ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠡᠨᠡ ᠵᠢᠯ᠎ᠤᠨ ᠨᠢᠭᠡᠳᠦᠭᠡᠷ ᠨᠣᠮᠧᠷᠲᠤ ᠲᠠᠶ᠋ᠢᠹᠧᠩ ᠰᠠᠯᠬᠢ 《ᠡᠷᠪᠡᠬᠡᠶ》 ᠡᠭᠦᠰᠪᠡ ᠤᠰᠤᠨ ᠠᠰᠢᠭᠯᠠᠯᠲᠠ ᠵᠢᠨ ᠶᠠᠮᠤᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠣ ᠠᠵᠢᠯᠯᠠᠭ᠎ᠠ ᠵᠢ ᠡᠬᠢᠯᠡᠭᠦᠯᠵᠡᠶ
ᠨᠡᠶ᠋ᠢᠲᠡᠯᠡᠭᠰᠡᠨ ᠴᠠᠭ᠄ 2025-06-11

   ᠡᠨᠡ ᠵᠢᠯ᠎ᠤᠨ 1 ᠳ᠋ᠦ᠍ᠭᠡᠷ ᠨᠣᠮᠧᠷᠲᠤ ᠲᠠᠶ᠋ᠢᠹᠧᠩ 《ᠡᠷᠪᠡᠬᠡᠢ》 6 ᠳ᠋ᠤᠭ᠋ᠠᠷ ᠰᠠᠷ᠎ᠠ ᠵᠢᠨ 11᠎ᠤ ᠡᠳᠦᠷ᠎ᠤᠨ 8 ᠴᠠᠭ᠎ᠲᠤ ᠡᠮᠦᠨᠡᠲᠦ ᠲᠠᠩᠭᠢᠰ᠎ᠤᠨ ᠳᠤᠮᠳᠠ ᠪᠠᠷᠠᠭᠤᠨ ᠬᠡᠰᠡᠭ᠎ᠤᠨ ᠳᠠᠯᠠᠶ᠎ᠳᠤ ᠡᠭᠦᠰᠴᠡᠶ᠂ 14 ᠴᠠᠭ᠎ᠲᠤ ᠲᠥᠪ ᠬᠠᠶ᠋ᠢᠨᠠᠨ ᠮᠤᠵᠢ ᠵᠢᠨ ᠰᠠᠨ ᠱᠠ ᠬᠣᠲᠠ (ᠰᠢ ᠱᠠ ᠶᠦᠩ ᠰᠢᠩ ᠠᠷᠠᠯ) ᠵᠢᠨ ᠬᠠᠪᠢ᠎ᠳᠠᠬᠢ ᠳᠠᠯᠠᠶ ᠵᠢᠨ ᠭᠠᠳᠠᠷᠭᠤ ᠳᠡᠭᠡᠷ᠎ᠡ ᠪᠤᠶ᠃  ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂  ᠲᠠᠶ᠋ᠢᠹᠧᠩ ᠰᠠᠯᠬᠢ 《ᠡᠷᠪᠡᠭᠡᠢ》 ᠵᠢᠨ ᠨᠦᠯᠦᠭᠡᠯᠡᠯ ᠵᠶ᠋ᠠᠷ᠂ 6 ᠳ᠋ᠤᠭ᠋ᠠᠷ ᠰᠠᠷ᠎ᠠ ᠵᠢᠨ 12᠎ᠤᠨ ᠡᠳᠦᠷ᠎ᠠᠴᠠ 15᠎ᠤ ᠡᠳᠦᠷ ᠪᠣᠯᠲᠠᠯ᠎ᠠ ᠮᠠᠨ᠎ᠤ ᠤᠯᠤᠰ᠎ᠤᠨ ᠡᠮᠦᠨᠡᠲᠦ ᠣᠷᠣᠨ᠎ᠤ ᠵᠡᠭᠦᠨ ᠬᠡᠰᠡᠭ᠂  ᠵᠢᠶᠠᠩᠨᠠᠨ᠎ᠤ ᠵᠡᠭᠦᠨ ᠬᠡᠰᠡᠭ᠎ᠤᠨ ᠡᠮᠦᠨ᠎ᠡ ᠬᠡᠰᠡᠭ᠎ᠲᠤ ᠨᠢᠭᠡ ᠤᠳᠠᠭ᠋ᠠᠨ᠎ᠤ ᠰᠢᠷᠦᠭᠦᠨ ᠪᠣᠷᠣᠭ᠋ᠠᠨ ᠤᠷᠤᠨ᠎ᠠ᠂  ᠡᠭᠦᠨ᠎ᠳᠤ ᠬᠠᠶ᠋ᠢᠨᠠᠨ ᠮᠤᠵᠢ᠂  ᠭᠤᠸᠠᠩᠰᠢ ᠵᠢᠨ ᠵᠡᠭᠦᠨ ᠬᠡᠰᠡᠭ᠂  