ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠲᠠᠰ᠎ᠤᠨ ᠨᠡᠷᠡᠰ᠎ᠢ ᠨᠡᠢ᠌ᠲᠡᠯᠡᠪᠡ! ᠥᠪᠥᠷ ᠮᠣᠩᠭᠣᠯ᠎ᠳᠠᠬᠢ ᠪᠠᠭᠤᠷᠢ ᠵᠢᠨ ᠬᠣᠶᠠᠷ ᠴᠡᠴᠡᠷᠯᠢᠭ ᠰᠣᠩᠭᠣᠭᠳᠠᠪᠠ
ᠨᠡᠶ᠋ᠢᠲᠡᠯᠡᠭᠰᠡᠨ ᠴᠠᠭ᠄ 2025-06-16

  6 ᠳ᠋ᠤᠭ᠋ᠠᠷ ᠰᠠᠷ᠎ᠠ ᠵᠢᠨ 14᠎ᠤ ᠡᠳᠦᠷ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠤᠯᠤᠰ᠎ᠤᠨ ᠬᠠᠭᠤᠴᠢ ᠰᠤᠳᠤᠯᠤᠯ ᠪᠣᠯᠬᠤ ᠪᠠᠭᠤᠷᠢ ᠵᠢᠨ 10 ᠴᠡᠴᠡᠷᠯᠢᠭ᠎ᠤᠨ ᠨᠡᠷᠡᠰ᠎ᠢ ᠨᠡᠢ᠌ᠲᠡᠯᠡᠵᠦ᠂ ᠥᠪᠥᠷ ᠮᠣᠩᠭᠣᠯ᠎ᠤᠨ ᠰᠢᠷᠠᠠᠤᠰᠤ ᠪᠠᠭᠤᠷᠢ ᠵᠢᠨ ᠴᠡᠴᠡᠷᠯᠢᠭ᠂ ᠬᠣᠷᠢᠨᠭᠡᠷ᠎ᠤᠨ ᠲᠦ᠋ ᠴᠧᠩ ᠽᠢ ᠪᠠᠭᠤᠷᠢ ᠵᠢᠨ ᠴᠡᠴᠡᠷᠯᠢᠭ ᠰᠣᠩᠭᠣᠭᠳᠠᠪᠠ᠃

  2022 ᠣᠨ᠎ᠤ 12 ᠳ᠋ᠤᠭ᠋ᠠᠷ ᠰᠠᠷ᠎ᠠ᠎ᠳᠤ᠂ ᠯᠢᠶᠣᠤ ᠤᠯᠤᠰ᠎ᠤᠨ ᠳᠡᠭᠡᠳᠦ ᠨᠡᠢ᠌ᠰᠯᠡᠯ᠎ᠤᠨ ᠪᠠᠭᠤᠷᠢ ᠵᠢᠨ ᠴᠡᠴᠡᠷᠯᠢᠭ᠎ᠨᠢ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ ᠵᠶ᠋ᠡᠷ ᠦᠨᠡᠯᠡᠭᠳᠡᠵᠦ᠂ ᠮᠠᠨ᠎ᠤ ᠣᠷᠣᠨ᠎ᠳᠤ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ ᠦᠭᠡᠢ ᠪᠠᠢ᠌ᠭᠰᠠᠨ 《ᠬᠣᠭᠣᠰᠣᠨ》᠎ᠢ ᠨᠦᠬᠦᠪᠦᠷᠢᠯᠡᠵᠡᠢ᠂ ᠥᠨᠥ ᠥᠪᠥᠷ ᠮᠣᠩᠭᠣᠯ᠎ᠳᠤ ᠨᠢᠭᠡᠨᠲᠡ ᠤᠯᠤᠰ᠎ᠤᠨ ᠬᠠᠭᠤᠴᠢ ᠰᠤᠳᠤᠯᠤᠯ ᠪᠣᠯᠬᠤ ᠪᠠᠭᠤᠷᠢ ᠵᠢᠨ 3 ᠴᠡᠴᠡᠷᠯᠢᠭ᠎ᠲᠠᠢ ᠪᠣᠯᠤᠭᠰᠠᠨ ᠪᠠᠢ᠌ᠨ᠎ᠠ᠃

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠳᠡᠳ᠋ ᠳᠠᠷᠤᠭ᠎ᠠ ᡁᠢ ᠰᠢᠶᠣᠣ ᠶᠦᠩ᠄ 《ᠬᠣᠷᠢᠨᠭᠡᠷ᠎ᠤᠨ ᠲᠦ᠋ ᠴᠧᠩ ᠽᠢ ᠪᠠᠭᠤᠷᠢ ᠪᠠ ᠰᠢᠷᠠᠠᠤᠰᠤ ᠵᠢᠨ ᠪᠠᠭᠤᠷᠢ᠎ᠨᠢ ᠰᠢᠨ᠎ᠡ ᠨᠢᠭᠡ ᠪᠦᠯᠦᠭ᠎ᠤᠨ ᠤᠯᠤᠰ᠎ᠤᠨ ᠬᠠᠭᠤᠴᠢ ᠰᠤᠳᠤᠯᠤᠯ ᠪᠣᠯᠬᠤ ᠪᠠᠭᠤᠷᠢ ᠵᠢᠨ ᠴᠡᠴᠡᠷᠯᠢᠭ᠎ᠤᠨ ᠨᠡᠷᠡᠰ᠎ᠲᠤ ᠰᠤᠩᠭᠤᠭᠳᠠᠪᠠ᠂ ᠡᠨᠡ ᠪᠣᠯ ᠮᠠᠨ᠎ᠤ ᠣᠷᠣᠨ᠎ᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠬᠦᠷᠢᠶᠡᠨ᠎ᠳᠠᠬᠢ ᠨᠢᠭᠡᠨ ᠲᠣᠮᠣ ᠶᠠᠪᠤᠳᠠᠯ᠂ ᠪᠠᠶᠠᠷᠲᠤ ᠶᠠᠪᠤᠳᠠᠯ ᠪᠣᠯᠣᠨ᠎ᠠ᠂ ᠡᠨᠡ᠎ᠨᠢ ᠥᠪᠥᠷ ᠮᠣᠩᠭᠣᠯ᠎ᠳᠤ ᠲᠣᠮᠣ ᠪᠠᠭᠤᠷᠢ ᠵᠢ ᠬᠠᠮᠠᠭ᠋ᠠᠯᠠᠵᠤ ᠠᠰᠢᠭᠯᠠᠬᠤ ᠠᠵᠢᠯ ᠳᠠᠬᠢᠨᠳᠠ ᠰᠢᠨ᠎ᠡ ᠳᠡᠭᠲᠡᠷ᠎ᠲᠤ ᠭᠠᠷᠴᠤ᠂ ᠳᠠᠬᠢᠨᠲᠠ ᠰᠢᠨ᠎ᠡ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢ᠌ᠨ᠎ᠠ᠃ ᠥᠪᠥᠷ ᠮᠣᠩᠭᠣᠯ᠎ᠤᠨ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠥᠪᠥᠷ ᠮᠣᠩᠭᠣᠯ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ ᠪᠠ ᠲᠣᠮᠣ ᠪᠠᠭᠤᠷᠢ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠯᠲᠠ᠂ ᠪᠠᠭᠤᠷᠢ ᠵᠢᠨ ᠳᠡᠯᠭᠡᠨ ᠦᠵᠡᠭᠦᠯᠭᠡ᠂ ᠨᠡᠭᠡᠭᠡᠨ ᠬᠥᠭᠵᠢᠭᠦᠯᠬᠦ ᠦᠢ᠍ᠯᠡᠴᠢᠯᠡᠭᠡ ᠵᠡᠷᠭᠡ ᠲᠠᠯ᠎ᠠ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠴᠤ᠂ ᠤᠮᠠᠷᠠᠲᠤ ᠬᠢᠯᠢ ᠵᠢᠨ ᠰᠣᠶᠣᠯ᠎ᠢ ᠭᠦᠨᠵᠡᠭᠡᠢ ᠰᠤᠳᠤᠯᠬᠤ ᠪᠠ ᠨᠡᠢ᠌ᠭᠡᠮ ᠠᠵᠤ ᠠᠬᠤᠢ ᠵᠢ ᠬᠥᠭᠵᠢᠭᠦᠯᠬᠦ᠎ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ》 ᠭᠡᠵᠡᠢ᠃

   ᠰᠢᠷᠠᠠᠤᠰᠤ ᠵᠢᠨ ᠪᠠᠭᠤᠷᠢ᠎ᠨᠢ ᠣᠷᠳᠣᠰ ᠬᠣᠲᠠ ᠵᠢᠨ ᠦᠦᠰᠢᠨ ᠬᠣᠰᠢᠭᠤᠨ᠎ᠳᠤ ᠪᠠᠢ᠌ᠷᠢᠯᠠᠵᠤ᠂ ᠳᠤᠮᠳᠠᠳᠤ ᠤᠯᠤᠰ᠎ᠤᠨ ᠬᠠᠮᠤᠭ ᠡᠷᠲᠡ ᠢᠯᠡᠷᠡᠭᠦᠯᠦᠭᠰᠡᠨ ᠪᠠ ᠨᠡᠭᠡᠭᠡᠨ ᠮᠠᠯᠲᠠᠭᠰᠠᠨ ᠬᠠᠭᠤᠴᠢᠨ ᠴᠢᠯᠠᠭᠤᠨ ᠵᠡᠪᠰᠡᠭ᠎ᠤᠨ ᠦᠶ᠎ᠡ ᠵᠢᠨ ᠪᠠᠭᠤᠷᠢ ᠵᠢᠨ ᠨᠢᠭᠡ ᠪᠣᠯᠣᠨ᠎ᠠ᠃ ᠴᠡᠴᠡᠷᠯᠢᠭ᠎ᠤᠨ ᠲᠥᠯᠦᠪᠵᠢᠭᠦᠯᠭᠡ ᠵᠢᠨ ᠶᠡᠷᠦᠩᠬᠡᠢ ᠲᠠᠯᠠᠪᠠᠶ᠎ᠨᠢ 1577.76 ᠾᠧᠺᠲ᠋ᠠᠷ ᠪᠠᠢ᠌ᠵᠤ᠂ ᠪᠠᠭᠤᠷᠢ ᠵᠢᠨ ᠣᠷᠣᠨ᠎ᠳᠤ ᠣᠲᠣ᠎ᠠᠴᠠ 10 ᠲᠦᠮᠡ᠎ᠠᠴᠠ 5 ᠲᠦᠮᠡᠨ ᠵᠢᠯ᠎ᠤᠨ ᠡᠮᠦᠨᠡᠬᠢ 《ᠪᠣᠷᠣᠳᠣᠬᠣᠢ ᠵᠢᠨ ᠬᠥᠮᠥᠨ》᠎ᠤ ᠴᠢᠯᠠᠭᠤᠵᠢᠮᠠᠯ ᠪᠠ ᠵᠢᠵᠢᠭ ᠴᠢᠯᠠᠭᠤᠨ ᠵᠡᠪᠰᠡᠭ ᠵᠢᠴᠢ ᠬᠥᠬᠥᠲᠡᠨ ᠠᠮᠢᠲᠠᠨ᠎ᠤ ᠡᠯᠪᠡᠭ ᠪᠠᠶᠠᠯᠢᠭ ᠴᠢᠯᠠᠭᠤᠵᠢᠮᠠᠯ᠎ᠢ ᠢᠯᠡᠷᠡᠭᠦᠯᠵᠡᠢ᠂ ᠡᠨᠡ ᠪᠣᠯ ᠬᠠᠭᠤᠴᠢᠨ ᠴᠢᠯᠠᠭᠤᠨ ᠵᠡᠪᠰᠡᠭ᠎ᠤᠨ ᠦᠶ᠎ᠡ ᠵᠢᠨ ᠳᠤᠮᠳᠠ ᠰᠡᠭᠦᠯᠴᠢ ᠦᠶ᠎ᠡ᠎ᠳᠠᠬᠢ ᠵᠡᠭᠦᠨ ᠠᠽᠢᠶ᠎ᠠ ᠵᠢᠨ ᠡᠷᠲᠡᠨ᠎ᠤ ᠬᠥᠮᠥᠨ ᠲᠥᠷᠥᠯᠬᠢᠲᠡᠨ᠎ᠤ ᠤᠯᠠᠷᠢᠯ ᠬᠤᠪᠢᠰᠤᠯ᠂ ᠣᠷᠣᠰᠢᠨ ᠠᠮᠢᠳᠤᠷᠠᠬᠤ ᠣᠷᠴᠢᠨ ᠲᠣᠭᠣᠷᠢᠨ ᠪᠠ ᠤᠮᠠᠷᠠᠲᠤ ᠵᠢᠨ ᠬᠠᠭᠤᠴᠢᠨ ᠴᠢᠯᠠᠭᠤᠨ ᠵᠡᠪᠰᠡᠭ᠎ᠤᠨ ᠦᠶ᠎ᠡ ᠵᠢᠨ ᠰᠣᠶᠣᠯ᠎ᠤᠨ ᠣᠯᠠᠨ ᠶᠠᠩᠵᠤᠲᠤ ᠴᠢᠨᠠᠷ ᠵᠢᠴᠢ ᠬᠥᠭᠵᠢᠯᠲᠡ ᠵᠢᠨ ᠴᠢᠬᠤᠯᠠ ᠭᠡᠷᠡᠴᠢ ᠪᠠᠷᠢᠮᠲᠠ ᠪᠣᠯᠣᠨ᠎ᠠ᠃

   ᠥᠪᠥᠷ ᠮᠣᠩᠭᠣᠯ ᠣᠷᠣᠨ᠎ᠤ ᠬᠠᠮᠤᠭ᠎ᠤᠨ ᠪᠦᠷᠢᠨ ᠪᠦᠲᠦᠨ ᠬᠠᠳᠠᠭ᠋ᠠᠯᠠᠭᠳᠠᠭᠰᠠᠨ᠂ ᠦᠷᠭᠦᠯᠵᠢᠯᠡᠨ ᠬᠡᠷᠡᠭᠯᠡᠭᠳᠡᠭᠰᠡᠨ ᠴᠠᠭ ᠵᠶ᠋ᠠᠷ ᠬᠠᠮᠤᠭ᠎ᠤᠨ ᠤᠷᠳᠤ ᠡᠷᠲᠡᠨ᠎ᠤ ᠬᠤᠳᠠ ᠵᠢᠨ ᠪᠠᠭᠤᠷᠢ ᠵᠢᠨ ᠨᠢᠭᠡ ᠪᠣᠯᠤᠭᠰᠠᠨ ᠬᠣᠷᠢᠨᠭᠡᠷ᠎ᠤᠨ ᠲᠦ᠋ ᠴᠧᠩ ᠽᠢ ᠪᠠᠭᠤᠷᠢ (ᠪᠠᠰᠠ ᠱᠧᠩ ᠯᠸ᠋ ᠡᠷᠲᠡᠨ᠎ᠤ ᠬᠤᠳᠠ)᠎ᠨᠢ ᠴᠦᠨ ᠴᠢᠦ᠎ᠠᠴᠠ ᠯᠢᠶᠣᠤ ᠤᠯᠤᠰ ᠠᠯᠲᠠᠨ ᠤᠯᠤᠰ ᠶᠤᠸᠠᠨ ᠤᠯᠤᠰ ᠬᠦᠷᠲᠡᠯᠡᠬᠢ ᠬᠤᠭᠤᠴᠠᠭ᠎ᠠ ᠵᠢ ᠰᠤᠨᠳᠠᠯᠠᠵᠤ᠂ 2000 ᠭᠠᠷᠤᠢ ᠵᠢᠯ᠎ᠤᠨ ᠲᠡᠦᠬᠡ ᠵᠢ ᠲᠤᠭᠤᠯᠤᠨ᠂ ᠵᠦᠩᠶᠤᠸᠠᠨ ᠣᠷᠣᠨ᠎ᠤ ᠲᠠᠷᠢᠶᠠᠯᠠᠬᠤ ᠪᠣᠯᠪᠠᠰᠤᠨ ᠪᠠ ᠤᠮᠠᠷᠠᠲᠤ ᠵᠢᠨ ᠨᠡᠭᠦᠳᠡᠯᠴᠢᠨ ᠦᠨᠳᠦᠰᠦᠲᠡᠨ᠎ᠤ ᠠᠭᠤᠰᠤᠯᠴᠠᠭᠰᠠᠨ ᠥᠩᠭᠡᠷᠡᠯᠲᠡ ᠵᠢ ᠭᠡᠷᠡᠴᠢᠯᠡᠵᠡᠢ᠃ ᠲᠣᠰ ᠪᠠᠭᠤᠷᠢ᠎ᠨᠢ 2017 ᠣᠨ᠎ᠳᠤ ᠭᠤᠷᠪᠠᠳᠤᠭ᠋ᠠᠷ ᠪᠦᠯᠦᠭ᠎ᠤᠨ ᠤᠯᠤᠰ᠎ᠤᠨ ᠬᠠᠭᠤᠴᠢ ᠰᠤᠳᠤᠯᠤᠯ ᠪᠣᠯᠬᠤ ᠪᠠᠭᠤᠷᠢ ᠵᠢᠨ ᠴᠡᠴᠡᠷᠯᠢᠭ᠎ᠤᠨ ᠲᠥᠷᠥᠯ ᠵᠦᠢ᠍ᠯ᠎ᠤᠨ ᠨᠡᠷᠡᠰ᠎ᠲᠤ ᠵᠢᠭᠰᠠᠭ᠋ᠠᠭᠳᠠᠵᠤ᠂ ᠬᠠᠮᠠᠭ᠋ᠠᠯᠠᠯᠲᠠ᠎ᠲᠠᠢ ᠦᠵᠡᠭᠦᠯᠭᠡ ᠵᠢᠨ ᠢᠨᠵᠧᠨᠧᠷᠢᠩ᠎ᠢ ᠣᠲᠣ ᠶᠠᠭ ᠪᠥᠬᠥ ᠲᠠᠯ᠎ᠠ᠎ᠪᠠᠷ ᠠᠬᠢᠭᠤᠯᠵᠤ ᠪᠠᠢ᠌ᠨ᠎ᠠ᠂ ᠢᠷᠡᠭᠡᠳᠦᠢ᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠤᠷᠭ᠋ᠠᠨ ᠬᠥᠮᠦᠵᠢᠯ᠂ ᠵᠤᠭ᠋ᠠᠴᠠᠯ᠎ᠢ ᠨᠢᠭᠡ ᠴᠣᠭᠴᠠᠵᠢᠭᠤᠯᠤᠭᠰᠠᠨ ᠰᠣᠶᠣᠯ᠎ᠤᠨ ᠪᠡᠯᠭᠡ ᠲᠡᠮᠳᠡᠭ ᠪᠣᠯᠭ᠋ᠠᠨ ᠴᠣᠭᠴᠠᠯᠠᠬᠤ ᠪᠣᠯᠣᠨ᠎ᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠳᠣᠯᠣᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩ ᠬᠠᠷᠢᠴᠠᠯ᠎ᠤᠨ ᠵᠣᠭᠤᠰ᠎ᠤᠨ ᠲᠤᠭ᠎ᠠ᠎ᠪᠠᠷ ᠬᠠᠮᠤᠭ᠎ᠤᠨ ᠶᠡᠭᠡ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠲᠥᠷᠥᠯ ᠵᠦᠢ᠍ᠯ᠎ᠢ ᠪᠣᠳᠠᠲᠠᠶ᠋ᠢᠵᠢᠭᠤᠯᠪᠠ
ᠬᠥᠬᠡᠮᠥ᠋ᠷᠡᠨ᠂ ᠬᠤᠸᠠᠢ ᠾᠧ ᠭᠤᠤᠯ ᠵᠡᠷᠭᠡ ᠰᠠᠪᠠ ᠭᠠᠵᠠᠷ᠎ᠨᠢ ᠦᠶᠡᠷ᠎ᠤᠨ ᠬᠤᠭᠤᠴᠠᠭ᠎ᠠ᠎ᠠᠴᠠ ᠨᠠᠰᠢᠬᠢ ᠬᠠᠮᠤᠭ᠎ᠤᠨ ᠰᠢᠷᠦᠭᠦᠨ ᠪᠣᠷᠣᠭ᠋ᠠᠨ᠎ᠤ ᠶᠠᠪᠤᠴᠠ᠎ᠳᠤ ᠤᠷᠤᠬᠤ ᠪᠤᠯᠤᠨ᠎ᠠ ᠤᠰᠤᠨ ᠠᠰᠢᠭᠯᠠᠯᠲᠠ ᠵᠢᠨ ᠶᠠᠮᠤᠨ ᠦᠶᠡᠷ᠎ᠠᠴᠠ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ
ᠲᠥᠪ᠎ᠤᠨ ᠡᠳ᠋᠎ᠤᠨ ᠵᠠᠰᠠᠭ 11.6 ᠳ᠋ᠦᠩᠰᠢᠭᠤᠷ ᠭᠠᠷᠤᠢ ᠲᠦᠭᠦᠷᠢᠭ ᠭᠠᠷᠭ᠋ᠠᠵᠦ ᠥᠪᠥᠷ ᠮᠣᠩᠭ᠍ᠣᠯ᠎ᠤᠨ 12 ᠭᠣᠣᠯᠳᠠᠯᠭ᠎ᠠ᠎ᠲᠠᠢ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠪᠡ
 
            