ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠳᠣᠯᠣᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-06-16

  6 ᠳ᠋ᠤᠭ᠋ᠠᠷ ᠰᠠᠷ᠎ᠠ ᠵᠢᠨ 16᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠳᠣᠯᠣᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃


研讨会.jpg


   ᠬᠤᠷᠠᠯ᠎ᠠᠴᠠ 《ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ᠎ᠤᠨ ᠥᠭᠦᠯᠡᠯᠲᠡ ᠵᠢᠨ ᠲᠡᠭᠦᠪᠦᠷᠢ》 ᠵᠢᠨ ᠬᠡᠰᠡᠭ ᠪᠦᠯᠦᠭ᠎ᠤᠨ ᠠᠭᠤᠯᠭ᠎ᠠ᠂ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ 《ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠮᠡᠳᠡᠭᠳᠡᠯ》 ᠪᠣᠯᠤᠨ 《ᠨᠠᠮ ᠵᠠᠰᠠᠭ᠎ᠤᠨ ᠪᠠᠶ᠋ᠢᠭᠤᠯᠭ᠎ᠠ ᠰᠠᠶ᠋ᠢᠲᠤᠷ ᠠᠷᠪᠢᠯᠠᠨ ᠭᠠᠮᠨᠠᠵᠤ ᠪᠦᠷᠢᠯᠭᠡᠨ ᠰᠦᠢ᠍ᠳᠭᠡᠬᠦ ᠵᠢ ᠡᠰᠡᠷᠭᠦᠴᠡᠬᠦ ᠲᠦᠷᠢᠮ》᠎ᠢ ᠤᠯᠠᠮᠵᠢᠯᠠᠨ ᠰᠤᠷᠤᠯᠴᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠬᠤᠶᠠᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠪᠡ᠃ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ 13 ᠳ᠋ᠤᠭ᠋ᠠᠷ ᠤᠳᠠᠭ᠎ᠠ ᠵᠢᠨ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠦᠬᠦᠢ ᠠᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢᠨ ᠲᠣᠭᠤᠷᠢᠨ᠎ᠳᠤ᠂ 《ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠢ ᠴᠢᠩᠭ᠎ᠠ ᠴᠡᠭᠴᠡᠯᠡᠨ ᠵᠠᠰᠠᠬᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠬᠤ》᠎ᠪᠠᠷ ᠭᠤᠣᠯ ᠰᠡᠳᠦᠪ ᠪᠣᠯᠭ᠋ᠠᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠵᠤ᠂ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠲᠢᠩᠬᠢᠮ᠎ᠤᠨ ᠬᠠᠷᠢᠶ᠎ᠠ ᠬᠡᠰᠡᠭ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠶᠡᠭᠡ ᠬᠤᠷᠠᠯ ᠳᠡᠭᠡᠷ᠎ᠡ ᠰᠠᠨᠠᠯ ᠵᠶ᠋ᠠᠨ ᠰᠣᠯᠢᠯᠴᠠᠬᠤ ᠦᠭᠡ ᠬᠡᠯᠡᠵᠦ᠂ ᠪᠤᠰᠤᠳ ᠤᠨᠤᠯ᠎ᠤᠨ ᠰᠤᠷᠤᠯᠴᠠᠯᠭ᠎ᠠ ᠵᠢᠨ ᠭᠤᠣᠯ ᠳᠤᠭᠤᠶ᠋ᠢᠯᠠᠩ᠎ᠤᠨ ᠭᠡᠰᠢᠭᠦᠨ ᠪᠢᠴᠢᠭ᠎ᠤᠨ ᠬᠡᠯᠪᠡᠷᠢ᠎ᠪᠠᠷ ᠰᠠᠨᠠᠯ ᠵᠶ᠋ᠠᠨ ᠰᠣᠯᠢᠯᠴᠠᠪᠠ᠃

   ᠬᠤᠷᠠᠯ᠎ᠠᠴᠠ᠂ ᠲᠡᠷᠡ ᠬᠡᠪ ᠵᠶ᠋ᠠᠷ᠎ᠨᠢ ᠰᠤᠷᠤᠯᠴᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠦᠵᠡᠯ ᠰᠠᠨᠠᠭ᠋ᠠᠨ᠎ᠤ ᠵᠠᠯᠠᠭᠤᠷ ᠵᠶ᠋ᠠᠨ ᠯᠠᠪᠳᠠᠭᠤᠨ ᠡᠵᠡᠮᠳᠡᠬᠦ ᠬᠡᠷᠡᠭᠲᠡᠢ᠃ ᠠᠰᠠᠭᠤᠳᠠᠯ᠎ᠳᠤ ᠴᠢᠭᠯᠡᠭᠦᠯᠦᠨ ᠰᠤᠷᠤᠯᠴᠠᠬᠤ ᠵᠢ ᠪᠠᠷᠢᠮᠲᠠᠯᠠᠵᠤ᠂ ᠰᠤᠷᠤᠯᠴᠠᠬᠤ᠎ᠪᠠᠷ ᠳᠠᠭ᠋ᠠᠭᠤᠯᠤᠨ ᠪᠠᠶ᠋ᠢᠴᠠᠭ᠋ᠠᠵᠤ᠂ ᠪᠠᠶ᠋ᠢᠴᠠᠭ᠋ᠠᠬᠤ᠎ᠪᠠᠷ ᠴᠡᠭᠴᠡᠯᠡᠨ ᠰᠠᠶ᠋ᠢᠵᠢᠷᠠᠭᠤᠯᠬᠤ ᠵᠢ ᠦᠨᠡᠨ ᠬᠦ᠌ ᠴᠢᠩᠭ᠋ᠠᠳᠬᠠᠵᠤ᠂ ᠰᠡᠷᠡᠮᠵᠢᠯᠡᠭᠦᠯᠬᠦ ᠬᠥᠮᠦᠵᠢᠯ᠎ᠢ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠠᠷᠯᠠᠨ ᠮᠡᠳᠡᠭᠳᠡᠭᠰᠡᠨ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠵᠤ᠂ ᠬᠡᠷᠡᠭ ᠵᠶ᠋ᠠᠷ ᠲᠤᠯᠢ ᠪᠣᠯᠭ᠋ᠠᠵᠤ᠂ ᠬᠡᠷᠡᠭ ᠵᠶ᠋ᠠᠷ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠵᠤ᠂ ᠪᠦᠬᠦ ᠺᠠᠳ᠋ᠷᠴᠤᠳ᠎ᠤᠨ ᠰᠠᠬᠢᠯᠭ᠎ᠠ ᠪᠠᠲᠤ ᠵᠢᠨ ᠤᠬᠠᠮᠰᠠᠷ᠂ ᠶᠣᠰᠣ ᠲᠦᠷᠢᠮ᠎ᠤᠨ ᠤᠬᠠᠮᠰᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠡᠷᠡᠭᠦᠯ ᠠᠮᠢᠳᠤᠷᠠᠯ᠎ᠤᠨ ᠳᠠᠳᠬᠠᠯ᠎ᠢ ᠬᠥᠮᠦᠵᠢᠭᠦᠯᠵᠦ᠂ ᠡᠷᠡᠭᠦᠯ ᠪᠤᠰᠤ ᠬᠡᠪ ᠰᠤᠷᠲᠠᠯ᠎ᠤᠨ ᠨᠡᠷᠪᠡᠯᠲᠡ ᠵᠢ ᠤᠬᠠᠮᠰᠠᠷ᠎ᠠᠴᠠ᠎ᠪᠠᠨ ᠬᠤᠷᠢᠭᠯᠠᠬᠤ ᠬᠡᠷᠡᠭᠲᠡᠢ᠃ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠰᠤᠷᠤᠯᠴᠠᠬᠤ ᠵᠢ ᠪᠠᠷᠢᠮᠲᠠᠯᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠰᠤᠷᠤᠯᠴᠠᠯᠭ᠎ᠠ ᠬᠥᠮᠦᠵᠢᠯ᠎ᠤᠨ ᠬᠡᠷᠡᠭᠵᠢᠭᠦᠯᠬᠦ ᠲᠥᠰᠦᠯ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ 《ᠨᠠᠮ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ ᠵᠢ ᠰᠤᠨᠤᠰᠴᠦ᠂ ᠨᠠᠮ ᠵᠶ᠋ᠠᠨ᠎ᠲᠠᠭᠠᠨ ᠤᠷᠤᠭᠰᠢᠯᠠᠬᠤ》 ᠪᠠᠶ᠋ᠢᠩᠭᠤᠵᠢᠭᠰᠠᠨ ᠤᠯᠠᠨ ᠲᠦᠮᠡᠨ᠎ᠤ ᠬᠥᠮᠦᠵᠢᠯ᠎ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠠᠵᠢᠯᠯᠠᠭ᠋ᠠᠨ》 ᠢᠯᠠᠩᠭᠤᠶ᠎ᠠ ᠤᠰᠤ ᠠᠷᠪᠢᠯᠠᠬᠤ ᠠᠵᠢᠯᠯᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠲᠠᠢ ᠨᠢᠭᠡᠳᠬᠡᠵᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠪᠠᠷ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ᠎ᠲᠠᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ᠎ᠪᠠᠷ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠪᠣᠯᠤᠨ ᠨᠠᠮ᠎ᠤᠨ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠤᠨ ᠰᠢᠨ᠎ᠡ ᠠᠬᠢᠴᠠ᠎ᠲᠠᠢ ᠪᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃

   ᠬᠤᠷᠠᠯ᠎ᠠᠴᠠ᠂ ᠪᠦᠬᠦ ᠨᠠᠮ᠎ᠤᠨ ᠭᠡᠰᠢᠭᠦᠨ ᠺᠠᠳ᠋ᠷ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠲᠤᠬᠠᠢ ᠵᠠᠷᠯᠠᠨ ᠮᠡᠳᠡᠭᠳᠡᠭᠰᠡᠨ ᠬᠡᠷᠡᠭ᠎ᠤᠨ ᠵᠢᠱ᠌ᠢᠶ᠎ᠡ᠎ᠠᠴᠠ ᠭᠦᠨᠵᠡᠭᠡᠢ ᠰᠤᠷᠭ᠋ᠠᠮᠵᠢ ᠠᠪᠴᠤ᠂ ᠭᠣᠷᠢᠳᠠᠬᠤ ᠰᠡᠳᠬᠢᠴᠡ ᠵᠢ ᠡᠷᠡᠰ ᠲᠠᠶᠠᠭᠳᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠵᠢᠷᠤᠮᠯᠠᠵᠤ᠂ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠬᠦ᠂ ᠬᠤᠷᠢᠭ᠎ᠠ ᠱᠤᠭᠤᠮ᠎ᠢ ᠰᠠᠬᠢᠬᠤ᠂ ᠬᠡᠷᠡᠭ ᠵᠶ᠋ᠠᠷ ᠲᠤᠯᠢ ᠪᠣᠯᠭ᠋ᠠᠬᠤ᠂ ᠴᠡᠭᠡᠷᠯᠡᠯ ᠪᠣᠯᠭ᠋ᠠᠬᠤ ᠵᠢ ᠪᠡᠶᠡᠯᠡᠭᠦᠯᠬᠦ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠬᠦᠨᠳᠦ ᠨᠣᠴᠢᠲᠠᠶ ᠤᠯᠤᠰ ᠲᠥᠷᠥ ᠵᠢᠨ ᠬᠤᠤᠷ ᠬᠥᠨᠥᠭᠡᠯ᠎ᠢ ᠭᠦᠨᠵᠡᠭᠡᠶ ᠲᠠᠨᠢᠵᠤ᠂ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠵᠦ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ 《ᠲᠣᠭᠲᠠᠭ᠋ᠠᠯ》᠎ᠨᠢ ᠶᠠᠭᠤ ᠪᠣᠯᠬᠤ᠂ 《ᠵᠥᠷᠢᠴᠡᠬᠦ》 ᠪᠠᠶ᠋ᠢᠳᠠᠯ᠎ᠢ ᠤᠶ᠋ᠢᠯᠠᠭ᠋ᠠᠨ ᠡᠵᠡᠮᠰᠢᠵᠦ᠂ ᠦᠵᠡᠯ ᠰᠠᠨᠠᠭ᠋ᠠᠨ᠎ᠤ ᠬᠤᠷᠢᠭ᠎ᠠ ᠱᠤᠭᠤᠮ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠠᠵᠢᠯᠯᠠᠭ᠎ᠠ ᠵᠢᠨ ᠵᠠᠭ᠋ᠠᠭ ᠬᠢᠵᠠᠭ᠋ᠠᠷ᠎ᠢ ᠲᠣᠳᠣᠷᠬᠠᠶ᠋ᠢᠯᠠᠨ᠂ ᠰᠤᠷᠤᠯᠴᠠᠯᠭ᠎ᠠ ᠬᠥᠮᠦᠵᠢᠯ᠎ᠤᠨ ᠠᠰᠠᠭᠤᠳᠠᠯ᠎ᠲᠠᠢ ᠤᠶᠠᠯᠳᠤᠭᠤᠯᠤᠨ 7 ᠲᠠᠯ᠎ᠠ ᠵᠢᠨ ᠭᠤᠤᠯᠳᠠᠯᠭ᠎ᠠ᠎ᠲᠠᠢ ᠡᠭᠦᠷᠭᠡ ᠵᠢᠨ ᠲᠣᠭᠤᠷᠢᠨ᠎ᠳᠤ ᠵᠤᠷᠪᠤᠰ ᠳᠠᠷᠠᠭ᠋ᠠᠯᠠᠨ ᠬᠠᠷᠭᠤᠭᠤᠯᠵᠤ᠂ ᠠᠰᠠᠭᠤᠳᠠᠯ᠎ᠢ ᠡᠷᠢᠵᠦ ᠨᠠᠷᠢᠨ ᠲᠠᠩᠰᠠ᠎ᠳᠤ ᠣᠷᠣᠭᠤᠯᠤᠨ᠂ ᠬᠠᠮᠢᠶ᠎ᠠ ᠪᠥᠬᠦᠶ ᠦᠢ᠍ᠯᠡ ᠠᠵᠢᠯᠯᠠᠭ᠎ᠠ ᠣᠷᠣᠰᠢᠵᠤ ᠪᠠᠶ᠋ᠢᠪᠠᠯ ᠲᠡᠷᠡ ᠳᠠᠷᠤᠶ᠎ᠳᠤᠨᠢ ᠬᠡᠷᠡᠭᠵᠢᠭᠦᠯᠵᠦ ᠲᠡᠷᠡ ᠳᠠᠷᠤᠶ᠎ᠳᠤᠨᠢ ᠥᠭᠡᠷᠡᠴᠢᠯᠡᠨ ᠰᠠᠶ᠋ᠢᠵᠢᠷᠠᠭᠤᠯᠵᠤ᠂ ᠪᠠᠭ᠎ᠠ ᠳᠡᠭᠡᠷ᠎ᠡ᠎ᠨᠢ ᠰᠡᠷᠭᠡᠶ᠋ᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

   ᠬᠤᠷᠠᠯ᠎ᠠᠴᠠ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ 《ᠨᠠᠮ ᠵᠠᠰᠠᠭ᠎ᠤᠨ ᠪᠠᠶ᠋ᠢᠭᠤᠯᠭ᠎ᠠ ᠰᠠᠶ᠋ᠢᠲᠤᠷ ᠭᠠᠮᠨᠠᠨ ᠠᠷᠪᠢᠯᠠᠵᠤ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠲᠦᠷᠢᠮ》᠎ᠤᠨ ᠭᠤᠣᠯ ᠠᠭᠤᠯᠭ᠎ᠠ ᠪᠣᠯᠤᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠨᠠᠷᠢᠨ ᠬᠢᠨᠠᠮᠠᠭ᠋ᠠᠢ ᠰᠤᠷᠤᠯᠴᠠᠨ ᠣᠨᠣᠪᠴᠢᠲᠠᠢ ᠡᠵᠡᠮᠳᠡᠵᠦ᠂ ᠲᠤᠭᠤᠰᠢᠯᠠᠭᠤᠯᠤᠨ ᠬᠡᠷᠡᠭᠵᠢᠭᠦᠯᠬᠦ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ 《ᠲᠦᠷᠢᠮ》᠎ᠤᠨ ᠡᠯ᠎ᠡ ᠵᠦᠢ᠍ᠯ᠎ᠤᠨ ᠲᠣᠭᠲᠠᠭ᠋ᠠᠯ᠎ᠲᠠᠢ ᠬᠠᠷᠢᠴᠠᠭᠤᠯᠵᠤ᠂ ᠲᠤᠰ ᠪᠡᠶ᠎ᠡ ᠵᠢᠨ ᠠᠵᠢᠯ᠎ᠤᠨ ᠪᠣᠳᠠᠲᠤ ᠪᠠᠶ᠋ᠢᠳᠠᠯ ᠪᠠ ᠠᠮᠢᠳᠤᠷᠠᠯ᠎ᠤᠨ ᠳᠠᠳᠬᠠᠯ᠎ᠲᠠᠢ ᠤᠶᠠᠯᠳᠤᠭᠤᠯᠤᠨ᠂ ᠲᠤᠰ ᠪᠡᠶ᠎ᠡ ᠵᠢᠨ ᠠᠷᠪᠢᠯᠠᠨ ᠭᠠᠮᠨᠠᠵᠤ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠲᠠᠯ᠎ᠠ᠎ᠪᠠᠷ ᠣᠷᠣᠰᠢᠵᠤ ᠪᠠᠶ᠋ᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ᠎ᠪᠠᠨ ᠡᠷᠢᠵᠦ᠂ ᠤᠯᠤᠰ ᠲᠦᠷᠦ ᠵᠢᠨ ᠲᠣᠭᠲᠠᠯ ᠬᠦᠴᠦᠨ᠂ ᠰᠠᠬᠢᠯᠭ᠎ᠠ ᠪᠠᠲᠤ ᠵᠢᠨ ᠲᠣᠭᠲᠠᠯ ᠬᠦᠴᠦᠨ᠂ ᠶᠣᠰᠣ ᠰᠤᠷᠲᠠᠬᠤᠨ᠎ᠤ ᠲᠣᠭᠲᠠᠯ ᠬᠦᠴᠦᠨ᠂ ᠢᠯᠵᠠᠷᠠᠯ᠎ᠢ ᠡᠰᠡᠷᠭᠦᠴᠡᠬᠦ ᠲᠣᠭᠲᠠᠯ ᠬᠦᠴᠦᠨ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠲᠤᠰ ᠪᠡᠶ᠎ᠡ ᠵᠢᠨ ᠨᠠᠮᠴᠢ ᠴᠢᠨᠠᠷ᠎ᠤᠨ ᠪᠣᠯᠪᠠᠰᠤᠷᠠᠯ ᠪᠠ ᠦᠵᠡᠯ ᠰᠠᠨᠠᠭ᠋ᠠᠨ᠎ᠤ ᠠᠬᠤᠢ ᠪᠠᠶ᠋ᠢᠳᠠᠯ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠢ ᠨᠢᠭᠡ ᠵᠦᠢ᠍ᠯ᠎ᠤᠨ ᠦᠷᠳᠡᠭ᠎ᠤᠨ ᠬᠥᠭᠡᠭᠡᠴᠡᠯᠳᠦᠯ ᠪᠠ ᠦᠢ᠍ᠯᠡ ᠠᠵᠢᠯᠯᠠᠭ᠎ᠠ ᠵᠢᠨ ᠤᠬᠠᠮᠰᠠᠷ᠎ᠢ ᠪᠤᠢ ᠪᠤᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃

   ᠬᠤᠷᠠᠯ᠎ᠠᠴᠠ᠂ ᠤᠰᠤᠨ ᠠᠰᠢᠭᠯᠠᠯᠲᠠ ᠵᠢᠨ ᠲᠢᠩᠬᠢᠮ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠰᠠᠶ᠋ᠢᠲᠤᠷ ᠨᠠᠶ᠋ᠢᠳᠠᠪᠤᠷᠢᠵᠢᠭᠤᠯᠵᠤ᠂ ᠺᠠᠳ᠋ᠷ ᠨᠢᠭᠡᠪᠦᠷᠢ ᠵᠢ ᠦᠨᠡᠨ ᠬᠦ᠌ ᠬᠥᠲᠥᠯᠥᠨ ᠵᠢᠯᠣᠭᠤᠳᠴᠤ ᠪᠠᠶ᠋ᠢᠭ᠋ᠠᠳ ᠭᠦᠨᠵᠡᠭᠡᠶ ᠲᠤᠩᠭ᠋ᠠᠨ ᠪᠣᠳᠣᠯᠬᠢᠯᠠᠵᠤ᠂ ᠡᠭᠦᠨ ᠵᠶ᠋ᠠᠷ ᠴᠡᠭᠡᠷᠯᠡᠯ ᠪᠣᠯᠭ᠋ᠠᠵᠤ᠂ 《ᠢᠳᠡᠭᠡᠨ ᠤᠮᠳᠠᠭ᠋ᠠᠨ᠎ᠤ ᠲᠠᠯ᠎ᠠ᠎ᠪᠠᠷ᠎ᠬᠢ ᠢᠯᠵᠠᠷᠠᠯ》᠎ᠢ ᠡᠰᠡᠷᠭᠦᠴᠡᠨ ᠬᠤᠷᠢᠭᠯᠠᠬᠤ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠵᠠᠷᠯᠢᠭ ᠴᠠᠭ᠋ᠠᠵᠠ ᠵᠢ ᠡᠷᠡᠰ ᠬᠡᠷᠡᠭᠵᠢᠭᠦᠯᠬᠦ ᠬᠡᠷᠡᠭᠲᠡᠶ᠃ ᠬᠢᠨᠠᠨ ᠪᠤᠳᠤᠵᠤ ᠬᠠᠷᠢᠭᠤ ᠲᠤᠰᠬᠠᠭᠰᠠᠨ ᠠᠰᠠᠭᠤᠳᠠᠯ᠎ᠤᠨ ᠶᠣᠰᠣᠭ᠋ᠠᠷ᠂ ᠬᠠᠲᠠᠭᠤ ᠬᠢᠵᠠᠭ᠋ᠠᠷᠯᠠᠯ᠎ᠢ ᠴᠢᠩᠳᠠᠯᠠᠬᠤ ᠬᠡᠷᠡᠭᠲᠡᠶ᠃ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠦᠬᠦ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠠᠷᠪᠢᠯᠠᠨ ᠭᠠᠮᠨᠠᠬᠤ ᠤᠬᠠᠮᠰᠠᠷ᠎ᠢ ᠪᠤᠢ ᠪᠣᠯᠭ᠋ᠠᠵᠤ᠂ ᠪᠠᠭ᠎ᠠ᠎ᠪᠠᠷ ᠡᠬᠢᠯᠡᠨ ᠬᠢᠵᠦ᠂ ᠪᠦᠷᠢᠯᠭᠡᠨ ᠰᠦᠢ᠍ᠳᠬᠡᠬᠦ ᠠᠵᠢᠯᠯᠠᠭ᠎ᠠ ᠵᠢ ᠬᠤᠷᠢᠭᠯᠠᠬᠤ ᠬᠡᠷᠡᠭᠲᠡᠢ᠃ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠠᠵᠢᠯ᠎ᠤᠨ ᠬᠤᠷᠢᠶ᠎ᠠ ᠵᠢᠨ ᠠᠵᠢᠯ᠎ᠤᠨ ᠰᠠᠨᠠᠭᠤᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠰᠠᠭᠤᠳᠠᠯ᠎ᠤᠨ ᠨᠠᠷᠢᠨ ᠲᠠᠩᠰᠠ ᠵᠢ ᠬᠥᠳᠡᠯᠦᠩᠭᠦᠶ᠎ᠪᠠᠷ ᠰᠢᠨᠡᠳᠬᠡᠬᠦ ᠵᠢ ᠰᠠᠶ᠋ᠢᠲᠤᠷ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠠᠮᠢᠶ᠎ᠠ ᠪᠥᠬᠦᠶ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠲᠠᠢ ᠴᠢᠩᠭ᠎ᠠ ᠬᠠᠷᠢᠴᠠᠭᠤᠯᠤᠨ᠂ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠳ᠋ᠦᠩᠨᠡᠯᠲᠡ ᠪᠠ ᠳᠣᠤᠷ᠎ᠠ ᠬᠠᠭ᠋ᠠᠰ ᠵᠢᠯ᠎ᠤᠨ ᠠᠵᠢᠯ᠎ᠤᠨ ᠲᠥᠯᠥᠪᠵᠢᠭᠦᠯᠭᠡ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠴᠠᠭ᠎ᠢ ᠬᠠᠭ᠋ᠠᠰ᠎ᠠᠴᠠ ᠬᠡᠲᠦᠷᠡᠭᠦᠯᠵᠦ᠂ ᠡᠭᠦᠷᠭᠡ ᠵᠢ ᠬᠠᠭ᠋ᠠᠰ᠎ᠠᠴᠠ ᠬᠡᠲᠦᠷᠡᠭᠦᠯᠵᠦ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠬᠡᠷᠡᠭᠵᠢᠭᠦᠯᠦᠯᠲᠡ ᠵᠢ ᠴᠢᠩᠭ᠋ᠠᠳᠬᠠᠨ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠴᠢᠨᠠᠷ ᠰᠠᠶ᠋ᠢᠲᠠᠶ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

   ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ (ᠥᠷᠭᠡᠳᠬᠡᠭᠰᠡᠨ)᠎ᠤᠨ ᠭᠡᠰᠢᠭᠦᠨ᠂ ᠲᠢᠩᠬᠢᠮ᠎ᠤᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠶ ᠠᠩᠭᠢ ᠵᠢᠨ ᠭᠡᠰᠢᠭᠦᠨ ᠰᠤᠷᠤᠯᠴᠠᠯᠭ᠎ᠠ᠎ᠳᠤ ᠣᠷᠣᠯᠴᠠᠪᠠ᠃ (ᠡᠬᠡ ᠪᠢᠴᠢᠭ᠎ᠢ  ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩ ᠬᠠᠷᠢᠴᠠᠯ᠎ᠤᠨ ᠵᠣᠭᠤᠰ᠎ᠤᠨ ᠲᠤᠭ᠎ᠠ᠎ᠪᠠᠷ ᠬᠠᠮᠤᠭ᠎ᠤᠨ ᠶᠡᠭᠡ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠲᠥᠷᠥᠯ ᠵᠦᠢ᠍ᠯ᠎ᠢ ᠪᠣᠳᠠᠲᠠᠶ᠋ᠢᠵᠢᠭᠤᠯᠪᠠ
ᠬᠥᠬᠡᠮᠥ᠋ᠷᠡᠨ᠂ ᠬᠤᠸᠠᠢ ᠾᠧ ᠭᠤᠤᠯ ᠵᠡᠷᠭᠡ ᠰᠠᠪᠠ ᠭᠠᠵᠠᠷ᠎ᠨᠢ ᠦᠶᠡᠷ᠎ᠤᠨ ᠬᠤᠭᠤᠴᠠᠭ᠎ᠠ᠎ᠠᠴᠠ ᠨᠠᠰᠢᠬᠢ ᠬᠠᠮᠤᠭ᠎ᠤᠨ ᠰᠢᠷᠦᠭᠦᠨ ᠪᠣᠷᠣᠭ᠋ᠠᠨ᠎ᠤ ᠶᠠᠪᠤᠴᠠ᠎ᠳᠤ ᠤᠷᠤᠬᠤ ᠪᠤᠯᠤᠨ᠎ᠠ ᠤᠰᠤᠨ ᠠᠰᠢᠭᠯᠠᠯᠲᠠ ᠵᠢᠨ ᠶᠠᠮᠤᠨ ᠦᠶᠡᠷ᠎ᠠᠴᠠ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠦᠨ᠎ᠡ
ᠲᠥᠪ᠎ᠤᠨ ᠡᠳ᠋᠎ᠤᠨ ᠵᠠᠰᠠᠭ 11.6 ᠳ᠋ᠦᠩᠰᠢᠭᠤᠷ ᠭᠠᠷᠤᠢ ᠲᠦᠭᠦᠷᠢᠭ ᠭᠠᠷᠭ᠋ᠠᠵᠦ ᠥᠪᠥᠷ ᠮᠣᠩᠭ᠍ᠣᠯ᠎ᠤᠨ 12 ᠭᠣᠣᠯᠳᠠᠯᠭ᠎ᠠ᠎ᠲᠠᠢ ᠵᠠᠰᠠᠮᠠᠯ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠪᠡ
ᠰᠦᠨ ᠱᠤᠤ ᠴᠧᠩ ᠲᠦᠩᠯᠢᠶᠣᠣ ᠬᠣᠲᠠ᠎ᠳᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠲᠤᠬᠠᠢ ᠵᠢᠨ ᠲᠠᠯᠠᠪᠠᠶ᠎ᠠᠴᠠ ᠬᠢᠨᠠᠨ ᠵᠢᠯᠣᠭᠣᠳᠪᠠ
 
            