ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠠᠭ᠋ᠠᠵᠤ ᠮᠡᠳᠡᠭᠰᠡᠨ᠎ᠨᠢ᠂ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠬᠦ ᠪᠠ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠤᠰᠤ ᠠᠷᠪᠢᠯᠠᠵᠤ ᠤᠰᠤ ᠬᠢᠵᠠᠭ᠋ᠠᠷᠯᠠᠬᠤ ᠪᠡᠬᠢᠯᠡᠯᠲᠡ ᠳᠠᠭ᠋ᠠᠷᠢᠬᠤ ᠳᠠᠢ᠍ᠯᠠᠯᠳᠤᠭ᠋ᠠᠨᠢ ᠰᠠᠢ᠌ᠲᠤᠷ ᠬᠢᠬᠦ ᠵᠢᠨ ᠲᠤᠰᠠᠳᠠ᠂ ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ ᠠᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠲᠤ ᠤᠰᠤ ᠬᠡᠷᠡᠭᠯᠡᠬᠦ ᠠᠯᠪᠠᠳᠠᠯᠭ᠎ᠠ ᠵᠢᠨ ᠴᠢᠨᠠᠷᠲᠠᠢ ᠨᠣᠷᠮ᠎ᠠ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) ᠵᠢ ᠳᠠᠷᠤᠮᠠᠯᠯᠠᠨ ᠲᠠᠷᠬᠠᠭ᠋ᠠᠵᠤ᠂ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ᠂ ᠤᠰᠤ ᠶᠡᠬᠡ ᠬᠣᠷᠣᠭᠳᠠᠭᠤᠯᠬᠤ ᠦᠢ᠍ᠯᠡᠴᠢᠯᠡᠭᠡᠨ᠎ᠤ ᠦᠢ᠍ᠯᠡᠰ᠎ᠲᠤ ᠤᠰᠤ ᠬᠡᠷᠡᠭᠯᠡᠬᠦ ᠠᠯᠪᠠᠳᠠᠯᠭ᠎ᠠ ᠵᠢᠨ ᠴᠢᠨᠠᠷᠲᠠᠢ ᠨᠣᠷᠮ᠎ᠠ ᠲᠣᠭᠲᠠᠭ᠋ᠠᠬᠤ ᠬᠠᠮᠢᠶᠠᠷᠤᠯᠲᠠ ᠵᠢ ᠬᠡᠷᠡᠭᠵᠢᠭᠦᠯᠪᠡ᠃
ᠣᠶ᠋ᠢᠯᠠᠭ᠋ᠠᠭᠰᠠᠨ ᠵᠶ᠋ᠠᠷ᠂ ᠲᠣᠰ ᠬᠠᠮᠢᠶᠠᠷᠤᠯᠲᠠ ᠵᠢᠨ ᠠᠷᠭ᠎ᠠ᠎ᠨᠢ ᠢᠯᠴᠢ ᠵᠢᠨ ᠴᠠᠬᠢᠯᠭ᠋ᠠᠨ᠂ ᠨᠡᠭᠦᠷᠡᠰᠦ ᠰᠣᠩᠭᠤᠬᠤ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠪᠣᠯᠣᠳ ᠲᠡᠮᠦᠷ᠂ ᠴᠢᠯᠠᠭᠤᠨ ᠲᠣᠰᠣ ᠬᠢᠮᠢ ᠪᠠ ᠬᠢᠮᠢ ᠵᠢᠨ ᠠᠵᠤ ᠦᠢ᠍ᠯᠡᠳᠪᠦᠷᠢ᠂ ᠬᠥᠩᠭᠡᠨ ᠴᠠᠭ᠋ᠠᠨ ᠵᠡᠷᠭᠡ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠵᠢᠴᠢ ᠵᠣᠴᠢᠳ᠎ᠤᠨ ᠪᠠᠭᠤᠳᠠᠯ᠂ ᠤᠮᠪᠠᠯᠲᠠ ᠵᠢᠨ ᠲᠠᠯᠠᠪᠤᠷ᠂ ᠲᠡᠷᠭᠡ ᠤᠬᠢᠶᠠᠬᠤ ᠭᠠᠵᠠᠷ᠂ ᠪᠡᠶ᠎ᠡ ᠤᠬᠢᠶᠠᠬᠤ ᠭᠠᠵᠠᠷ᠂ ᠶᠡᠭᠡ ᠳᠡᠭᠡᠳᠦ ᠰᠤᠷᠭ᠋ᠠᠭᠤᠯᠢ᠂ ᠬᠡᠷ᠎ᠤᠨ ᠭᠠᠳᠠᠨᠠᠬᠢ ᠬᠥᠮᠦᠨ᠎ᠤ ᠬᠦᠴᠦ᠎ᠪᠠᠷ ᠴᠠᠰᠤᠨ᠎ᠳᠤ ᠭᠤᠯᠭᠤᠬᠤ ᠲᠠᠯᠠᠪᠠᠶ ᠵᠡᠷᠭᠡ ᠤᠰᠤ ᠶᠡᠭᠡ ᠬᠤᠷᠣᠭᠳᠠᠭᠤᠯᠬᠤ ᠦᠢ᠍ᠯᠡᠴᠢᠯᠡᠭᠡᠨ᠎ᠤ ᠦᠢ᠍ᠯᠡᠰ᠎ᠲᠤ ᠤᠰᠤ ᠶᠡᠭᠡ ᠬᠤᠷᠣᠭᠳᠠᠭᠤᠯᠬᠤ ᠠᠯᠪᠠᠳᠠᠯᠭ᠎ᠠ ᠵᠢᠨ ᠴᠢᠨᠠᠷᠲᠠᠶ᠎ᠪᠠᠷ ᠨᠣᠷᠮ᠎ᠠ ᠲᠣᠭᠲᠠᠭ᠋ᠠᠨ ᠬᠠᠮᠢᠶᠠᠷᠬᠤ ᠵᠢ ᠬᠡᠷᠡᠭᠵᠢᠭᠦᠯᠦᠨ᠎ᠡ᠃ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠲᠥᠷᠥᠯ ᠵᠦᠢ᠍ᠯ᠎ᠳᠤ ᠪᠣᠯ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ᠎ᠨᠢ ᠨᠢᠭᠡᠨᠲᠡ ᠵᠥᠪᠰᠢᠶᠡᠷᠡᠵᠦ ᠪᠣᠯᠬᠤ ᠦᠭᠡᠶ ᠤᠰᠤ ᠠᠪᠬᠤ ᠵᠥᠪᠰᠢᠶᠡᠷᠡᠯ᠎ᠳᠤ ᠨᠢᠭᠡᠨᠲᠡ ᠵᠥᠪᠰᠢᠶᠡᠷᠡᠭᠰᠡᠨ ᠪᠣᠯᠪᠠᠴᠤ ᠪᠠᠷᠢᠮᠵᠢᠶ᠎ᠠ᠎ᠳᠤ ᠬᠦᠷᠦᠭᠡᠳᠦᠶ ᠲᠥᠷᠥᠯ ᠵᠦᠢ᠍ᠯ᠎ᠳᠤ ᠪᠣᠯ ᠬᠤᠭᠤᠴᠠᠭ᠎ᠠ ᠬᠢᠵᠠᠭ᠋ᠠᠷᠯᠠᠵᠤ ᠪᠠᠶ᠋ᠢᠭ᠋ᠠᠳ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠬᠢᠵᠦ᠂ ᠥᠭᠡᠷᠡᠴᠢᠯᠡᠭᠰᠡᠨ᠎ᠤ ᠳᠠᠷᠠᠭ᠎ᠠ ᠮᠥᠨ ᠬᠦ᠌ ᠪᠠᠷᠢᠮᠵᠢᠶ᠎ᠠ᠎ᠳᠤ ᠨᠡᠶ᠋ᠢᠴᠡᠬᠦ ᠦᠭᠡᠶ ᠪᠣᠯ ᠤᠰᠤ ᠠᠪᠬᠤ ᠵᠥᠪᠰᠢᠶᠡᠷᠡᠯ᠎ᠢ᠎ᠨᠢ ᠦᠷᠭᠦᠯᠵᠢᠯᠡᠭᠦᠯᠵᠦ ᠪᠣᠯᠬᠤ ᠦᠭᠡᠶ; ᠤᠰᠤ ᠬᠡᠷᠡᠭᠯᠡᠬᠦ ᠨᠢᠭᠡᠴᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠬᠤᠪᠢᠷᠠᠯᠲᠠ ᠪᠣᠯᠤᠨ ᠤᠰᠤ ᠠᠷᠪᠢᠯᠠᠬᠤ ᠥᠭᠡᠷᠡᠴᠢᠯᠡᠯᠲᠡ ᠵᠢᠨ ᠠᠬᠢᠴᠠ ᠵᠢ᠎ᠨᠢ ᠦᠨᠳᠦᠰᠦᠯᠡᠨ ᠤᠰᠤ ᠬᠡᠷᠡᠭᠯᠡᠬᠦ ᠲᠥᠯᠥᠪᠯᠡᠭᠡ ᠵᠢ᠎ᠨᠢ ᠵᠦᠢ ᠵᠣᠬᠢᠰᠲᠠᠶ ᠲᠣᠬᠢᠷᠠᠭᠤᠯᠵᠤ᠂ ᠦᠢ᠍ᠯᠡᠳᠪᠦᠷᠢᠯᠡᠯ᠎ᠤᠨ ᠬᠡᠷᠡᠭᠴᠡᠭᠡ ᠱᠠᠭ᠋ᠠᠷᠳᠠᠯᠭ᠎ᠠ ᠵᠢ᠎ᠨᠢ ᠬᠠᠩᠭ᠋ᠠᠬᠤ ᠮᠥᠷᠲᠡᠭᠡᠨ ᠤᠰᠤ ᠠᠷᠪᠢᠯᠠᠬᠤ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠰᠤᠨ᠎ᠤ ᠠᠰᠢᠭᠯᠠᠮᠵᠢ ᠵᠢᠨ ᠪᠠᠷᠢᠮᠵᠢᠶ᠎ᠠ᠎ᠲᠠᠢ ᠬᠠᠷᠭᠤᠭᠤᠯᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠂ ᠲᠦᠷᠢᠮ᠎ᠢ ᠪᠦᠷᠢᠨᠰᠢᠬᠦᠯᠬᠦ᠂ ᠬᠡᠮᠵᠢᠶ᠎ᠡ ᠵᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠪᠠ ᠦᠢ᠍ᠯᠡᠴᠢᠯᠡᠭᠡᠨ᠎ᠤ ᠦᠢ᠍ᠯᠡᠰ᠎ᠤᠨ ᠤᠰᠤ ᠬᠡᠷᠡᠭᠯᠡᠬᠦ ᠨᠢᠭᠡᠴᠢ ᠵᠢᠨ ᠤᠰᠤ ᠠᠷᠪᠢᠯᠠᠬᠤ ᠴᠢᠳᠠᠪᠤᠷᠢ ᠪᠠ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠵᠢᠯᠣᠭᠤᠳᠤᠨ᠎ᠠ᠃ ᠡᠭᠦᠨ᠎ᠤ ᠬᠠᠮᠲᠤ᠂ ᠤᠰᠤ ᠠᠷᠪᠢᠯᠠᠬᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠋ᠠᠨ᠎ᠤ ᠦᠢ᠍ᠯᠡᠳᠦᠯ᠎ᠢ ᠪᠠᠳᠠᠷᠠᠭᠤᠯᠤᠨ᠂ ᠪᠣᠯᠪᠠᠰᠤᠷᠠᠩᠭᠤᠶ ᠪᠣᠯᠤᠭᠰᠠᠨ ᠤᠰᠤ ᠠᠷᠪᠢᠯᠠᠬᠤ ᠮᠡᠷᠭᠡᠵᠢᠯ ᠪᠠ ᠦᠢ᠍ᠯᠡᠳᠬᠦᠨ᠎ᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠤᠰᠤ ᠠᠷᠪᠢᠯᠠᠬᠤ ᠥᠭᠡᠷᠡᠴᠢᠯᠡᠯᠲᠡ ᠵᠢᠨ ᠳᠤᠮᠳᠠ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠢ ᠳᠡᠯᠭᠡᠷᠡᠭᠦᠯᠦᠨ᠂ 《ᠤᠰᠤ ᠠᠷᠪᠢᠯᠠᠬᠤ ᠵᠢᠭᠡᠯᠡᠯᠭᠡ》᠂ 《ᠤᠰᠤᠨ᠎ᠤ ᠡᠷᠬᠡ ᠵᠢᠨ ᠵᠢᠭᠡᠯᠡᠯᠭᠡ》 ᠵᠡᠷᠭᠡ ᠵᠦᠶ ᠶᠣᠰᠣᠨ᠎ᠤ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢ ᠪᠥᠬᠦ ᠲᠠᠯ᠎ᠠ᠎ᠪᠠᠷ ᠠᠬᠢᠭᠤᠯᠵᠤ᠂ ᠤᠰᠤ ᠠᠷᠪᠢᠯᠠᠬᠤ ᠭᠤᠤᠯ ᠴᠣᠭᠴᠠ᠎ᠳᠤ ᠮᠡᠷᠭᠡᠵᠢᠯ᠎ᠤᠨ ᠪᠠᠲᠤᠯᠠᠭ᠎ᠠ ᠪᠠ ᠪᠠᠯᠠ ᠮᠥᠩᠭᠦ ᠵᠢᠨ ᠳᠡᠮᠵᠢᠯᠭᠡ ᠬᠠᠩᠭ᠋ᠠᠨ᠎ᠠ᠃