᠷᠭᠢᠴᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠭᠦᠢ᠍ᠵᠧᠦ᠂ ᠶᠦᠨᠨᠠᠨ᠂ ᠾᠧᠨᠠᠨ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠠᠰᠠᠭᠤᠳᠠᠯ᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠵᠦ᠂ ᠬᠤᠷᠠᠯ᠎ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ 《ᠨᠢᠭᠡ ᠳᠡᠯᠭᠡᠴᠡ ᠵᠢᠨ ᠵᠠᠪᠰᠠᠷ》᠎ᠢ ᠲᠥᠪᠯᠡᠷᠡᠭᠦᠯᠦᠨ ᠦᠵᠡᠪᠡ᠃
ᠱᠧᠩ ᠰᠢᠶᠣᠣ ᠶᠢᠦ᠎ᠠᠴᠠ 《ᠬᠡᠷᠡᠭ ᠵᠶ᠋ᠠᠷ ᠲᠣᠯᠢ ᠪᠣᠯᠭ᠋ᠠᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠰᠠᠬᠢᠯᠭ᠎ᠠ ᠪᠠᠲᠤ ᠰᠤᠷᠲᠠᠯ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ》 ᠭᠤᠣᠯ ᠰᠡᠳᠦᠪ᠎ᠤᠨ ᠲᠣᠭᠤᠷᠢᠨ᠎ᠳᠤ᠂ ᠤᠰᠤᠨ ᠠᠰᠢᠭᠯᠠᠯᠲᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠵᠤ᠂ ᠬᠤᠯᠪᠣᠭᠳᠠᠯ ᠪᠦᠬᠦᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠰᠢᠨᠵᠢ ᠴᠢᠨᠠᠷ᠂ ᠰᠢᠯᠲᠠᠭ᠋ᠠᠨ ᠪᠠ ᠬᠤᠣᠷ ᠬᠥᠨᠥᠭᠡᠯ᠎ᠢ ᠭᠦᠨᠵᠡᠭᠡᠢ ᠵᠠᠳᠠᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ᠎ᠢ ᠰᠠᠬᠢᠬᠤ ᠵᠢ ᠦᠨᠡᠨ ᠬᠦ᠌ ᠬᠥᠲᠥᠯᠥᠨ ᠵᠢᠯᠣᠭᠤᠳᠬᠤ ᠵᠢᠨ ᠬᠠᠮᠲᠤ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠵᠡᠪᠰᠡᠭᠯᠡᠬᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠰᠠᠬᠢᠯᠭ᠎ᠠ ᠪᠠᠲᠤ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠣᠨᠴᠠᠭ᠋ᠠᠶ᠋ᠢᠯᠠᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠨᠡᠶ᠋ᠢᠲᠡᠯᠢᠭ ᠢᠯᠡᠷᠡᠯ᠎ᠢ ᠭᠦᠨᠵᠡᠭᠡᠢ ᠵᠠᠳᠠᠯᠵᠤ᠂ 《ᠤᠳᠠᠭ᠋ᠠᠨ᠂ ᠪᠦᠳᠦᠭᠦᠯᠢᠭ᠂ ᠬᠡᠶ᠋ᠢᠰᠪᠦᠷᠢ》 ᠵᠢᠨ ᠠᠰᠠᠭᠤᠳᠠᠯ᠎ᠢ ᠰᠢᠢ᠍ᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠵᠢ ᠵᠦᠢ᠍ᠯ ᠳᠠᠷᠠᠭ᠋ᠠᠯᠠᠨ ᠳᠤᠷᠠᠳᠴᠤ᠂ ᠪᠦᠬᠦ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠲᠠᠯ ᠵᠶ᠋ᠠᠨ ᠴᠡᠭᠴᠡᠯᠡᠨ ᠵᠠᠰᠠᠬᠤ᠂ ᠡᠭᠦᠷᠭᠡᠯᠡᠯ ᠵᠶ᠋ᠠᠨ ᠴᠢᠩᠭ᠋ᠠᠳᠬᠠᠬᠤ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢ ᠵᠣᠷᠢᠭᠵᠢᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠡᠢ᠃
