ᠣᠶ᠋ᠢᠷ᠎ᠠ᠎ᠳᠤ᠂ ᠪᠥᠬᠦ ᠣᠷᠣᠨ᠎ᠤ ᠳᠠᠩ ᠬᠠᠷᠢᠴᠠᠯ᠎ᠤᠨ ᠵᠣᠭᠤᠰ᠎ᠤᠨ ᠲᠤᠭ᠎ᠠ᠎ᠪᠠᠷ ᠬᠠᠮᠤᠭ᠎ᠤᠨ ᠶᠡᠭᠡ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠲᠥᠷᠥᠯ ᠵᠦᠢ᠍ᠯ ᠥᠪᠥᠷ ᠮᠣᠩᠭᠤᠯ᠎ᠤᠨ ᠵᠦᠸᠧ ᠵᠧᠩ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠲᠥᠷᠥᠯ ᠵᠦᠢ᠍ᠯ ᠵᠢᠩᠬᠢᠨᠢ᠎ᠪᠠᠷ ᠭᠡᠷ᠎ᠡ ᠲᠣᠭᠲᠠᠵᠤ᠂ ᠲᠡᠭᠦᠨ᠎ᠢ ᠨᠠᠶ᠋ᠢᠳᠠᠪᠤᠷᠢᠵᠢᠭᠤᠯᠤᠭᠰᠠᠨ᠎ᠨᠢ 《ᠮᠥᠩᠭᠦᠨ ᠭᠦᠢ᠍ᠯᠭᠡᠭᠡ + ᠤᠰᠤ ᠠᠷᠪᠢᠯᠠᠬᠤ》 ᠵᠠᠭᠪᠤᠷ᠎ᠤᠨ ᠮᠠᠨ᠎ᠤ ᠣᠷᠣᠨ᠎ᠤ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠵᠢᠨ ᠬᠦᠷᠢᠶᠡᠨ᠎ᠳᠤ ᠰᠢᠪᠲᠤᠯᠤᠯᠲᠠ ᠵᠢᠨ ᠴᠢᠨᠠᠷᠲᠠᠶ ᠠᠬᠢᠴᠠ ᠵᠢ ᠪᠡᠶᠡᠯᠡᠭᠦᠯᠦᠭᠰᠡᠨ᠎ᠢ ᠬᠠᠷᠠᠭᠤᠯᠵᠤ ᠪᠠᠶ᠋ᠢᠨ᠎ᠠ᠃ ᠲᠣᠰ ᠲᠥᠷᠥᠯ ᠵᠦᠢ᠍ᠯ᠎ᠢ ᠳᠤᠮᠳᠠᠳᠤ ᠤᠯᠤᠰ᠎ᠤᠨ ᠮᠢᠨ ᠱᠧᠩ ᠪᠠᠩᠬᠢ ᠵᠢᠨ ᠬᠥᠬᠡᠬᠤᠲᠠ᠎ᠳᠠᠬᠢ ᠬᠤᠪᠢᠶᠠᠷᠢ ᠪᠠᠩᠬᠢ᠎ᠠᠴᠠ ᠲᠡᠭᠦᠨ᠎ᠳᠤ 10 ᠳ᠋ᠦᠩᠰᠢᠭᠤᠷ ᠲᠥᠭᠦᠷᠢᠭ᠎ᠤᠨ ᠲᠤᠰᠬᠠᠶ ᠵᠦᠢ᠍ᠯ᠎ᠤᠨ ᠵᠢᠭᠡᠯᠡᠯᠭᠡ ᠬᠠᠩᠭ᠋ᠠᠵᠤ᠂ ᠬᠠᠭᠤᠷᠠᠶ ᠨᠦᠢ᠍ᠲᠠᠨᠢ ᠬᠤᠯᠪᠤᠭᠰᠠᠨ ᠪᠢᠲᠡᠭᠦᠦ ᠰᠤᠪᠤᠷᠭ᠎ᠠ᠂ ᠵᠠᠳᠠᠭ᠋ᠠᠢ ᠡᠷᠭᠢᠯᠲᠡ ᠵᠢᠨ ᠤᠰᠤᠨ ᠳᠠᠯᠠᠪᠴᠢᠲᠤ ᠮᠠᠨᠠᠨ᠎ᠢ ᠠᠷᠢᠯᠭ᠋ᠠᠬᠤ ᠰᠤᠪᠤᠷᠭ᠎ᠠ᠂ ᠳᠤᠮᠳᠠ ᠤᠰᠤᠨ᠎ᠤ ᠡᠭᠡᠭᠦᠯᠦᠨ ᠬᠡᠷᠡᠭᠯᠡᠬᠦ ᠲᠥᠬᠦᠭᠡᠷᠦᠮᠵᠢ ᠪᠠ ᠳᠠᠪᠤᠰᠤ ᠬᠤᠪᠢᠶᠠᠨ ᠳᠠᠯᠠᠰᠵᠢᠭᠤᠯᠵᠤ ᠭᠠᠳᠠᠭᠰᠢᠯᠠᠭᠤᠯᠬᠤ ᠦᠭᠡᠢ ᠲᠣᠨᠣᠭᠯᠠᠯ᠎ᠤᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠵᠦ᠂ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠵᠢᠯ᠎ᠤᠨ ᠤᠰᠤ ᠠᠷᠪᠢᠯᠠᠬᠤ ᠬᠡᠮᠵᠢᠶ᠎ᠡ ᠵᠢ 65 ᠲᠦᠮᠡᠨ ᠪᠣᠰᠤᠭ᠎ᠠ ᠳᠥᠷᠪᠡᠯᠵᠢᠨ ᠮᠸᠲᠷ ᠠᠷᠪᠢᠯᠠᠪᠠ᠃ ᠣᠲᠣ ᠪᠣᠯᠲᠠᠯ᠎ᠠ᠂ ᠪᠥᠬᠦ ᠣᠷᠣᠨ᠎ᠤ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠭ᠎ᠠ ᠵᠢᠨ ᠵᠣᠭᠤᠰ᠎ᠤᠨ ᠲᠤᠭ᠎ᠠ ᠨᠢᠭᠡᠨᠲᠡ 27 ᠳ᠋ᠦᠩᠰᠢᠭᠤᠷ ᠲᠥᠭᠦᠷᠢᠭ᠎ᠢ ᠳᠠᠪᠠᠵᠤ᠂ ᠨᠡᠶ᠋ᠢᠲᠡ 50 ᠭᠠᠷᠤᠶ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠵᠦ ᠥᠭᠪᠡ᠃
ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠠᠬᠢᠭᠤᠯᠬᠤ ᠵᠢᠨ ᠲᠥᠯᠥᠭᠡ᠂ ᠡᠨᠡ ᠵᠢᠯ᠎ᠠᠴᠠ ᠨᠠᠭ᠋ᠠᠰᠢ᠂ ᠤᠰᠤᠨ ᠠᠰᠢᠭᠯᠠᠯᠲᠠ ᠵᠢᠨ ᠲᠢᠩᠬᠢᠮ ᠵᠠᠬ᠎ᠠ ᠳᠡᠯᠭᠡᠭᠦᠷ᠎ᠤᠨ ᠰᠡᠳᠬᠢᠬᠦᠶ ᠪᠠ ᠨᠠᠷᠢᠯᠢᠭ ᠪᠤᠳᠤᠬᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠤᠰᠤ ᠠᠷᠪᠢᠯᠠᠬᠤ ᠬᠦᠷᠢᠶᠡᠨ᠎ᠳᠠᠬᠢ ᠪᠠᠯᠠ ᠣᠷᠣᠭᠤᠯᠵᠤ ᠪᠠᠯᠠ ᠲᠣᠬᠢᠷᠠᠭᠤᠯᠬᠤ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠠᠩ ᠣᠯᠠᠨ ᠮᠥᠩᠭᠦᠨ ᠭᠦᠢ᠍ᠯᠭᠡᠭᠡ᠎ᠪᠠᠷ ᠤᠰᠤ ᠬᠠᠩᠭ᠋ᠠᠵᠤ ᠤᠰᠤ ᠠᠷᠪᠢᠯᠠᠬᠤ ᠠᠵᠤ ᠦᠢ᠍ᠯᠡᠰ᠎ᠤᠨ ᠬᠤᠷᠠᠮᠠᠯ ᠥᠭᠡᠷᠡᠴᠢᠯᠡᠯᠲᠡ᠂ ᠠᠭᠤᠰᠤᠯᠴᠠᠨ ᠬᠥᠭᠵᠢᠬᠦ᠎ᠪᠠᠷ ᠬᠦᠴᠦᠯᠡᠨ ᠴᠢᠷᠮᠠᠶ᠋ᠢᠪᠠ᠃ ᠨᠢᠭᠡ᠎ᠳᠤ᠂ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠵᠦ᠂ ᠪᠡᠯᠡ ᠲᠣᠬᠢᠷᠠᠭᠤᠯᠬᠤ ᠦᠢ᠍ᠯᠡᠴᠢᠯᠡᠭᠡᠨ᠎ᠤ ᠰᠢᠰᠲ᠋ᠧᠮ᠎ᠢ ᠪᠠᠶ᠋ᠢᠭᠤᠯᠤᠨ᠎ᠠ᠃ ᠳᠤᠮᠳᠠᠳᠤ ᠤᠯᠤᠰ᠎ᠤᠨ ᠪᠠᠩᠬᠢ ᠵᠢᠨ ᠥᠪᠥᠷ ᠮᠣᠩᠭᠤᠯ᠎ᠳᠠᠬᠢ ᠬᠤᠪᠢᠶᠠᠷᠢ ᠪᠠᠩᠬᠢ᠎ᠯᠤᠭ᠎ᠠ ᠬᠠᠮᠲᠤᠷᠠᠨ ᠪᠥᠬᠦ ᠣᠷᠣᠨ᠎ᠤ ᠠᠩᠬᠠᠳᠠᠭᠴᠢ ᠮᠥᠩᠭᠦᠨ ᠭᠦᠢ᠍ᠯᠭᠡᠭᠡᠨ ᠵᠶ᠋ᠠᠷ ᠤᠰᠤ ᠠᠷᠪᠢᠯᠠᠬᠤ ᠠᠵᠤ ᠦᠢ᠍ᠯᠡᠰ᠎ᠢ ᠳᠡᠮᠵᠢᠬᠦ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠪᠥᠬᠦ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠭᠤᠤᠯ ᠴᠣᠭᠴᠠ᠎ᠳᠤ 100 ᠳ᠋ᠦᠩᠰᠢᠭᠤᠷ ᠲᠥᠭᠦᠷᠢᠭ᠎ᠠᠴᠠ ᠳᠣᠤᠷ᠎ᠠ ᠥᠬᠡᠶ ᠰᠠᠨᠠᠮᠵᠢ ᠵᠢᠨ ᠴᠢᠨᠠᠷᠲᠠᠶ ᠪᠠᠯᠠ ᠲᠣᠬᠢᠷᠠᠭᠤᠯᠭ᠎ᠠ ᠵᠢᠨ ᠲᠤᠭ᠎ᠠ ᠬᠡᠮᠵᠢᠶᠡᠨ᠎ᠤ ᠳᠡᠮᠵᠢᠯᠭᠡ ᠬᠠᠩᠭ᠋ᠠᠬᠤ ᠵᠢ ᠲᠣᠳᠣᠷᠬᠠᠶ᠋ᠢᠯᠠᠨ᠎ᠠ᠃ ᠮᠥᠩᠭᠦᠨ ᠭᠦᠢ᠍ᠯᠭᠡᠭᠡᠨ᠎ᠤ ᠰᠠᠯᠠᠭ᠎ᠠ ᠮᠥᠴᠢᠷ᠎ᠯᠦᠭᠡ ᠪᠠᠶ᠋ᠢᠩᠭᠤᠵᠢᠭᠤᠯᠤᠨ ᠵᠣᠯᠭ᠋ᠠᠭᠤᠯᠬᠤ ᠲᠣᠭᠲᠠᠴᠠ ᠵᠢ ᠪᠠᠶ᠋ᠢᠭᠤᠯᠵᠤ᠂ ᠤᠷᠢᠳ ᠬᠤᠵᠢᠳ 15 ᠪᠠᠩᠬᠢ᠎ᠲᠠᠢ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠴᠥᠮ ᠲᠤᠰᠬᠠᠶ ᠵᠦᠢ᠍ᠯ᠎ᠤᠨ ᠰᠠᠭ᠋ᠠᠳ ᠥᠬᠡᠶ ᠨᠡᠪᠲᠡᠷᠡᠬᠦ ᠵᠠᠮ ᠪᠠᠶ᠋ᠢᠭᠤᠯᠬᠤ᠂ ᠳᠤᠮᠳᠠ ᠣᠷᠳᠣ ᠬᠤᠭᠤᠴᠠᠭ᠋ᠠᠨ᠎ᠤ ᠵᠢᠭᠡᠯᠡᠯᠭᠡ ᠲᠠᠯᠪᠢᠬᠤ᠂ ᠵᠢᠭᠡᠯᠡᠯᠭᠡ ᠵᠢᠨ ᠦᠨᠳᠦᠰᠦᠨ ᠴᠡᠭ᠎ᠢ ᠪᠠᠭ᠋ᠠᠰᠬᠠᠬᠤ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠤᠰᠤ ᠠᠷᠪᠢᠯᠠᠬᠤ ᠭᠤᠤᠯ ᠴᠣᠭᠴᠠ ᠵᠢᠨ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠯᠭ᠋ᠠᠭᠤᠯᠬᠤ ᠵᠢᠨ ᠬᠠᠮᠲᠤ 《ᠨᠢᠭᠡ ᠡᠷᠦᠬᠡ᠎ᠳᠤ ᠨᠢᠭᠡ ᠠᠷᠭ᠎ᠠ ᠪᠣᠳᠣᠯᠭ᠎ᠠ》 ᠵᠢᠨ ᠪᠠᠯᠠ ᠲᠣᠬᠢᠷᠠᠭᠤᠯᠭ᠎ᠠ ᠵᠢᠨ ᠲᠥᠰᠦᠯ᠎ᠢ ᠲᠣᠭᠲᠠᠭ᠋ᠠᠵᠤ᠂ 2025 ᠣᠨ᠎ᠳᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠴᠢᠬᠤᠯᠠ ᠶᠡᠭᠡ ᠲᠥᠷᠥᠯ ᠵᠦᠢ᠍ᠯ᠎ᠤᠨ ᠲᠠᠨᠢᠯᠴᠠᠭᠤᠯᠭ᠎ᠠ ᠵᠢᠨ ᠬᠤᠷᠠᠯ᠎ᠳᠤ ᠤᠰᠤ ᠠᠷᠪᠢᠯᠠᠬᠤ ᠬᠦᠷᠢᠶᠡᠨ᠎ᠳᠠᠬᠢ 6 ᠲᠥᠷᠥᠯ ᠵᠦᠢ᠍ᠯ᠎ᠳᠤ ᠭᠡᠷ᠎ᠡ ᠲᠣᠭᠲᠠᠵᠤ᠂ ᠰᠠᠨᠠᠮᠵᠢ ᠵᠢᠨ ᠪᠠᠯᠠ ᠲᠣᠬᠢᠷᠠᠭᠤᠯᠭ᠎ᠠ ᠵᠢᠨ ᠵᠣᠭᠤᠰ᠎ᠤᠨ ᠲᠤᠭ᠎ᠠ᠎ᠨᠢ 18.6 ᠳ᠋ᠦᠩᠰᠢᠭᠤᠷ ᠲᠥᠭᠦᠷᠢᠭ᠎ᠲᠤ ᠬᠥᠷᠪᠡ᠃ ᠬᠣᠶᠠᠷ᠎ᠲᠤ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ 《ᠵᠠᠰᠠᠭ᠂ ᠪᠠᠩᠬᠢ᠂ ᠦᠢ᠍ᠯᠡᠳᠪᠦᠷᠢᠯᠡᠬᠦ᠂ ᠵᠢᠭ᠋ᠠᠬᠤ᠂ ᠰᠤᠳᠤᠯᠬᠤ᠂ ᠬᠡᠷᠡᠭᠯᠡᠬᠦ》 ᠵᠢᠷᠭᠤᠭ᠎ᠠ ᠵᠢ ᠨᠢᠭᠡ ᠴᠣᠭᠴᠠᠵᠢᠭᠤᠯᠤᠭᠰᠠᠨ ᠤᠰᠤ ᠠᠷᠪᠢᠯᠠᠬᠤ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠣᠭᠲᠠᠴᠠ ᠵᠢ ᠪᠠᠢ᠌ᠭᠤᠯᠤᠨ᠎ᠠ᠃ ᠰᠢᠨ᠎ᠡ᠎ᠪᠠᠷ ᠪᠠᠶ᠋ᠢᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠰᠢᠨᠵᠢᠯᠡᠬᠦ ᠤᠬᠠᠭ᠋ᠠᠨ ᠲᠸᠩᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠶ᠋ᠠᠷ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠦᠢ᠍ᠯᠡᠴᠢᠯᠡᠭᠡᠨ᠎ᠤ ᠨᠢᠭᠡᠴᠢ ᠪᠣᠯᠭ᠋ᠠᠵᠤ᠂ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢᠨ ᠭᠤᠣᠯ ᠴᠣᠭᠴᠠ᠎ᠲᠠᠢ ᠥᠷᠭᠡᠨ ᠵᠶ᠋ᠠᠷ ᠵᠣᠯᠭ᠋ᠠᠭᠤᠯᠵᠤ᠂ 《1 + N》 ᠶᠡᠷᠦᠩᠬᠡᠶ ᠠᠵᠢᠯ᠎ᠤᠨ ᠪᠣᠷᠣ ᠲᠥᠯᠥᠪ᠎ᠢ ᠪᠠᠶ᠋ᠢᠭᠤᠯᠤᠨ᠂ ᠣᠨᠴᠠᠭ᠋ᠠᠶ᠋ᠢᠯᠠᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠲᠡᠷᠢᠭᠦᠨ᠎ᠤ ᠤᠰᠤ ᠠᠷᠪᠢᠯᠠᠬᠤ ᠮᠡᠷᠭᠡᠵᠢᠯ᠎ᠤᠨ ᠠᠵᠤ ᠠᠬᠤᠶ᠋ᠢᠯᠠᠯ ᠵᠢᠴᠢ ᠤᠰᠤ ᠠᠷᠪᠢᠯᠠᠬᠤ ᠬᠡᠷᠡᠭᠴᠡᠭᠡ ᠱᠠᠭ᠋ᠠᠷᠳᠠᠯᠭ᠎ᠠ᠎ᠲᠠᠢ ᠠᠵᠤ ᠠᠬᠤᠶ᠋ᠢᠯᠠᠯ ᠵᠡᠷᠭᠡ᠎ᠲᠠᠢ ᠬᠠᠮᠵᠢᠯᠴᠠᠨ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠎ᠠ ᠵᠢ ᠪᠠᠶ᠋ᠢᠭᠤᠯᠵᠤ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠪᠠ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠠᠬᠢᠭᠤᠯᠤᠨ᠂ ᠲᠦᠷᠦᠭᠦᠤ ᠪᠦᠯᠦᠭ᠎ᠤᠨ ᠬᠤᠯᠪᠣᠭ᠋ᠠᠨ᠎ᠤ ᠭᠡᠰᠢᠭᠦᠨ ᠨᠢᠭᠡᠴᠢ 90 ᠪᠣᠯᠵᠣ᠂ ᠡᠭᠦᠨ᠎ᠳᠤ ᠮᠥᠩᠭᠦᠨ ᠭᠦᠢ᠍ᠯᠭᠡᠭᠡᠨ᠎ᠤ ᠰᠠᠯᠠᠭ᠎ᠠ ᠮᠥᠴᠢᠷ 4 ᠪᠣᠶ᠃ ᠣᠷᠣᠨ ᠪᠦᠰᠡ ᠠᠯᠤᠰᠯᠠᠭᠰᠠᠨ ᠤᠰᠤ ᠠᠷᠪᠢᠯᠠᠬᠤ ᠬᠠᠮᠲᠤᠷᠠᠯᠴᠠᠭ᠎ᠠ ᠵᠢ ᠠᠬᠢᠭᠤᠯᠵᠤ᠂ ᠥᠪᠥᠷ ᠮᠣᠩᠭᠤᠯ᠎ᠤᠨ ᠱᠠᠩᠬᠠᠶ᠎ᠳᠤ ᠰᠠᠭᠤᠭ᠎ᠠ ᠠᠯᠪᠠᠨ ᠬᠡᠷᠯᠦᠭᠡ ᠬᠠᠮᠵᠢᠯᠴᠠᠨ ᠱᠠᠩᠬᠠᠢ ᠥᠪᠥᠷ ᠮᠣᠩᠭᠤᠯ᠎ᠤᠨ ᠤᠰᠤ ᠠᠷᠪᠢᠯᠠᠬᠤ ᠬᠤᠯᠪᠣᠭ᠎ᠠ ᠵᠢ ᠡᠬᠢᠯᠡᠭᠦᠯᠵᠦ᠂ ᠱᠠᠩᠬᠠᠶ ᠶᠡᠭᠡ ᠰᠤᠷᠭ᠋ᠠᠭᠤᠯᠢ᠂ ᠲᠦᠩ ᠵᠢᠶ ᠶᠡᠭᠡ ᠰᠤᠷᠭ᠋ᠠᠭᠤᠯᠢ ᠵᠡᠷᠭᠡ ᠶᠡᠭᠡ ᠳᠡᠭᠡᠳᠦ ᠰᠤᠷᠭ᠋ᠠᠭᠤᠯᠢ ᠪᠣᠯᠤᠨ ᠱᠠᠩᠬᠠᠶ ᠵᠢᠨ ᠸᠧᠶ ᠫᠠᠢ ᠭᠧ ᠤᠶᠤᠨᠲᠦ ᠤᠰᠤᠨ᠎ᠤ ᠶᠠᠪᠤᠳᠠᠯ ᠵᠡᠷᠭᠡ 20 ᠭᠠᠷᠤᠶ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠬᠤᠷᠠᠮᠳᠤᠭᠤᠯᠵᠤ᠂ 《ᠬᠡᠷᠡᠭᠴᠡᠭᠡ ᠱᠠᠭ᠋ᠠᠷᠳᠠᠯᠭ᠎ᠠ ᠵᠢᠨ ᠬᠥᠮᠥᠷᠭᠡ — ᠮᠡᠷᠭᠡᠵᠢᠯ᠎ᠤᠨ ᠲᠠᠲᠠᠭ᠋ᠠᠯ — ᠴᠢᠳᠠᠪᠤᠷᠢᠲᠠᠨ᠎ᠤ ᠭᠠᠷᠠᠮ》 ᠭᠤᠷᠪᠠ ᠵᠢ ᠨᠢᠭᠡ ᠴᠤᠭᠴᠠᠵᠢᠭᠤᠯᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠲᠡᠷᠢᠭᠦᠨ᠎ᠤ ᠤᠰᠤ ᠠᠷᠪᠢᠯᠠᠬᠤ ᠮᠡᠷᠭᠡᠵᠢᠯ᠂ ᠲᠣᠨᠤᠭ ᠲᠥᠬᠦᠭᠡᠷᠦᠮᠵᠢ ᠵᠢ ᠥᠪᠥᠷ ᠮᠣᠩᠭᠤᠯ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠭᠤᠷᠪᠠ᠎ᠳᠤ᠂ ᠰᠢᠨ᠎ᠡ ᠵᠢ ᠡᠭᠦᠳᠬᠦ ᠵᠢ ᠴᠢᠩᠭ᠋ᠠᠷᠠᠭᠤᠯᠵᠤ᠂ ᠤᠰᠤ ᠠᠷᠪᠢᠯᠠᠬᠤ ᠮᠥᠩᠭᠦᠨ ᠭᠦᠢ᠍ᠯᠭᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡᠨ᠎ᠤ ᠵᠠᠭᠪᠤᠷ᠎ᠤᠨ ᠬᠠᠩᠭ᠋ᠠᠯᠭ᠎ᠠ ᠵᠢ ᠥᠷᠭᠡᠳᠬᠡᠨ᠎ᠡ᠃ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠳᠣᠭᠢᠷᠠᠭᠤᠯᠬᠤ ᠦᠢ᠍ᠯᠡᠴᠢᠯᠡᠭᠡ ᠵᠢ ᠪᠥᠬᠦ ᠲᠠᠯ᠎ᠠ᠎ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠤᠰᠤ ᠠᠷᠪᠢᠯᠠᠬᠤ ᠭᠤᠤᠯ ᠴᠣᠭᠴᠠ ᠪᠠ ᠤᠰᠤ ᠠᠷᠪᠢᠯᠠᠬᠤ ᠮᠡᠷᠭᠡᠵᠢᠯ᠎ᠤᠨ ᠠᠵᠤ ᠠᠬᠤᠶ᠋ᠢᠯᠠᠯ᠎ᠤᠨ 《ᠬᠤᠤᠰ ᠢᠯᠠᠯᠲᠠ》 ᠵᠢ ᠪᠡᠶᠡᠯᠡᠭᠦᠯᠵᠦ᠂ 2024 ᠣᠨ᠎ᠠᠴᠠ ᠨᠠᠭ᠋ᠠᠰᠢ᠂ ᠪᠥᠬᠦ ᠣᠷᠣᠨ᠎ᠳᠤ ᠨᠡᠶ᠋ᠢᠲᠡ 46 ᠵᠦᠢ᠍ᠯ᠎ᠤᠨ ᠤᠰᠤ ᠠᠷᠪᠢᠯᠠᠬᠤ ᠲᠥᠷᠥᠯ ᠵᠦᠢ᠍ᠯ᠎ᠢ ᠬᠡᠷᠡᠭᠵᠢᠭᠦᠯᠵᠦ᠂ ᠨᠡᠶ᠋ᠢᠭᠡᠮ᠎ᠤᠨ ᠬᠥᠷᠥᠩᠭᠡ ᠵᠢ 4.4 ᠳ᠋ᠦᠩᠰᠢᠭᠤᠷ ᠲᠥᠭᠦᠷᠢᠭ ᠲᠡᠳᠡᠨ ᠠᠪᠴᠢᠷᠠᠵᠤ᠂ ᠵᠢᠯ᠎ᠤᠨ ᠤᠰᠤ ᠠᠷᠪᠢᠯᠠᠬᠤ ᠬᠡᠮᠵᠢᠶ᠎ᠡ᠎ᠨᠢ ᠪᠠᠷᠤᠭ 5800 ᠲᠦᠮᠡᠨ ᠪᠣᠰᠤᠭ᠎ᠠ ᠳᠥᠷᠪᠡᠯᠵᠢᠨ ᠮᠸᠲᠷ ᠪᠠᠶ᠋ᠢᠵᠤ᠂ ᠬᠠᠮᠤᠷᠬᠤ ᠬᠦᠷᠢᠶ᠎ᠡ ᠴᠠᠷᠠᠭ᠎ᠠ᠎ᠨᠢ ᠠᠵᠤ ᠦᠢ᠍ᠯᠡᠳᠪᠦᠷᠢ ᠠᠵᠤ ᠠᠬᠤᠶ᠋ᠢᠯᠠᠯ᠎ᠠᠴᠠ ᠣᠯᠠᠨ ᠨᠡᠶ᠋ᠢᠲᠡ ᠵᠢᠨ ᠪᠠᠶ᠋ᠢᠭᠤᠯᠤᠮᠵᠢ᠂ ᠲᠠᠷᠢᠶᠠᠯᠠᠩ᠎ᠤᠨ ᠤᠰᠤᠯᠠᠯᠲᠠ ᠵᠢᠨ ᠣᠷᠣᠨ ᠵᠡᠷᠭᠡ᠎ᠳᠤ ᠪᠥᠬᠦ ᠲᠠᠯ᠎ᠠ᠎ᠪᠠᠷ ᠬᠡᠷᠡᠭᠵᠢᠭᠦᠯᠵᠦ᠂ 1 ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠲᠥᠷᠥᠯ ᠵᠦᠢ᠍ᠯ᠎ᠨᠢ ᠤᠰᠤᠨ ᠠᠰᠢᠭᠯᠠᠯᠲᠠ ᠵᠢᠨ ᠶᠠᠮᠤᠨ᠎ᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠰᠣᠩᠭᠤᠭᠳᠠᠵᠠᠶ᠃ 《ᠤᠰᠤᠨ᠎ᠤ ᠡᠷᠬᠡ ᠵᠢᠨ ᠵᠢᠭᠡᠯᠡᠯᠭᠡ》 ᠵᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ᠎ᠤᠨ ᠰᠠᠭᠤᠷᠢ᠎ᠪᠠᠷ ᠨᠡᠯᠢᠶᠡᠳ ᠰᠠᠶ᠋ᠢᠨ ᠦᠬᠠᠶ ᠬᠤᠲᠠ ᠵᠢ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ 《ᠤᠰᠤᠨ᠎ᠤ ᠡᠬᠢ ᠪᠠᠶᠠᠯᠢᠭ᠎ᠢ ᠠᠮᠢᠳᠤᠯᠢᠭ ᠪᠣᠯᠭ᠋ᠠᠬᠤ + ᠠᠮᠢ ᠠᠬᠤᠶ ᠵᠢᠨ ᠥᠷᠲᠡᠭ᠎ᠢ ᠨᠡᠮᠡᠭᠳᠡᠭᠦᠯᠬᠦ + ᠠᠵᠤ ᠦᠢ᠍ᠯᠡᠰ᠎ᠲᠤ ᠡᠨᠧᠷᠭᠢ ᠣᠯᠭᠤᠬᠤ》 ᠬᠥᠭᠵᠢᠯᠲᠡ ᠵᠢᠨ ᠵᠠᠭᠪᠤᠷ᠎ᠢ ᠢᠳᠡᠪᠬᠢᠲᠡᠶ ᠬᠠᠶ᠋ᠢᠨ ᠰᠦᠪᠡᠭᠴᠢᠯᠡᠵᠦ᠂ 2024 ᠣᠨ᠎ᠤ ᠳᠣᠤᠷ᠎ᠠ ᠬᠠᠭ᠋ᠠᠰ ᠵᠢᠯ᠎ᠠᠴᠠ ᠣᠲᠣ ᠪᠣᠯᠲᠠᠯ᠎ᠠ᠂ ᠨᠢᠭᠡᠨᠲᠡ ᠦᠬᠠᠶ ᠬᠤᠲᠠ᠎ᠳᠤ ᠬᠠᠲᠤᠨ ᠭᠤᠤᠯ᠎ᠤᠨ ᠤᠰᠤᠨ᠎ᠤ ᠡᠷᠬᠡ᠎ᠪᠠᠨ ᠳᠠᠨᠵᠢᠯᠠᠬᠤ᠎ᠪᠠᠷ ᠳᠠᠭ᠋ᠠᠭ᠋ᠠᠯᠲᠠ ᠵᠢᠨ ᠠᠷᠭ᠎ᠠ ᠮᠠᠶᠢᠭ ᠪᠣᠯᠭ᠋ᠠᠭᠰᠠᠨ 4 ᠬᠠᠷᠢᠴᠠᠯ᠎ᠤᠨ 《ᠤᠰᠤᠨ᠎ᠤ ᠡᠷᠬᠡ ᠵᠢᠨ ᠵᠢᠭᠡᠯᠡᠯᠭᠡ》 ᠵᠢ ᠠᠮᠵᠢᠯᠲᠠ᠎ᠲᠠᠢ ᠲᠠᠷᠬᠠᠭ᠋ᠠᠵᠤ᠂ ᠨᠡᠶ᠋ᠢᠲᠡ 2847 ᠲᠦᠮᠡᠨ ᠲᠥᠭᠦᠷᠢᠭ᠎ᠤᠨ ᠪᠠᠯᠠ ᠳᠣᠭᠢᠷᠠᠭᠤᠯᠪᠠ᠃ 2025 ᠣᠨ᠎ᠤ 5 ᠳ᠋ᠤᠭ᠋ᠠᠷ ᠰᠠᠷ᠎ᠠ᠎ᠳᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠲᠠᠢ ᠬᠠᠮᠲᠤᠷᠠᠨ 《ᠤᠰᠤᠨ᠎ᠤ ᠡᠷᠬᠡ ᠵᠢᠨ ᠵᠢᠭᠡᠯᠡᠯᠭᠡ》 ᠵᠢ ᠠᠬᠢᠭᠤᠯᠬᠤ ᠲᠤᠰᠬᠠᠶ ᠰᠠᠨᠠᠯ᠎ᠢ ᠨᠡᠶ᠋ᠢᠲᠡᠯᠡᠬᠦ ᠵᠢᠨ ᠬᠠᠮᠲᠤ ᠦᠢ᠍ᠯᠡᠴᠢᠯᠡᠭᠡᠨ᠎ᠤ ᠠᠵᠢᠯ᠎ᠤᠨ ᠵᠦᠭᠯᠡᠭᠦᠷ᠎ᠢ ᠵᠡᠷᠭᠡ᠎ᠪᠠᠷ ᠲᠣᠭᠲᠠᠭ᠋ᠠᠵᠤ᠂ ᠪᠥᠬᠦ ᠣᠷᠣᠨ᠎ᠳᠤ ᠪᠥᠬᠦ ᠲᠠᠯ᠎ᠠ᠎ᠪᠠᠷ ᠬᠡᠷᠡᠭᠵᠢᠭᠦᠯᠦᠨ᠎ᠡ᠃