ᠭᠤᠸᠠᠩᠳᠦ᠋ᠩ᠂  ᠬᠤᠨᠠᠨ᠎ᠤ ᠡᠮᠦᠨ᠎ᠡ ᠬᠡᠰᠡᠭ᠂  ᠵᠢᠶᠠᠩᠰᠢ ᠵᠢᠨ ᠪᠠᠷᠠᠭᠤᠨ ᠡᠮᠦᠨ᠎ᠡ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠣᠷᠣᠬᠤ ᠪᠣᠯᠤᠨ᠎ᠠ; ᠭᠤᠸᠠᠩᠳᠦᠢ᠍ᠩ᠎ᠤᠨ ᠪᠧᠶ᠋ᠢᠵᠢᠶᠠᠩ᠂  ᠳ᠋ᠦᠩᠵᠢᠶᠠᠩ᠂  ᠬᠠᠨᠵᠢᠶᠠᠩ᠂  ᠭᠤᠸᠠᠩᠰᠢ ᠮᠤᠵᠢ ᠵᠢᠨ ᠰᠢᠵᠢᠶᠠᠩ ᠮᠦᠷᠡᠨ᠎ᠤ ᠭᠣᠣᠯ ᠤᠷᠤᠰᠬᠠᠯ ᠪᠣᠯᠣᠨ ᠰᠠᠯᠪᠤᠷᠢ ᠤᠷᠤᠰᠬᠠᠯ᠂  ᠭᠦᠢ᠍ᠵᠢᠶᠠᠩ᠂  ᠾᠧ ᠵᠢᠶᠠᠩ᠂  ᠬᠠᠶ᠋ᠢᠨᠠᠨ᠎ᠤ ᠨᠠᠨ ᠳ᠋ᠦ᠋ ᠵᠢᠶᠠᠩ᠂  ᠸᠠᠨ ᠴᠢᠤᠸᠠᠨ ᠡᠾᠸ᠂  ᠹᠦᠵᠢᠶᠠᠨ᠎ᠤ ᠮᠢᠨ ᠵᠢᠶᠠᠩ᠂  ᠵᠢᠦ ᠯᠦᠩ ᠵᠢᠶᠠᠩ᠂  ᠬᠤᠨᠠᠨ᠎ᠤ ᠰᠢᠶᠠᠩᠵᠢᠶᠠᠩ ᠮᠥᠷᠡᠨ᠎ᠤ ᠳᠡᠭᠡᠳᠦ ᠤᠷᠤᠰᠬᠠᠯ᠂  ᠵᠢᠶᠠᠩᠰᠢ ᠵᠢᠨ ᠭᠠᠨᠵᠢᠶᠠᠩ᠂  ᠹᠦ᠋ ᠾᠧ ᠵᠡᠷᠭᠡ ᠭᠣᠣᠯ ᠤᠷᠤᠰᠬᠠᠯ ᠦᠶᠡᠷ᠎ᠤᠨ ᠶᠠᠪᠤᠴᠠ᠎ᠳᠤ ᠤᠰᠤ ᠦᠰᠬᠦ ᠶᠠᠪᠤᠴᠠ ᠢᠯᠡᠷᠡᠵᠦ᠂  ᠳᠣᠭᠰᠢᠨ ᠪᠣᠷᠣᠭ᠋ᠠᠨ᠎ᠤ ᠣᠷᠣᠨ᠎ᠳᠤ ᠳᠤᠮᠳᠠ ᠵᠢᠵᠢᠭ ᠭᠣᠣᠯ ᠦᠶᠡᠷ᠎ᠤᠨ ᠰᠡᠷᠡᠮᠵᠢᠯᠡᠭᠦᠯᠬᠦ ᠱᠣᠭᠤᠮ᠎ᠠᠴᠠ ᠳᠡᠭᠡᠭᠰᠢᠬᠢ ᠭᠠᠮᠰᠢᠭ ᠡᠭᠦᠰᠬᠦ ᠪᠣᠯᠣᠮᠵᠢ᠎ᠲᠠᠢ᠃

   ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠤᠭᠤᠳᠤᠭᠴᠢ ᠵᠢᠨ ᠶᠠᠮᠤᠨ᠎ᠤ ᠳᠡᠳ᠋ ᠶᠡᠷᠦᠩᠬᠡᠶ ᠵᠢᠯᠣᠭᠤᠳᠣᠭᠴᠢ᠂  ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠲᠠᠢ᠌ᠹᠸᠩ ᠰᠠᠯᠬᠢ 《ᠡᠷᠪᠡᠬᠡᠶ》 ᠵᠢᠨ ᠬᠥᠭᠵᠢᠯᠲᠡ ᠵᠢᠨ ᠪᠠᠶ᠋ᠢᠳᠠᠯ ᠪᠣᠯᠤᠨ ᠣᠷᠣᠨ ᠪᠦᠰᠡ ᠵᠢᠨ ᠪᠣᠷᠣᠭ᠋ᠠᠨ᠎ᠤ ᠪᠠᠶ᠋ᠢᠳᠠᠯ ᠦᠶᠡᠷ᠎ᠤᠨ ᠪᠠᠶ᠋ᠢᠳᠠᠯ᠎ᠢ ᠨᠢᠭᠲᠠ ᠬᠢᠨᠠᠨ ᠠᠵᠢᠭᠯᠠᠵᠤ᠂  ᠡᠯ᠎ᠡ ᠵᠦᠢ᠍ᠯ᠎ᠤᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠷᠢᠯᠢᠭ ᠨᠠᠶ᠋ᠢᠳᠠᠪᠤᠷᠢᠵᠢᠭᠤᠯᠵᠤ᠂  ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ 6 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠦᠳᠡ ᠵᠢᠨ ᠡᠮᠦᠨ᠎ᠡ᠂  ᠤᠰᠤᠨ ᠠᠰᠢᠭᠯᠠᠯᠲᠠ ᠵᠢᠨ ᠶᠠᠮᠤᠨ ᠵᠥᠪᠳᠡᠯᠴᠡᠵᠦ᠂  ᠲᠠᠶ᠋ᠢᠹᠧᠩ ᠰᠠᠯᠬᠢ 《ᠡᠷᠪᠡᠬᠡᠶ》 ᠵᠢᠨ ᠰᠢᠷᠦᠭᠦᠨ ᠪᠣᠷᠣᠭ᠋ᠠᠨ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ 《ᠤᠰᠤᠨ ᠠᠰᠢᠭᠯᠠᠯᠲᠠ ᠵᠢᠨ ᠶᠠᠮᠤᠨ᠎ᠤ ᠤᠰᠤ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠳᠦᠷᠢᠮ》᠎ᠢ ᠦᠨᠳᠦᠰᠦᠯᠡᠨ᠂  ᠤᠰᠤᠨ ᠠᠰᠢᠭᠯᠠᠯᠲᠠ ᠵᠢᠨ ᠶᠠᠮᠤᠨ 11᠎ᠤ ᠡᠳᠦᠷ᠎ᠤᠨ 14 ᠴᠠᠭ᠎ᠲᠤ ᠹᠦᠵᠢᠶᠠᠨ᠂  ᠵᠢᠶᠠᠩᠰᠢ᠂  ᠬᠤᠨᠠᠨ᠂  ᠭᠤᠸᠠᠩᠳᠦ᠋ᠩ᠂  ᠭᠤᠸᠠᠩᠰᠢ᠂  ᠬᠠᠶ᠋ᠢᠨᠠᠨ 6 ᠮᠤᠵᠢ (ᠥᠪᠡᠷᠲᠡᠭᠡᠨ ᠵᠠᠰᠠᠬᠤ ᠣᠷᠣᠨ) ᠵᠢᠨ ᠦᠶᠡᠷ᠎ᠤᠨ ᠰᠡᠷᠭᠡᠶ᠋ᠢᠯᠡᠯᠲᠡ ᠵᠢᠨ Ⅳ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠦᠯ᠎ᠢ ᠡᠬᠢᠯᠡᠭᠦᠯᠵᠦ᠂ 6 ᠮᠤᠵᠢ (ᠥᠪᠡᠷᠲᠡᠭᠡᠨ ᠵᠠᠰᠠᠬᠤ ᠣᠷᠣᠨ) ᠵᠢᠨ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠪᠣᠯᠤᠨ ᠬᠤᠯᠪᠣᠭᠳᠠᠯ ᠪᠥᠬᠦᠶ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠲᠠᠶ᠋ᠢᠹᠧᠩ ᠰᠠᠯᠬᠢ᠂  ᠪᠣᠷᠣᠭ᠋ᠠᠨ᠎ᠤ ᠪᠠᠶ᠋ᠢᠳᠠᠯ ᠪᠣᠯᠤᠨ ᠦᠶᠡᠷ᠎ᠤᠨ ᠪᠠᠶ᠋ᠢᠳᠠᠯ᠎ᠤᠨ ᠬᠥᠭᠵᠢᠯᠲᠡ ᠵᠢᠨ ᠬᠤᠪᠢᠷᠠᠯᠲᠠ ᠵᠢ ᠨᠢᠭᠲᠠ ᠠᠩᠬᠠᠷᠴᠤ᠂  ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠵᠥᠪᠳᠡᠯᠴᠡᠨ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠨ᠂  ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠰᠢᠰᠲ᠋ᠧᠮ᠎ᠢ ᠰᠢᠨᠵᠢᠯᠡᠬᠦ ᠤᠬᠠᠭ᠋ᠠᠨᠴᠢ᠂  ᠠᠮᠤᠷ ᠲᠦᠪᠰᠢᠨ᠂  ᠨᠠᠷᠢᠯᠢᠭ ᠣᠨᠣᠴᠠᠲᠠᠶ᠎ᠪᠠᠷ ᠲᠣᠬᠢᠷᠠᠭᠤᠯᠤᠯᠲᠠ ᠬᠢᠵᠦ᠂  ᠤᠰᠤᠨ ᠴᠥᠭᠦᠷᠥᠮ ᠵᠢᠴᠢ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠢᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠷᠭ᠎ᠠ ᠬᠡᠮᠵᠢᠶ᠎ᠡ ᠵᠢ ᠦᠨᠡᠨ ᠬᠦ᠌ ᠨᠠᠶ᠋ᠢᠳᠠᠪᠤᠷᠢᠵᠢᠭᠤᠯᠵᠤ᠂  ᠳᠤᠮᠳᠠ ᠵᠢᠵᠢᠭ ᠭᠤᠤᠯ ᠮᠥᠷᠡᠨ᠎ᠤ ᠦᠶᠡᠷ᠎ᠤᠨ ᠭᠠᠮᠰᠢᠭ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠵᠡᠷᠭᠡ ᠠᠵᠢᠯ᠎ᠢ ᠰᠠᠶ᠋ᠢᠲᠤᠷ ᠬᠢᠵᠦ᠂  ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃  ᠤᠰᠤᠨ ᠠᠰᠢᠭᠯᠠᠯᠲᠠ ᠵᠢᠨ ᠶᠠᠮᠤᠨ 2 ᠠᠵᠢᠯᠯᠠᠬᠤ ᠳᠤᠭᠤᠶ᠋ᠢᠯᠠᠩ ᠲᠣᠮᠢᠯᠠᠵᠤ᠂  ᠬᠠᠶ᠋ᠢᠨᠠᠨ ᠭᠤᠸᠠᠩᠳᠦ᠋ᠩ ᠵᠡᠷᠭᠡ ᠭᠠᠵᠠᠷ᠎ᠲᠤ ᠲᠠᠶ᠋ᠢᠹᠧᠩ ᠰᠠᠯᠬᠢ 《ᠡᠷᠪᠡᠬᠡᠶ》 ᠵᠢᠨ ᠰᠢᠷᠦᠭᠦᠨ ᠪᠣᠷᠣᠭ᠋ᠠᠨ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠬᠠᠮᠵᠢᠨ ᠵᠢᠯᠣᠭᠤᠳᠪᠠ᠃

  

   ᠵᠣᠬᠢᠶᠠᠭᠴᠢ᠄           ᠬᠠᠷᠢᠭᠤᠴᠠᠭᠰᠠᠨ ᠨᠠᠢ᠌ᠷᠠᠭᠤᠯᠤᠭᠴᠢ᠄ ᠭᠤᠤ ᠪᠥᠸᠧ

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 2025 ᠣᠨ᠎ᠤ ᠵᠣᠨ᠎ᠤ ᠦᠶᠡᠷ᠎ᠤᠨ ᠬᠤᠭᠤᠴᠠᠭ᠋ᠠᠨ᠎ᠳᠤ ᠣᠷᠣᠪᠠ
ᠪᠦᠬᠦ ᠤᠯᠤᠰ᠎ᠲᠤ ᠲᠦᠷᠦᠭᠦᠯᠡᠪᠡ! ᠥᠪᠥᠷ ᠮᠣᠩᠭᠤᠯ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶᠡᠵᠢᠯ 1.4 ᠳ᠋ᠦᠩᠰᠢᠭᠤᠷ ᠺᠢᠯᠤᠸᠠᠲ᠎ᠢ ᠳᠠᠪᠠᠪᠠ
ᠥᠪᠥᠷ ᠮᠣᠩᠭᠤᠯ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠬᠡᠷᠡᠭᠯᠡᠬᠦ ᠠᠯᠪᠠᠳᠠᠯᠭ᠎ᠠ ᠵᠢᠨ ᠴᠢᠨᠠᠷᠲᠠᠶ ᠨᠣᠷᠮ᠎ᠠ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ ᠵᠢ ᠨᠡᠶ᠋ᠢᠲᠡᠯᠡᠪᠡ
ᠤᠯᠤᠰ᠎ᠤᠨ ᠲᠠᠰ᠎ᠤᠨ ᠨᠡᠷᠡᠰ᠎ᠢ ᠨᠡᠢ᠌ᠲᠡᠯᠡᠪᠡ! ᠥᠪᠥᠷ ᠮᠣᠩᠭᠣᠯ᠎ᠳᠠᠬᠢ ᠪᠠᠭᠤᠷᠢ ᠵᠢᠨ ᠬᠣᠶᠠᠷ ᠴᠡᠴᠡᠷᠯᠢᠭ ᠰᠣᠩᠭᠣᠭᠳᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠳᠣᠯᠣᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
 
            