ᠱᠧᠩ ᠰᠢᠶᠣᠣ ᠶᠢᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠴᠢᠬᠤᠯᠠ ᠶᠡᠭᠡ ᠠᠴᠢ ᠬᠤᠯᠪᠣᠭᠳᠠᠯ᠂ ᠮᠥᠨ ᠴᠢᠨᠠᠷ᠎ᠤᠨ ᠰᠢᠨᠵᠢ ᠴᠢᠨᠠᠷ ᠪᠠ ᠭᠤᠣᠯ ᠴᠢᠬᠤᠯᠠ ᠠᠭᠤᠯᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠤᠬᠠᠮᠰᠠᠷ᠎ᠠᠴᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠵᠢᠱ᠌ᠢᠶᠡᠴᠢ ᠠᠵᠢᠯᠯᠠᠭ᠎ᠠ᠎ᠳᠤ ᠨᠢᠭᠡᠳᠦᠯᠲᠡᠢ ᠪᠠᠶ᠋ᠢᠵᠤ᠂ ᠰᠤᠷᠲᠠᠯ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠬᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ 《ᠦᠷᠭᠦᠯᠵᠢ ᠲᠠᠷᠢᠬᠢ ᠲᠣᠯᠣᠭ᠋ᠠᠶ᠎ᠪᠠᠨ ᠴᠢᠭᠢᠷᠠᠭᠵᠢᠭᠤᠯᠬᠤ》᠂ 《ᠰᠡᠳᠬᠢᠯ ᠵᠶ᠋ᠠᠨ ᠰᠠᠶ᠋ᠢᠲᠤᠷ ᠵᠠᠰᠠᠬᠤ》᠂ 《ᠠᠮᠠ᠎ᠪᠠᠨ ᠰᠠᠶ᠋ᠢᠲᠤᠷ ᠬᠠᠮᠢᠶᠠᠷᠬᠤ》᠂ 《ᠭᠠᠷ ᠵᠶ᠋ᠠᠨ ᠰᠠᠶ᠋ᠢᠲᠤᠷ ᠲᠠᠲᠠᠬᠤ》᠂ 《ᠠᠯᠬᠤᠮ ᠵᠶ᠋ᠠᠨ ᠲᠠᠯᠪᠢᠨ ᠠᠯᠬᠤᠬᠤ》᠂ 《ᠤᠳᠠᠭ᠋ᠠᠨ᠂ ᠪᠦᠳᠦᠭᠦᠯᠢᠭ᠂ ᠬᠡᠶ᠋ᠢᠰᠪᠦᠷᠢ》 ᠠᠰᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠳᠠᠵᠤ᠂ ᠲᠣᠭᠤᠷᠢᠨ ᠪᠠᠶ᠋ᠢᠴᠠᠭ᠋ᠠᠬᠤ ᠵᠡᠷᠭᠡ ᠬᠢᠨᠠᠯᠲᠠ ᠲᠠᠯᠪᠢᠵᠤ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠬᠦᠴᠦᠲᠡᠶ ᠪᠦᠲᠦᠮᠵᠢᠲᠡᠶ ᠰᠠᠶ᠋ᠢᠲᠤᠷ ᠠᠳᠬᠤᠬᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ᠂ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠠᠬᠢᠭᠤᠯᠬᠤ᠂ 《ᠰᠤᠪᠠᠭ᠎ᠢ ᠴᠡᠪᠡᠷᠯᠡᠬᠦ ᠠᠵᠢᠯᠯᠠᠭ᠎ᠠ》 ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ ᠬᠡᠷᠡᠭᠵᠢᠭᠦᠯᠬᠦ ᠵᠡᠷᠭᠡ ᠭᠤᠤᠯᠳᠠᠯᠭ᠎ᠠ᠎ᠲᠠᠢ ᠠᠵᠢᠯ᠎ᠤᠨ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶ᠋ᠢᠯᠭ᠎ᠠ ᠵᠢ ᠢᠯᠡᠷᠡᠭᠦᠯᠵᠦ᠂ 《ᠨᠢᠭᠡ ᠭᠤᠤᠯ ᠱᠤᠭᠤᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠬᠡᠬᠡᠵᠦ ᠳᠤᠮᠳᠠ ᠲᠦᠪᠰᠢᠨ᠎ᠳᠤ ᠳᠠᠪᠰᠢᠬᠤ》᠎ᠳᠤ ᠪᠠᠲᠤ ᠴᠢᠩᠭ᠎ᠠ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ᠂ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠲᠢᠩᠬᠢᠮ᠎ᠤᠨ ᠪᠠᠶ᠋ᠢᠭᠤᠯᠭ᠎ᠠ ᠵᠢᠨ ᠪᠥᠬᠦ ᠠᠵᠢᠯᠲᠠᠨ᠂ ᠬᠥᠬᠡᠬᠤᠲᠠ᠎ᠳᠤ ᠰᠠᠭᠤᠭ᠎ᠠ ᠲᠢᠩᠬᠢᠮ᠎ᠤᠨ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠭᠡᠰᠢᠭᠦᠨ᠂ ᠬᠡᠰᠡᠭ ᠭᠠᠵᠠᠷ᠎ᠤᠨ ᠲᠠᠰ᠎ᠤᠨ ᠺᠠᠳ᠋ᠷ ᠬᠤᠷᠠᠯ᠎ᠳᠤ ᠤᠷᠤᠯᠴᠠᠪᠠ᠃