ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ ᠬᠦᠢ᠍ᠲᠡᠨ ᠠᠭᠤᠷ ᠠᠮᠢᠰᠬᠤᠯ᠎ᠤᠨ ᠬᠠᠮᠲᠤ ᠵᠢᠨ ᠨᠦᠯᠦᠭᠡᠯᠡᠯ᠎ᠠᠴᠠ ᠪᠣᠯᠵᠤ᠂ 6 ᠳ᠋ᠤᠭ᠋ᠠᠷ ᠰᠠᠷ᠎ᠠ ᠵᠢᠨ 19᠎ᠤ ᠡᠳᠦᠷ᠎ᠠᠴᠠ 21᠎ᠤ ᠡᠳᠦᠷ ᠪᠣᠯᠲᠠᠯ᠎ᠠ᠂ ᠬᠠᠲᠤᠨ ᠭᠤᠣᠯ᠂ ᠬᠤᠸᠠᠢ ᠾᠧ᠂ ᠵᠢᠶᠠᠩ ᠬᠤᠸᠠᠢ᠂ ᠵᠢᠶᠠᠩᠨᠠᠨ᠎ᠤ ᠡᠮᠦᠨᠡᠲᠦ ᠬᠡᠰᠡᠭ᠎ᠤᠨ ᠪᠠᠷᠠᠭᠤᠨ ᠬᠡᠰᠡᠭ᠂ ᠪᠠᠷᠠᠭᠤᠨ ᠡᠮᠦᠨᠡᠲᠦ ᠵᠡᠭᠦᠨ ᠬᠡᠰᠡᠭ᠎ᠤᠨ ᠡᠮᠦᠨ᠎ᠡ ᠬᠡᠰᠡᠭ᠂ ᠡᠮᠦᠨᠡᠲᠦ ᠬᠡᠰᠡᠭ᠎ᠤᠨ ᠪᠠᠷᠠᠭᠤᠨ ᠬᠡᠰᠡᠭ ᠵᠢᠴᠢ ᠬᠤᠪᠧᠶ ᠵᠡᠷᠭᠡ ᠭᠠᠵᠠᠷ᠎ᠲᠤ ᠶᠡᠭᠡ ᠪᠣᠷᠣᠭ᠋ᠠᠨ ᠣᠷᠣᠬᠤ ᠪᠣᠯᠣᠨ᠎ᠠ᠂ ᠭᠣᠣᠯ ᠪᠣᠷᠣᠭ᠋ᠠᠨ᠎ᠤ ᠣᠷᠣᠨ᠎ᠤ ᠳᠠᠪᠬᠤᠴᠠᠭᠰᠠᠨ ᠬᠡᠮᠵᠢᠶ᠎ᠡ᠎ᠨᠢ ᠥᠨᠳᠥᠷ᠂ ᠡᠭᠦᠨ᠎ᠳᠤ ᠠᠨᠾᠦ᠋ᠢ ᠵᠢᠨ ᠳᠤᠮᠳᠠ ᠬᠡᠰᠡᠭ᠂ ᠬᠤᠪᠧᠢ ᠵᠢᠨ ᠵᠡᠭᠦᠨ ᠡᠮᠦᠨ᠎ᠡ ᠬᠡᠰᠡᠭ᠂ ᠾᠧᠨᠠᠨ᠎ᠤ ᠡᠮᠦᠨ᠎ᠡ ᠪᠡᠶ᠎ᠡ᠂ ᠬᠤᠨᠠᠨ᠎ᠤ ᠪᠠᠷᠠᠭᠤᠨ ᠬᠣᠶ᠋ᠢᠲᠤ ᠬᠡᠰᠡᠭ᠂ ᠭᠦᠢ᠍ᠵᠧᠦ ᠵᠢᠨ ᠵᠡᠭᠦᠨ ᠡᠮᠦᠨ᠎ᠡ ᠬᠡᠰᠡᠭ ᠵᠡᠷᠭᠡ ᠭᠠᠵᠠᠷ᠎ᠲᠤ ᠰᠢᠷᠦᠭᠦᠨ ᠪᠣᠷᠣᠭ᠋ᠠᠨ ᠣᠷᠣᠨ᠎ᠠ᠂ ᠬᠡᠰᠡᠭ ᠭᠠᠵᠠᠷ᠎ᠲᠤ ᠣᠨᠴᠠ ᠶᠡᠬᠡ ᠳᠣᠭᠰᠢᠨ ᠪᠣᠷᠣᠭ᠋ᠠᠨ ᠣᠷᠣᠨ᠎ᠠ᠃
