ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠪᠦᠬᠦ ᠤᠯᠤᠰ᠎ᠲᠤ ᠲᠦᠷᠦᠭᠦᠯᠡᠪᠡ! ᠥᠪᠥᠷ ᠮᠣᠩᠭᠤᠯ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶᠡᠵᠢᠯ 1.4 ᠳ᠋ᠦᠩᠰᠢᠭᠤᠷ ᠺᠢᠯᠤᠸᠠᠲ᠎ᠢ ᠳᠠᠪᠠᠪᠠ
ᠨᠡᠶ᠋ᠢᠲᠡᠯᠡᠭᠰᠡᠨ ᠴᠠᠭ᠄ 2025-06-16

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶᠠᠨ᠎ᠠᠴᠠ  ᠰᠤᠷᠪᠤᠯᠵᠢᠯᠠᠭᠴᠢ ᠵᠢᠨ ᠣᠢ᠌ᠯᠠᠭ᠋ᠠᠭᠰᠠᠨ ᠵᠶ᠋ᠠᠷ  ᠂ ᠡᠨᠡ ᠵᠢᠯ᠎ᠤᠨ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ  ᠡᠨᠧᠷᠭᠢ ᠵᠢᠨ ᠶᠡᠷᠦᠩᠬᠡᠢ ᠮᠠᠰᠢᠨ  ᠴᠣᠭᠴᠠᠯᠠᠪᠤᠷᠢ 14309 ᠲᠦᠮᠡᠨ ᠺᠢᠯᠣᠸᠠᠲ᠎ᠲᠤ ᠬᠦᠷᠴᠦ᠂ ᠪᠦᠬᠦ ᠣᠷᠣᠨ᠎ᠤ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ  ᠴᠣᠭᠴᠠᠯᠠᠪᠤᠷᠢ ᠵᠢᠨ 52%᠎ᠢ ᠡᠵᠡᠯᠡᠵᠦ᠂ ᠪᠦᠬᠦ ᠤᠯᠤᠰ᠎ᠲᠠᠬᠢ  ᠰᠢᠨ᠎ᠡ  ᠡᠨᠧᠷᠭᠢ ᠵᠢᠨ ᠮᠠᠰᠢᠨ  ᠴᠣᠭᠴᠠᠯᠠᠪᠤᠷᠢ᠎ᠪᠠᠨ 1.4 ᠳ᠋ᠦᠩᠰᠢᠭᠤᠷ  ᠺᠢᠯᠣᠸᠠᠲ᠎ᠢ ᠳᠠᠪᠠᠭᠤᠯᠤᠭᠰᠠᠨ  ᠠᠩᠬᠠᠳᠠᠭᠴᠢ ᠮᠣᠵᠢ ᠣᠷᠣᠨ ᠪᠣᠯᠵᠤ᠂ ᠪᠦᠬᠦ ᠤᠯᠤᠰ᠎ᠤᠨ ᠰᠢᠨ᠎ᠡ  ᠡᠨᠧᠷᠭᠢ ᠵᠢᠨ ᠬᠥᠭᠵᠢᠯᠲᠡ᠎ᠳᠤ  ᠲᠡᠷᠢᠭᠦᠨ᠎ᠤ ᠪᠠᠢ᠌ᠷᠢ  ᠰᠠᠭᠤᠷᠢ᠎ᠪᠠᠨ ᠦᠷᠭᠦᠯᠵᠢᠯᠡᠨ ᠪᠠᠲᠤᠯᠠᠭᠰᠠᠨ ᠪᠠᠢ᠌ᠨ᠎ᠠ ᠃

   ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠨᠢ ᠤᠯᠤᠰ᠎ᠤᠨ ᠴᠢᠬᠤᠯᠠ ᠡᠨᠧᠷᠭᠢ ᠵᠢ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠯᠤᠭ᠎ᠠ ᠨᠢᠭᠲᠠ ᠤᠶᠠᠯᠳᠤᠭᠤᠯᠤᠨ᠂  ᠰᠢᠨ᠎ᠡ ᠡᠨᠧᠷᠭᠢ ᠵᠢ ᠨᠡᠭᠡᠭᠡᠨ ᠬᠥᠭᠵᠢᠭᠦᠯᠬᠦ ᠪᠥᠲᠥᠭᠡᠨ ᠪᠠᠶ᠋ᠢᠭᠤᠯᠤᠯᠲᠠ ᠵᠢ ᠴᠢᠩᠭ᠎ᠠ ᠠᠳᠬᠤᠵᠤ ᠲᠦᠷᠬᠡᠨ ᠠᠵᠢᠯᠯᠠᠭᠤᠯᠬᠤ ᠵᠢ ᠪᠠᠷᠢᠮᠲᠠᠯᠠᠵᠤ ᠂ ᠴᠠᠬᠢᠯᠭ᠋ᠠᠨ ᠬᠦᠴᠦᠨ᠎ᠤ  ᠲᠣᠤᠷ᠎ᠤᠨ ᠲᠥᠯᠥᠪᠵᠢᠭᠦᠯᠭᠡ ᠪᠥᠲᠥᠭᠡᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠬᠢᠨᠠᠨ ᠵᠥᠪᠰᠢᠶᠡᠷᠡᠬᠦ ᠭᠠᠷᠳᠠᠮ᠎ᠢ ᠳᠥᠭᠦᠮᠴᠢᠯᠡᠵᠦ᠂ ᠴᠠᠬᠢᠯᠭ᠋ᠠᠨ ᠬᠦᠴᠦᠨ᠎ᠤ ᠲᠣᠤᠷ᠎ᠤᠨ ᠪᠠ  ᠴᠠᠬᠢᠯᠭ᠋ᠠᠨ ᠡᠭᠦᠰᠭᠡᠭᠴᠢ ᠵᠢᠨ ᠲᠥᠷᠥᠯ ᠵᠦᠢ᠍ᠯ᠎ᠤᠳ᠎ᠢ  ᠵᠡᠷᠭᠡ᠎ᠪᠠᠷ ᠲᠥᠯᠥᠪᠵᠢᠭᠦᠯᠬᠦ᠂ ᠵᠡᠷᠭᠡ᠎ᠪᠠᠷ ᠪᠥᠲᠥᠭᠡᠨ ᠪᠠᠶ᠋ᠢᠭᠤᠯᠬᠤ᠂ ᠵᠡᠷᠭᠡ᠎ᠪᠠᠷ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠵᠤ᠂ ᠰᠢᠨ᠎ᠡ ᠡᠨᠧᠷᠭᠢ ᠵᠢᠨ ᠬᠥᠭᠵᠢᠯᠲᠡ ᠵᠢ ᠪᠥᠬᠦ ᠤᠯᠤᠰ᠎ᠲᠤ ᠳᠠᠭ᠋ᠠᠭᠤᠯᠤᠨ ᠲᠦᠷᠦᠭᠦᠯᠡᠭᠦᠯᠬᠦ ᠵᠢ  ᠪᠡᠶᠡᠯᠡᠭᠦᠯᠪᠡ᠃  ᠡᠨᠡ ᠵᠢᠯ᠎ᠤᠨ 1 - 5 ᠳ᠋ᠤᠭ᠋ᠠᠷ ᠰᠠᠷ᠎ᠠ᠎ᠳᠤ᠂ ᠪᠥᠬᠦ ᠣᠷᠣᠨ᠎ᠤ ᠰᠢᠨ᠎ᠡ ᠡᠨᠧᠷᠭᠢ᠎ᠪᠠᠷ  ᠴᠠᠬᠢᠯᠭ᠋ᠠᠨ ᠭᠠᠷᠭ᠋ᠠᠭᠰᠠᠨ ᠬᠡᠮᠵᠢᠶ᠎ᠡ 1247 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 39.5%᠎ᠪᠠᠷ ᠨᠡᠮᠡᠭᠳᠡᠨ᠂ ᠪᠥᠬᠦ ᠣᠷᠣᠨ᠎ᠤ  ᠴᠠᠬᠢᠯᠭ᠋ᠠᠨ ᠭᠠᠷᠭ᠋ᠠᠭᠰᠠᠨ  ᠶᠡᠷᠦᠩᠬᠡᠶ  ᠬᠡᠮᠵᠢᠶᠡᠨ᠎ᠤ 36% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 9 ᠵᠠᠭᠤᠨ᠎ᠤ ᠴᠡᠭ ᠳᠡᠭᠡᠭᠰᠢᠯᠡᠪᠡ᠃ ᠡᠭᠦᠨ᠎ᠳᠤ᠂ ᠭᠠᠳᠠᠭᠰᠢ ᠬᠦᠷᠭᠡᠭᠰᠡᠨ ᠰᠢᠨ᠎ᠡ ᠡᠨᠧᠷᠭᠢ ᠵᠢᠨ ᠬᠡᠮᠵᠢᠶ᠎ᠡ 430 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 62% ᠵᠶ᠋ᠠᠷ ᠳᠡᠭᠡᠭᠰᠢᠯᠡᠪᠡ; ᠲᠤᠬᠠᠢ ᠵᠢᠨ ᠭᠠᠵᠠᠷ ᠣᠷᠣᠨ᠎ᠳᠤ᠎ᠪᠠᠨ ᠪᠠᠭᠲᠠᠭ᠋ᠠᠨ ᠬᠡᠷᠡᠭᠯᠡᠭᠰᠡᠨ ᠬᠡᠮᠵᠢᠶ᠎ᠡ 817 ᠳ᠋ᠦᠩᠰᠢᠭᠤᠷ ᠺᠢᠯᠣᠸᠠᠲ ᠴᠠᠭ᠎ᠲᠤ ᠬᠦᠷᠴᠦ ᠂ ᠠᠳᠠᠯᠢ ᠬᠤᠭᠤᠴᠠᠭ᠋ᠠᠨ᠎ᠤ᠎ᠬᠢ᠎ᠠᠴᠠ 30.3%᠎ᠪᠠᠷ ᠳᠡᠭᠡᠭᠰᠢᠯᠡᠪᠡ᠃ ᠤᠰᠤᠨ᠎ᠤ ᠪᠤᠰᠤ ᠳᠠᠬᠢᠯᠲᠠ  ᠡᠨᠧᠷᠭᠢ ᠵᠢᠨ ᠴᠠᠬᠢᠯᠭ᠋ᠠᠨ ᠬᠦᠴᠦᠨ᠎ᠤ ᠪᠠᠭᠲᠠᠭ᠋ᠠᠨ ᠬᠡᠷᠡᠭᠯᠡᠬᠦ  ᠬᠠᠷᠢᠭᠤᠴᠠᠯᠭ᠎ᠠ ᠵᠢᠨ ᠡᠵᠡᠯᠡᠬᠦ ᠬᠤᠪᠢᠳᠠᠯ᠎ᠨᠢ 36.8%᠎ᠳᠤ ᠬᠦᠷᠪᠡ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠦᠷᠭᠦᠯᠵᠢᠯᠡᠨ ᠪᠠᠳᠠᠷᠠᠭᠤᠯᠵᠤ᠂ 《ᠡᠯᠡᠰᠦ ᠭᠣᠪᠢ ᠴᠥᠯ 》  ᠭᠠᠵᠠᠷ᠎ᠤᠨ ᠲᠣᠮᠣ ᠬᠡᠪᠴᠢᠶᠡᠨ᠎ᠤ  ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ  ᠴᠡᠨᠡᠭ᠎ᠤᠨ ᠰᠠᠭᠤᠷᠢᠨ ᠭᠠᠵᠠᠷ᠂ ᠡᠯᠡᠰᠦ ᠵᠢ ᠰᠡᠷᠭᠡᠶ᠋ᠢᠯᠡᠵᠦ ᠡᠯᠡᠰᠦᠷᠬᠡᠭᠵᠢᠯ᠎ᠢ  ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ  ᠴᠡᠨᠡᠭ᠎ᠤᠨ ᠠᠵᠤ ᠦᠢ᠍ᠯᠡᠰ᠎ᠢ ᠨᠢᠭᠡ ᠴᠣᠭᠴᠠᠵᠢᠭᠤᠯᠬᠤ᠂ ᠭᠡᠷᠡᠯᠴᠢ  ᠴᠡᠨᠡᠭ ᠵᠶ᠋ᠠᠷ ᠬᠠᠪᠰᠤᠷᠤᠨ ᠲᠡᠳᠬᠦᠬᠦ ᠵᠡᠷᠭᠡ ᠭᠤᠤᠯᠳᠠᠯᠭ᠎ᠠ ᠪᠣᠯᠬᠤ ᠢᠨᠵᠧᠨᠧᠷᠢᠩ᠎ᠤᠨ ᠲᠥᠷᠥᠯ ᠵᠦᠢ᠍ᠯ᠎ᠤᠳ᠎ᠤᠨ  ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠡᠨᠡ ᠵᠢᠯ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ  ᠰᠢᠨ᠎ᠡ᠎ᠪᠠᠷ  4000 ᠲᠦᠮᠡᠨ ᠺᠢᠯᠣᠸᠠᠲ ᠴᠠᠭ  ᠨᠡᠮᠡᠭᠳᠡᠭᠦᠯᠬᠦ ᠵᠢ ᠦᠨᠡᠨ ᠬᠦ᠌ ᠪᠠᠲᠤᠯᠠᠵᠤ᠂ ᠰᠢᠨ᠎ᠡ ᠡᠨᠧᠷᠭᠢ ᠵᠢᠨ ᠶᠡᠷᠦᠩᠬᠡᠶ ᠬᠡᠪᠴᠢᠶᠡᠵᠢᠯ᠎ᠢ 1.7 ᠳ᠋ᠦᠩᠰᠢᠭᠤᠷ ᠺᠢᠯᠣᠸᠠᠲ ᠴᠠᠭ᠎ᠠᠴᠠ  ᠳᠠᠪᠠᠭᠤᠯᠵᠤ ᠂ ᠭᠠᠳᠠᠭᠰᠢ ᠬᠦᠷᠭᠡᠬᠦ ᠰᠢᠨ᠎ᠡ ᠡᠨᠧᠷᠭᠢ ᠵᠢᠨ  ᠴᠠᠬᠢᠯᠭ᠋ᠠᠨ᠎ᠤ ᠬᠡᠮᠵᠢᠶ᠎ᠡ ᠵᠢ 1000 ᠳ᠋ᠦᠩᠰᠢᠭᠤᠷ ᠺᠢᠯᠣᠸᠠᠲ ᠴᠠᠭ᠎ᠠᠴᠠ  ᠳᠠᠪᠠᠭᠤᠯᠵᠤ᠂ ᠤᠯᠤᠰ᠎ᠤᠨ 《ᠬᠤᠣᠰ ᠨᠡᠭᠦᠷᠡᠰᠦᠲᠥ᠋ᠷᠥᠭᠴᠢ》 ᠵᠢᠨ ᠬᠠᠷᠠᠯᠲᠠ ᠵᠢ ᠪᠡᠶᠡᠯᠡᠭᠦᠯᠬᠦ᠎ᠳᠤ ᠨᠠᠩ ᠶᠡᠭᠡ ᠬᠦᠴᠦᠨ ᠴᠢᠳᠠᠯ ᠵᠶ᠋ᠠᠨ ᠨᠡᠮᠡᠷᠢᠯᠡᠬᠦ ᠪᠣᠯᠣᠨ᠎ᠠ ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠬᠡᠷᠡᠭᠯᠡᠬᠦ ᠠᠯᠪᠠᠳᠠᠯᠭ᠎ᠠ ᠵᠢᠨ ᠴᠢᠨᠠᠷᠲᠠᠶ ᠨᠣᠷᠮ᠎ᠠ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ ᠵᠢ ᠨᠡᠶ᠋ᠢᠲᠡᠯᠡᠪᠡ
ᠤᠯᠤᠰ᠎ᠤᠨ ᠲᠠᠰ᠎ᠤᠨ ᠨᠡᠷᠡᠰ᠎ᠢ ᠨᠡᠢ᠌ᠲᠡᠯᠡᠪᠡ! ᠥᠪᠥᠷ ᠮᠣᠩᠭᠣᠯ᠎ᠳᠠᠬᠢ ᠪᠠᠭᠤᠷᠢ ᠵᠢᠨ ᠬᠣᠶᠠᠷ ᠴᠡᠴᠡᠷᠯᠢᠭ ᠰᠣᠩᠭᠣᠭᠳᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠳᠣᠯᠣᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩ ᠬᠠᠷᠢᠴᠠᠯ᠎ᠤᠨ ᠵᠣᠭᠤᠰ᠎ᠤᠨ ᠲᠤᠭ᠎ᠠ᠎ᠪᠠᠷ ᠬᠠᠮᠤᠭ᠎ᠤᠨ ᠶᠡᠭᠡ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠲᠥᠷᠥᠯ ᠵᠦᠢ᠍ᠯ᠎ᠢ ᠪᠣᠳᠠᠲᠠᠶ᠋ᠢᠵᠢᠭᠤᠯᠪᠠ
 
            