ᠲᠤᠰ ᠤᠳᠠᠭ᠋ᠠᠨ᠎ᠤ ᠰᠢᠷᠦᠭᠦᠨ ᠪᠣᠷᠣᠭ᠋ᠠᠨ᠎ᠤ ᠬᠠᠮᠤᠷᠬᠤ ᠬᠡᠪᠴᠢᠶ᠎ᠡ ᠥᠷᠭᠡᠨ᠂ ᠪᠣᠷᠣᠭ᠋ᠠᠨ᠎ᠤ ᠬᠦᠴᠦᠯᠡᠴᠡ ᠶᠡᠭᠡ᠂ ᠦᠶᠡᠷ ᠤᠰᠤᠲᠤᠯ᠎ᠤᠨ ᠭᠠᠮᠰᠢᠭ᠎ᠤᠨ ᠠᠶᠤᠯ ᠲᠦᠭᠰᠢᠭᠦᠷᠢ ᠶᠡᠭᠡ᠃ ᠡᠭᠦᠨ᠎ᠤ ᠨᠥᠯᠥᠭᠡ᠎ᠪᠠᠷ᠂ ᠬᠤᠸᠠᠢ ᠾᠧ ᠭᠤᠣᠯ᠎ᠤᠨ ᠳᠡᠭᠡᠳᠦ ᠳᠤᠮᠳᠠ ᠤᠷᠤᠰᠬᠠᠯ᠎ᠤᠨ ᠭᠤᠣᠯ ᠰᠠᠯᠪᠤᠷᠢ ᠤᠷᠤᠰᠬᠠᠯ᠂ ᠬᠥᠬᠡᠮᠥ᠋ᠷᠡᠨ᠎ᠤ ᠳᠤᠮᠳᠠ ᠳᠣᠣᠷᠠᠳᠤ ᠤᠷᠤᠰᠬᠠᠯ᠎ᠤᠨ ᠭᠤᠣᠯ ᠤᠷᠤᠰᠬᠠᠯ ᠵᠢᠴᠢ ᠰᠠᠯᠪᠤᠷᠢ ᠤᠷᠤᠰᠬᠠᠯ ᠦᠵᠢᠶᠠᠩ᠂ ᠴᠢᠩ ᠵᠢᠶᠠᠩ᠂ ᠳ᠋ᠦᠩ ᠲᠢᠩ ᠬᠤ᠌ ᠨᠠᠭᠤᠷ᠎ᠤᠨ ᠤᠰᠤᠨ ᠰᠢᠰᠲ᠋ᠧᠮ᠎ᠤᠨ ᠯᠢ ᠱᠦᠢ᠂ ᠶᠤᠸᠠᠨ ᠵᠢᠶᠠᠩ ᠮᠥᠷᠡᠨ᠂ ᠰᠢᠵᠢᠶᠠᠩ᠎ᠤᠨ ᠳᠡᠭᠡᠳᠦ ᠤᠷᠤᠰᠬᠠᠯ᠎ᠤᠨ ᠬᠤᠩ ᠱᠦᠢ ᠡᠾᠸ ᠭᠤᠣᠯ ᠵᠢᠴᠢ ᠰᠠᠯᠪᠤᠷᠢ ᠤᠷᠤᠰᠬᠠᠯ ᠯᠢᠦ ᠵᠢᠶᠠᠩ ᠵᠡᠷᠭᠡ ᠭᠤᠣᠯ ᠪᠣᠯᠬᠤ ᠭᠤᠣᠯ ᠤᠷᠤᠰᠬᠠᠯ᠎ᠤᠨ ᠤᠰᠤᠨ᠎ᠤ ᠶᠠᠪᠤᠴᠠ ᠢᠯᠡᠳᠲᠡ ᠨᠡᠮᠡᠭᠳᠡᠬᠦ ᠪᠣᠯᠤᠨ᠎ᠠ᠂ ᠡᠭᠦᠨ᠎ᠳᠤ ᠯᠢ ᠱᠦᠢᠨᠢ ᠪᠦᠬᠦ ᠱᠤᠭᠤᠮ ᠵᠶ᠋ᠠᠷ ᠰᠡᠷᠡᠮᠵᠢᠯᠡᠭᠦᠯᠬᠦ ᠱᠣᠭᠤᠮ᠎ᠢ ᠳᠠᠪᠠᠭ᠍ᠤ᠂ ᠬᠤᠸᠠᠢ ᠾᠧ ᠭᠤᠣᠯ᠎ᠤᠨ ᠳᠡᠭᠡᠳᠦ ᠤᠷᠤᠰᠬᠠᠯ᠎ᠤᠨ ᠭᠤᠣᠯ ᠤᠷᠤᠰᠬᠠᠯ᠎ᠳᠤ ᠰᠡᠷᠡᠮᠵᠢᠯᠡᠭᠦᠯᠬᠦ ᠱᠣᠭᠤᠮ᠎ᠠᠴᠠ ᠳᠠᠪᠠᠬᠤ ᠦᠶᠡᠷ ᠭᠠᠷᠴᠤ ᠮᠡᠳᠡᠨ᠎ᠡ᠂ ᠰᠢᠷᠦᠭᠦᠨ ᠪᠣᠷᠣᠭ᠋ᠠᠨ᠎ᠤ ᠣᠷᠣᠨ᠎ᠤ ᠬᠡᠰᠡᠭ ᠳᠤᠮᠳᠠ ᠵᠢᠵᠢᠭ ᠭᠤᠣᠯ ᠮᠥᠷᠡᠨ᠎ᠳᠤ ᠨᠡᠯᠢᠶᠡᠳ ᠶᠡᠭᠡ ᠦᠶᠡᠷ ᠭᠠᠷᠴᠤ ᠮᠡᠳᠡᠨ᠎ᠡ; ᠠᠨᠾᠦ᠋ᠢ ᠮᠤᠵᠢ ᠵᠢᠨ ᠡᠮᠦᠨᠡᠲᠦ ᠬᠡᠰᠡᠭ᠎ᠤᠨ ᠠᠭᠤᠯᠠᠷᠬᠠᠭ ᠣᠷᠣᠨ᠂ ᠬᠤᠪᠧᠶ ᠪᠣᠯᠤᠨ ᠾᠧᠨᠠᠨ᠎ᠤ ᠠᠭᠤᠯᠵᠠᠷ᠎ᠤᠨ ᠶᠡᠬᠡ ᠪᠠᠯ᠎ᠤᠨ ᠠᠭᠤᠯᠠᠷᠬᠠᠭ ᠣᠷᠣᠨ᠂ ᠯᠢ ᠱᠦᠢ᠂ ᠶᠤᠸᠠᠨ ᠱᠦᠢ ᠵᠢᠨ ᠰᠠᠪᠠ ᠭᠠᠵᠠᠷ᠂ ᠭᠦᠢ᠍ᠵᠧᠦ ᠵᠢᠨ ᠡᠮᠦᠨᠡᠲᠦ ᠬᠡᠰᠡᠭ᠂ ᠭᠣᠸᠠᠩᠰᠢ ᠵᠢᠨ ᠪᠠᠷᠠᠭᠤᠨ ᠬᠣᠶ᠋ᠢᠲᠤ ᠬᠡᠰᠡᠭ᠎ᠤᠨ ᠰᠢᠵᠢᠶᠠᠩ ᠰᠠᠯᠪᠤᠷᠢ ᠤᠷᠤᠰᠬᠠᠯ᠎ᠤᠨ ᠫᠠᠨ ᠵᠢᠶᠠᠩ ᠮᠥᠷᠡᠨ᠂ ᠮᠸᠩ ᠵᠢᠶᠠᠩ ᠮᠥᠷᠡᠨ᠎ᠤ ᠰᠠᠪᠠ ᠭᠠᠵᠠᠷ ᠵᠡᠷᠭᠡ᠎ᠳᠤ ᠠᠭᠤᠯᠠᠨ ᠦᠶᠡᠷ᠎ᠤᠨ ᠭᠠᠮᠰᠢᠭ ᠡᠭᠦᠰᠬᠦ ᠪᠣᠯᠤᠮᠵᠢᠲᠤ ᠴᠢᠨᠠᠷ ᠶᠡᠬᠡ ᠪᠠᠶ᠋ᠢᠳᠠᠭ᠃
ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠤᠭᠤᠳᠤᠭᠴᠢ ᠵᠢᠨ ᠶᠠᠮᠤᠨ᠎ᠤ ᠳᠡᠳ᠋ ᠶᠡᠷᠦᠩᠬᠡᠶ ᠵᠢᠯᠣᠭᠤᠳᠣᠭᠴᠢ᠂ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠶᠡᠷᠦᠩᠬᠡᠶ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠡᠯ᠎ᠡ ᠵᠦᠢ᠍ᠯ᠎ᠤᠨ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ 6 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠦᠳᠡ ᠵᠢᠨ ᠡᠮᠦᠨ᠎ᠡ᠂ ᠤᠰᠤᠨ ᠠᠰᠢᠭᠯᠠᠯᠲᠠ ᠵᠢᠨ ᠶᠠᠮᠤᠨ᠎ᠠᠴᠠ ᠦᠶᠡᠷ᠎ᠢ ᠰᠡᠷᠭᠡᠶ᠋ᠢᠯᠡᠬᠦ ᠵᠥᠪᠳᠡᠯᠴᠡᠭᠡ ᠵᠢ ᠵᠣᠬᠢᠶᠠᠨ ᠪᠠᠶ᠋ᠢᠭᠤᠯᠵᠤ᠂ ᠪᠣᠷᠣᠭ᠋ᠠᠨ᠎ᠤ ᠪᠠᠶ᠋ᠢᠳᠠᠯ ᠤᠰᠤᠨ᠎ᠤ ᠪᠠᠶ᠋ᠢᠳᠠᠯ ᠦᠶᠡᠷ᠎ᠤᠨ ᠪᠠᠶ᠋ᠢᠳᠠᠯ᠎ᠢ ᠵᠠᠳᠠᠯᠤᠨ ᠰᠤᠳᠤᠯᠵᠤ ᠮᠠᠭ᠋ᠠᠳᠯᠠᠵᠤ᠂ ᠰᠡᠷᠭᠡᠶ᠋ᠢᠯᠡᠬᠦ ᠠᠵᠢᠯ᠎ᠢ ᠬᠠᠨᠳᠤᠯᠭ᠋ᠠᠲᠤ ᠴᠢᠨᠠᠷᠲᠠᠶ᠎ᠪᠠᠷ ᠪᠠᠶ᠋ᠢᠷᠢᠯᠠᠭᠤᠯᠪᠠ᠃ ᠨᠢᠭᠡ᠎ᠳᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠦᠯ᠎ᠢ ᠴᠠᠭ ᠲᠤᠬᠠᠶ᠎ᠳᠤᠨᠢ ᠬᠡᠷᠡᠭᠵᠢᠭᠦᠯᠦᠨ᠎ᠡ᠃ 19᠎ᠤ ᠡᠳᠦᠷ᠎ᠤᠨ 12 ᠴᠠᠭ᠎ᠲᠤ᠂ ᠤᠰᠤᠨ ᠠᠰᠢᠬᠯᠠᠯᠲᠠ ᠵᠢᠨ ᠶᠠᠮᠤᠨ ᠵᠢᠶᠠᠩᠰᠤ᠂ ᠵᠧᠵᠢᠶᠠᠩ᠂ ᠠᠨᠾᠦ᠋ᠢ᠂ ᠾᠧᠨᠠᠨ᠂ ᠬᠤᠪᠧᠢ᠂ ᠬᠤᠨᠠᠨ᠂ ᠭᠤᠸᠠᠩᠰᠢ᠂ ᠴᠦᠩᠴᠢᠩ᠂ ᠭᠦᠢ᠍ᠵᠸᠤ ᠵᠡᠷᠭᠡ 9 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠵᠢᠨ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠦᠭᠰᠡᠨ᠎ᠤ ᠬᠠᠮᠲᠤ 3 ᠠᠵᠢᠯᠯᠠᠬᠤ ᠳᠤᠭᠤᠶ᠋ᠢᠯᠠᠩ ᠲᠣᠮᠢᠯᠠᠨ ᠬᠤᠨᠠᠨ᠂ ᠬᠤᠪᠧᠢ᠂ ᠠᠨᠾᠦ᠋ᠢ᠎ᠳᠤ ᠣᠴᠢᠭᠤᠯᠵᠤ᠂ ᠰᠢᠷᠦᠭᠦᠨ ᠪᠣᠷᠣᠭ᠋ᠠᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠬᠠᠮᠵᠢᠨ ᠵᠢᠯᠣᠭᠤᠳᠪᠠ᠃ ᠬᠤᠶᠠᠷ᠎ᠲᠤ᠂ ᠦᠷᠭᠦᠯᠵᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠨ᠎ᠠ᠃ ᠠᠭᠤᠯᠠᠨ ᠦᠶᠡᠷ᠎ᠤᠨ ᠭᠠᠮᠰᠢᠭ᠎ᠤᠨ ᠢᠷᠡᠭᠡᠳᠦᠶ ᠵᠢᠨ 24 ᠴᠠᠭ᠎ᠤᠨ ᠲᠦᠭᠰᠢᠭᠦᠷᠢ ᠵᠢᠨ ᠰᠡᠷᠡᠮᠵᠢᠯᠡᠭᠦᠯᠦᠯ ᠪᠠ ᠢᠷᠡᠭᠡᠳᠦᠶ ᠵᠢᠨ 2 ᠴᠠᠭ᠎ᠤᠨ ᠣᠬᠤᠷ ᠬᠤᠭᠤᠴᠠᠭ᠋ᠠᠨ᠎ᠤ ᠰᠡᠷᠡᠮᠵᠢ ᠵᠢᠨ ᠳᠣᠬᠢᠶ᠎ᠠ ᠵᠢ ᠦᠷᠭᠦᠯᠵᠢᠯᠡᠨ ᠨᠡᠶ᠋ᠢᠲᠡᠯᠡᠵᠦ᠂ ᠣᠷᠣᠨ ᠨᠤᠲᠤᠭ᠎ᠢ ᠰᠢᠮᠳᠠᠭᠤᠯᠵᠤ ᠪᠠᠶ᠋ᠢᠭ᠋ᠠᠳ 《ᠬᠡᠨ ᠵᠣᠬᠢᠶᠠᠨ ᠪᠠᠶ᠋ᠢᠭᠤᠯᠬᠤ᠂ ᠬᠡᠨ᠎ᠢ ᠰᠢᠯᠵᠢᠭᠦᠯᠬᠦ᠂ ᠬᠡᠵᠢᠶ᠎ᠡ ᠰᠢᠯᠵᠢᠭᠦᠯᠬᠦ᠂ ᠬᠠᠮᠢᠭ᠎ᠠ ᠰᠢᠯᠵᠢᠭᠦᠯᠬᠦ᠂ ᠳᠤᠷ᠎ᠠ᠎ᠪᠠᠷ ᠪᠤᠴᠠᠬᠤ ᠦᠭᠡᠢ》 ᠲᠠᠪᠤᠨ ᠵᠠᠩᠭᠢᠯᠠᠭ᠎ᠠ ᠵᠢᠨ ᠭᠤᠭᠴᠤᠭ᠎ᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠶᠤᠯᠲᠠᠶ ᠣᠷᠣᠨ᠎ᠤ ᠣᠯᠠᠨ ᠲᠦᠮᠡᠨ᠎ᠢ ᠤᠷᠢᠳᠴᠢᠯᠠᠨ ᠵᠣᠬᠢᠶᠠᠨ ᠪᠠᠶ᠋ᠢᠭᠤᠯᠵᠤ ᠠᠶᠤᠯ᠎ᠠᠴᠠ ᠵᠠᠶ᠋ᠢᠯᠠᠭᠤᠯᠬᠤ ᠬᠡᠷᠡᠭᠲᠡᠶ᠃ ᠡᠳᠦᠷ ᠪᠦᠷᠢ ᠵᠢᠨ 《ᠨᠢᠭᠡ ᠮᠤᠵᠢ ᠨᠢᠭᠡ ᠲᠠᠩᠰᠠ》 ᠵᠢᠨ ᠬᠠᠷᠠᠯᠲᠠ᠎ᠲᠠᠢ᠎ᠪᠠᠷ ᠤᠷᠢᠳᠴᠢᠯᠠᠨ ᠰᠡᠷᠡᠮᠵᠢᠯᠡᠭᠦᠯᠵᠦ᠂ ᠰᠢᠷᠦᠭᠦᠨ ᠪᠣᠷᠣᠭ᠋ᠠᠨ᠎ᠤ ᠣᠷᠣᠨ᠎ᠤ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ᠂ ᠬᠤᠲᠠ ᠵᠢᠨ ᠤᠰᠤᠲᠤᠯ ᠪᠠ ᠳᠤᠮᠳᠠ ᠪᠠᠭ᠎ᠠ ᠭᠤᠤᠯ ᠮᠥᠷᠡᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠵᠡᠷᠭᠡ ᠠᠵᠢᠯ᠎ᠢ ᠰᠠᠶ᠋ᠢᠲᠤᠷ ᠬᠢᠬᠦ ᠵᠢ ᠰᠠᠨᠠᠭᠤᠯᠪᠠ᠃ ᠭᠤᠷᠪᠠ᠎ᠳᠤ᠂ ᠤᠰᠤᠨ ᠴᠥᠭᠦᠷᠥᠮ᠎ᠤᠨ ᠲᠣᠬᠢᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠦᠨ᠎ᠡ᠃ ᠰᠢᠷᠦᠭᠦᠨ ᠪᠣᠷᠣᠭ᠋ᠠᠨ᠎ᠤ ᠣᠷᠣᠨ᠎ᠤ ᠳᠣᠲᠣᠷᠠᠬᠢ ᠬᠥᠬᠡᠮᠥ᠋ᠷᠡᠨ᠎ᠤ ᠰᠠᠪᠠ ᠭᠠᠵᠠᠷ᠎ᠤᠨ ᠯᠢ ᠱᠦᠢ ᠵᠢᠶᠠᠩ ᠶᠠ᠂ ᠰᠢᠶᠠᠩ ᠽᠣᠣ ᠬᠣᠲᠠ᠂ ᠬᠤᠸᠠᠢ ᠾᠧ ᠭᠣᠣᠯ᠎ᠤᠨ ᠰᠠᠪᠠ ᠭᠠᠵᠠᠷ᠎ᠤᠨ ᠱ᠌ᠢ ᠭᠤᠸᠠᠨ ᠾᠧ ᠭᠣᠣᠯ᠎ᠤᠨ ᠮᠧᠢ ᠱᠠᠨ᠂ ᠨᠢᠶᠠᠨ ᠢᠦᠢ ᠱᠠᠨ ᠠᠭᠤᠯᠠ ᠪᠣᠯᠤᠨ ᠫᠢ ᠾᠧ ᠭᠣᠣᠯ᠎ᠤᠨ ᠹᠦᠸᠸ ᠽᠢ ᠯᠢᠩ᠂ ᠰᠢᠶᠠᠩ ᠬᠤᠩ ᠳ᠋ᠢᠶᠠᠨ᠂ ᠵᠦᠵᠢᠶᠠᠩ ᠮᠥᠷᠡᠨ᠎ᠤ ᠰᠠᠪᠠ ᠭᠠᠵᠠᠷ᠎ᠤᠨ ᠪᠠᠷᠠᠭᠤᠨ ᠮᠥᠷᠡᠨ᠎ᠤ ᠯᠦᠩ ᠲᠠᠨ ᠵᠡᠷᠭᠡ ᠡᠵᠡᠮᠰᠢᠯ᠎ᠤᠨ ᠴᠢᠨᠠᠷᠲᠠᠢ ᠤᠰᠤᠨ ᠴᠥᠭᠥᠷᠥᠮ᠎ᠢ ᠤᠷᠢᠳᠴᠢᠯᠠᠨ ᠪᠡᠯᠡᠳᠭᠡᠵᠦ᠂ ᠦᠶᠡᠷ᠎ᠢ ᠬᠠᠰᠢᠵᠤ ᠤᠷᠬᠢᠯ᠎ᠢ ᠱᠤᠯᠤᠵᠤ ᠤᠷᠬᠢᠯ᠎ᠢ ᠵᠥᠷᠢᠭᠦᠯᠬᠦ ᠪᠡᠯᠡᠳᠬᠡᠯ᠎ᠢ ᠰᠠᠢ᠌ᠲᠤᠷ ᠬᠢᠨ᠎ᠡ᠃ ᠠᠶᠤᠯ ᠭᠡᠮ᠎ᠲᠠᠢ ᠤᠰᠤᠨ ᠴᠥᠭᠥᠷᠥᠮ᠎ᠤᠨ ᠭᠣᠣᠯ ᠦᠶᠡᠷᠯᠡᠬᠦ ᠬᠤᠭᠤᠴᠠᠭ᠎ᠠ ᠵᠢ ᠵᠠᠷᠴᠢᠮ ᠳᠡᠭᠡᠷ᠎ᠡ᠎ᠪᠠᠨ ᠴᠥᠮ ᠬᠣᠭᠣᠰᠤᠨ ᠬᠥᠮᠥᠷᠭᠡ᠎ᠪᠠᠷ ᠠᠵᠢᠯᠯᠠᠭᠤᠯᠬᠤ ᠵᠢ ᠰᠢᠮᠳᠠᠭᠤᠯᠤᠨ᠎ᠠ᠃ ᠲᠦᠷᠪᠡ᠎ᠳᠤ᠂ ᠬᠠᠰᠢᠯᠭ᠎ᠠ ᠵᠢ ᠴᠠᠭᠳᠠᠨ ᠪᠠᠶ᠋ᠢᠴᠠᠭ᠋ᠠᠵᠤ ᠰᠡᠷᠭᠡᠶ᠋ᠢᠯᠡᠬᠦ ᠵᠢ ᠴᠢᠩᠭ᠋ᠠᠳᠬᠠᠪᠠ᠃ ᠣᠷᠣᠨ ᠨᠤᠲᠤᠭ᠎ᠢ ᠰᠢᠪᠠᠳᠠᠵᠤ ᠪᠠᠢ᠌ᠭ᠋ᠠᠳ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠰᠡᠷᠡᠮᠵᠢᠯᠡᠭᠦᠯᠬᠦ ᠱᠣᠭᠤᠮ᠎ᠢ ᠳᠠᠪᠠᠭᠤᠯᠬᠤ᠂ ᠪᠠᠷᠢᠮᠵᠢᠶ᠎ᠠ᠎ᠠᠴᠠ ᠬᠡᠲᠦᠷᠡᠭᠦᠯᠬᠦ᠂ ᠪᠠᠭᠤᠷᠠᠢ᠂ ᠠᠶᠤᠯᠲᠠᠢ ᠪᠠᠷᠢᠯᠭ᠎ᠠ ᠠᠶᠤᠯᠲᠠᠢ ᠭᠡᠰᠡᠭ᠎ᠤᠨ ᠬᠠᠰᠢᠯᠭ᠎ᠠ ᠵᠢ ᠴᠠᠭᠳᠠᠨ ᠪᠠᠢ᠌ᠴᠠᠭ᠋ᠠᠵᠤ ᠬᠤᠷᠢᠭᠯᠠᠬᠤ ᠵᠢ ᠴᠢᠩᠭ᠋ᠠᠳᠬᠠᠵᠤ᠂ ᠬᠤᠲᠣᠭᠤᠷ ᠭᠠᠵᠠᠷ ᠣᠷᠣᠨ᠎ᠤ ᠣᠯᠠᠨ ᠲᠦᠮᠡᠨ᠎ᠢ ᠤᠷᠢᠳᠴᠢᠯᠠᠨ ᠰᠢᠯᠵᠢᠭᠦᠯᠦᠨ᠎ᠡ᠃ ᠠᠶᠤᠯ᠎ᠠᠴᠠ ᠠᠪᠤᠷᠠᠬᠤ ᠬᠦᠴᠦᠨ᠂ ᠮᠠᠲ᠋ᠧᠷᠢᠶᠠᠯ ᠪᠣᠳᠠᠰ ᠪᠣᠯᠤᠨ ᠲᠥᠬᠥᠭᠡᠷᠦᠮᠵᠢ ᠵᠢ ᠤᠷᠢᠳᠴᠢᠯᠠᠨ ᠲᠣᠬᠢᠷᠠᠭᠤᠯᠵᠤ᠂ ᠠᠶᠤᠯ ᠲᠦᠭᠰᠢᠭᠦᠷᠢ ᠵᠢ ᠡᠷᠲᠡ᠎ᠠᠴᠠ ᠵᠠᠪᠳᠤᠨ᠂ ᠪᠠᠭᠠᠳᠤᠨᠢ ᠵᠠᠪᠳᠤᠵᠤ᠂ ᠵᠠᠪᠳᠤᠨ ᠠᠳᠬᠤᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠠᠪᠤ᠎ᠳᠤ᠂ ᠬᠤᠲᠠ ᠵᠢᠨ ᠤᠰᠤᠲᠤᠯ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠨ᠎ᠡ᠃ ᠣᠷᠣᠨ ᠨᠤᠲᠤᠭ᠎ᠢ ᠰᠢᠮᠳᠠᠭᠤᠯᠤᠨ ᠵᠢᠯᠣᠭᠤᠳᠴᠤ ᠪᠠᠶ᠋ᠢᠭ᠋ᠠᠳ 《ᠭᠤᠷᠪᠠᠨ ᠭᠠᠵᠠᠷ ᠨᠢᠭᠡ ᠳᠣᠣᠷ᠎ᠠ ᠨᠢᠭᠡ ᠬᠥᠭᠦᠷᠭᠡ》 (ᠭᠠᠵᠠᠷ ᠳᠣᠣᠷᠠᠬᠢ ᠲᠡᠮᠦᠷ ᠵᠠᠮ᠂ ᠭᠠᠵᠠᠷ ᠳᠣᠣᠷᠠᠬᠢ ᠣᠷᠣᠨ ᠵᠠᠢ᠂ ᠭᠠᠵᠠᠷ ᠳᠣᠣᠷᠠᠬᠢ ᠲᠡᠷᠭᠡᠨ ᠬᠥᠮᠥᠷᠭᠡ᠂ ᠨᠠᠮ ᠳᠣᠣᠷ᠎ᠠ ᠭᠠᠵᠠᠷ ᠣᠷᠣᠨ᠂ ᠵᠦᠷᠢᠯᠢᠭ ᠬᠥᠭᠦᠷᠭᠡ) ᠵᠡᠷᠭᠡ ᠠᠮᠠᠷᠬᠠᠨ ᠤᠰᠤ ᠬᠤᠷᠠᠬᠤ ᠣᠷᠣᠨ ᠪᠦᠰᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠭ᠋ᠠᠵᠤ ᠵᠣᠭᠰᠣᠭ᠋ᠠᠬᠤ᠂ ᠵᠠᠬᠢᠷᠤᠨ ᠬᠠᠮᠢᠶᠠᠷᠬᠤ᠂ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠵᠢ ᠤᠷᠢᠳᠴᠢᠯᠠᠨ ᠨᠠᠶ᠋ᠢᠳᠠᠪᠤᠷᠢᠵᠢᠭᠤᠯᠵᠤ᠂ ᠤᠰᠤᠲᠤᠯ᠎ᠢ ᠵᠠᠯᠠᠬᠤ ᠲᠥᠬᠦᠭᠡᠷᠦᠮᠵᠢ ᠵᠢ ᠡᠬᠢᠯᠡᠨ ᠬᠡᠷᠡᠭᠯᠡᠬᠦ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠬᠦ ᠬᠡᠷᠡᠭᠲᠡᠢ᠃
ᠵᠣᠬᠢᠶᠠᠭᠴᠢ᠄ ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