6 ᠰᠠᠷ᠎ᠠ ᠵᠢᠨ 20᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠵᠢᠨ ᠵᠠᠷᠯᠠᠨ ᠨᠡᠢ᠌ᠲᠡᠯᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ ᠃
ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠴᠧᠨ ᠶᠦᠨ ᠨᠥᠬᠥᠷ᠎ᠤᠨ ᠮᠡᠨᠳᠦᠯᠡᠭᠰᠡᠨ 120 ᠵᠢᠯ᠎ᠤᠨ ᠤᠢ ᠵᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠤᠯᠠᠮᠵᠢᠯᠠᠨ ᠰᠤᠷᠤᠯᠴᠠᠵᠦ ᠂ ᠴᠧᠨ ᠶᠦᠨ ᠨᠥᠬᠥᠷ᠎ᠤᠨ ᠡᠷᠬᠢᠮ ᠳᠡᠭᠡᠳᠦ ᠵᠣᠷᠢᠭ ᠰᠠᠨᠠᠭ᠋ᠠᠨ᠎ᠤ ᠬᠡᠪ ᠨᠠᠮᠪᠠ ᠂ ᠡᠯᠪᠡᠭ ᠪᠠᠶᠠᠯᠢᠭ ᠤᠳᠤᠷᠢᠳᠬᠤ ᠲᠤᠷᠰᠢᠯᠭ᠎ᠠ ᠂ ᠰᠢᠨᠵᠢᠯᠡᠬᠦ ᠤᠬᠠᠭ᠋ᠠᠨᠴᠢ ᠦᠵᠡᠯ ᠰᠠᠨᠠᠭ᠋ᠠᠨ᠎ᠤ ᠠᠷᠭ᠎ᠠ ᠪᠣᠯᠣᠨ ᠠᠵᠢᠯ᠎ᠤᠨ ᠠᠷᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠦ ᠂ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠪᠢᠳᠡᠨ᠎ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ ᠬᠥᠷᠥᠩᠭᠡ ᠵᠢ ᠵᠠᠯᠭ᠋ᠠᠮᠵᠢᠯᠠᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠭᠤᠢ᠌ᠪᠢᠰᠢ ᠦᠭᠡᠢ ᠤᠷᠤᠭᠰᠢᠯᠠᠵᠤ ᠂ ᠥᠪᠥᠷ ᠮᠣᠩᠭᠣᠯ᠎ᠤᠨ 《ᠨᠢᠭᠡ ᠭᠣᠣᠯ ᠰᠢᠵᠢᠮ᠎ᠢ ᠲᠤᠭᠤᠰᠢᠯᠠᠭᠤᠯᠬᠤ ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ 》 ᠲᠠᠯ᠎ᠠ᠎ᠪᠠᠷ ᠨᠡᠩ ᠶᠡᠬᠡ ᠦᠷ᠎ᠡ ᠪᠦᠲᠦᠮᠵᠢ ᠣᠯᠬᠤ ᠵᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠ ᠣᠷᠳᠣ ᠬᠤᠭᠤᠴᠠᠭ᠋ᠠᠨ᠎ᠤ ᠲᠥᠯᠦᠪᠵᠢᠭᠦᠯᠭᠡ᠎ᠪᠠᠷ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠵᠢᠯᠤᠭᠣᠳᠬᠤ ᠪᠣᠯ ᠮᠠᠨ᠎ᠤ ᠨᠠᠮ᠎ᠤᠨ ᠲᠥᠷᠥ ᠵᠢ ᠵᠠᠰᠠᠵᠤ ᠵᠠᠰᠠᠭ᠎ᠢ ᠡᠷᠭᠢᠯᠡᠭᠦ ᠨᠢᠭᠡ ᠵᠦᠢ᠍ᠯ᠎ᠤᠨ ᠴᠢᠬᠤᠯᠠ ᠠᠷᠭ᠎ᠠ ᠭᠡᠯᠪᠡᠷᠢ ᠪᠣᠯᠣᠨ᠎ᠠ 》 ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠵᠤ ᠂ ᠶᠡᠷᠦᠩᠬᠡᠢ ᠱᠦᠵᠢ ᠰᠢ ᠵᠢᠨ ᠫᠢᠩ᠎ᠤᠨ 《ᠠᠷᠪᠠᠨ ᠲᠠᠪᠤᠳᠤᠭ᠋ᠠᠷ ᠲᠠᠪᠤᠨ ᠵᠢᠯ 》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠲᠠᠢ ᠤᠶᠠᠯᠳᠤᠭᠤᠯᠤᠨ ᠰᠤᠷᠤᠯᠴᠠᠨ ᠣᠢ᠌ᠯᠠᠭ᠋ᠠᠵᠤ ᠂ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠤᠨ ᠲᠤᠬᠠᠢ ᠦᠢ᠍ᠯᠡᠳᠦᠯ ᠴᠢᠳᠠᠮᠵᠢ ᠵᠢᠨ ᠪᠠᠢ᠌ᠷᠢ ᠲᠣᠭᠲᠠᠭ᠋ᠠᠯᠲᠠ ᠪᠠ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ᠎ᠳᠤ ᠰᠠᠭᠤᠷᠢᠯᠠᠨ ᠂ 《ᠠᠷᠪᠠᠨ ᠲᠠᠪᠤᠳᠤᠭ᠋ᠠᠷ ᠲᠠᠪᠤᠨ ᠵᠢᠯ 》᠎ᠤᠨ ᠬᠤᠭᠤᠴᠠᠭ᠋ᠠᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠰᠢᠨᠵᠢᠯᠡᠬᠦ ᠤᠬᠠᠭ᠋ᠠᠨᠴᠢ᠎ᠪᠠᠷ ᠤᠬᠠᠭ᠋ᠠᠯᠠᠨ ᠲᠥᠯᠥᠪᠯᠡᠬᠦ ᠬᠡᠷᠡᠭᠲᠡᠢ ᠃ 《ᠲᠠᠪᠤᠨ ᠶᠡᠬᠡ ᠡᠭᠦᠷᠭᠡ 》 ᠵᠢ ᠨᠠᠢ᠌ᠳᠠᠪᠤᠷᠢᠵᠢᠭᠤᠯᠬᠤ ᠂ ᠤᠯᠤᠰ᠎ᠤᠨ 《ᠲᠠᠪᠤᠨ ᠶᠡᠬᠡ ᠠᠮᠤᠷ ᠲᠦᠪᠰᠢᠨ 》᠎ᠢ ᠬᠠᠮᠠᠭ᠋ᠠᠯᠠᠬᠤ᠎ᠲᠠᠢ ᠤᠶᠠᠯᠳᠤᠭᠤᠯᠵᠤ ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ᠎ᠳᠤ ᠦᠢ᠍ᠯᠡᠴᠢᠯᠡᠬᠦ ᠲᠥᠯᠦᠪᠵᠢᠭᠦᠯᠭᠡ ᠵᠢᠨ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠢ ᠰᠤᠳᠤᠯᠤᠨ ᠳᠤᠷᠠᠳᠴᠤ ᠂ ᠨᠡᠩ ᠤᠯᠠᠨ ᠲᠦᠷᠦᠯ ᠵᠦᠢ᠍ᠯ᠎ᠢ ᠤᠯᠤᠰ᠎ᠤᠨ 《ᠶᠡᠬᠡ ᠲᠠᠯ᠎ᠠ 》᠎ᠳᠤ ᠣᠷᠣᠭᠤᠯᠬᠤ᠎ᠪᠠᠷ ᠴᠢᠷᠮᠠᠢ᠌ᠬᠤ ᠬᠡᠷᠡᠭᠲᠡᠢ ᠃ ᠠᠵᠤ ᠠᠬᠤᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ ᠵᠡᠷᠭᠡ ᠴᠢᠬᠤᠯᠠ ᠶᠡᠬᠡ ᠠᠰᠠᠭᠤᠳᠠᠯ᠎ᠤᠨ ᠲᠤᠬᠠᠢ ᠰᠤᠳᠤᠯᠭ᠋ᠠᠨ᠎ᠢ ᠴᠢᠩᠭ᠋ᠠᠳᠬᠠᠵᠤ ᠂ ᠰᠢᠨ᠎ᠡ ᠡᠨᠧᠷᠭᠢ ᠂ ᠠᠭ᠋ᠠᠷ᠎ᠤᠨ ᠠᠶᠠᠯᠠᠯ ᠵᠶ᠋ᠡᠷ ᠬᠦᠢ᠍ᠰᠦ ᠪᠤᠯᠭ᠋ᠠᠬᠰᠠᠨ ᠠᠵᠤ ᠠᠬᠤᠢ ᠂ ᠪᠣᠬᠢᠷᠳᠤᠯ ᠦᠭᠡᠢ ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠂ ᠪᠣᠳᠣᠯᠲᠠ ᠵᠢᠨ ᠬᠦᠴᠦᠨ ᠵᠡᠷᠭᠡ ᠠᠵᠤ ᠦᠢ᠍ᠯᠡᠰ᠎ᠤᠨ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠡᠭᠦᠷᠭᠡ ᠠᠷᠭ᠎ᠠ ᠬᠡᠮᠵᠢᠶ᠎ᠡ ᠪᠣᠯᠣᠨ ᠢᠨᠵᠧᠨᠧᠷᠢᠩ᠎ᠤᠨ ᠲᠦᠷᠦᠯ ᠵᠦᠢ᠍ᠯ᠎ᠢ ᠨᠠᠷᠢᠯᠢᠭ ᠣᠨᠣᠴᠠᠲᠠᠢ ᠤᠬᠠᠭ᠋ᠠᠯᠠᠨ ᠲᠥᠯᠥᠪᠯᠡᠵᠦ ᠂ ᠲᠥᠯᠦᠪᠵᠢᠭᠦᠯᠭᠡ ᠵᠢᠨ ᠬᠡᠷᠡᠭᠵᠢᠭᠦᠯᠬᠦ ᠬᠦᠴᠦᠨ ᠪᠣᠯᠣᠨ ᠨᠠᠢ᠌ᠳᠠᠪᠤᠷᠢᠵᠢᠭᠤᠯᠬᠤ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ ᠃ ᠡᠭᠦᠳᠡ᠎ᠪᠠᠨ ᠨᠡᠭᠡᠭᠡᠵᠦ ᠠᠷᠭ᠎ᠠ ᠪᠣᠳᠣᠯᠭ᠎ᠠ ᠠᠰᠠᠭᠤᠬᠤ ᠂ ᠤᠯᠠᠨ᠎ᠤ ᠤᠶᠤᠨ ᠤᠬᠠᠭ᠋ᠠᠨ᠎ᠢ ᠲᠥᠪᠯᠡᠷᠡᠭᠦᠯᠬᠦ ᠵᠢ ᠪᠠᠷᠢᠮᠲᠠᠯᠠᠵᠤ ᠂ ᠨᠡᠢ᠌ᠭᠡᠮ᠎ᠤᠨ ᠬᠦᠰᠡᠯ ᠡᠷᠡᠮᠡᠯᠵᠡᠯ ᠂ ᠤᠯᠠᠨ ᠲᠦᠮᠡᠨ᠎ᠤ ᠤᠶᠤᠨ ᠤᠬᠠᠭ᠋ᠠᠨ ᠂ ᠲᠤᠰᠬᠠᠢ ᠮᠡᠷᠭᠡᠵᠢᠯᠲᠡᠨ᠎ᠤ ᠰᠠᠨᠠᠯ ᠂ ᠦᠨᠳᠦᠰᠦᠨ ᠱᠠᠲᠤᠨ᠎ᠤ ᠲᠤᠷᠰᠢᠯᠭ᠎ᠠ ᠵᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠶᠠᠪᠤᠴᠠ᠎ᠳᠤ ᠭᠦᠢ᠍ᠴᠡᠳ ᠰᠢᠩᠭᠡᠬᠡᠨ ᠠᠪᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠬᠣᠷᠢᠶᠠᠨ ᠳᠠᠷᠤᠭ᠎ᠠ ᠵᠤᠤ ᠯᠧ ᠵᠢᠢ ᠵᠢᠨ ᠮᠠᠨ᠎ᠤ ᠣᠷᠣᠨ᠎ᠳᠤ ᠪᠠᠢ᠌ᠴᠠᠭ᠋ᠠᠨ ᠰᠤᠳᠤᠯᠤᠯᠲᠠ ᠬᠢᠭᠰᠡᠨ ᠪᠠ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠬᠢᠬᠦ ᠦᠶ᠎ᠡ ᠵᠢᠨ ᠶᠠᠷᠢᠶᠠᠨ᠎ᠤ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠨᠠᠷᠢᠨ ᠬᠢᠨᠠᠮᠠᠭ᠋ᠠᠢ ᠰᠠᠢ᠌ᠲᠤᠷ ᠠᠳᠬᠤᠵᠤ ᠂ ᠬᠣᠯᠪᠣᠭᠳᠠᠯ ᠪᠦᠬᠦᠢ ᠠᠵᠢᠯ᠎ᠢ ᠨᠡᠩ ᠦᠷ᠎ᠡ ᠪᠦᠲᠦᠮᠵᠢᠲᠡᠢ ᠰᠠᠢ᠌ᠲᠤᠷ ᠬᠢᠬᠦ ᠬᠡᠷᠡᠭᠲᠡᠢ ᠃ ᠤᠢ ᠰᠢᠭᠤᠢ ᠵᠢᠨ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠬᠦ ᠵᠢ ᠭᠦᠨᠵᠡᠭᠡᠢ ᠠᠬᠢᠭᠤᠯᠵᠤ ᠂ ᠤᠢ ᠰᠢᠭᠤᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ ᠂ 《ᠤᠮᠠᠷᠠᠲᠤ ᠵᠢᠨ ᠭᠤᠷᠪᠠᠨ ᠣᠷᠣᠨ 》 ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠂ ᠤᠢ ᠰᠢᠭᠤᠢ ᠡᠪᠡᠰᠦ ᠪᠡᠯᠴᠢᠭᠡᠷ᠎ᠤᠨ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠬᠠᠮᠢᠶᠠᠷᠴᠤ ᠬᠠᠮᠠᠭ᠋ᠠᠯᠠᠬᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ ᠤᠢ ᠳᠣᠲᠣᠷᠠᠬᠢ ᠠᠵᠤ ᠠᠬᠤᠢ ᠵᠢ ᠶᠡᠬᠡ᠎ᠪᠠᠷ ᠬᠥᠭᠵᠢᠭᠦᠯᠵᠦ ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠨᠡᠩ ᠪᠠᠲᠤ ᠪᠡᠬᠢ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢ᠌ᠬᠤ ᠬᠡᠷᠡᠭᠲᠡᠢ ᠃ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠭᠣᠣᠯ ᠠᠵᠢᠯ᠎ᠤᠨ ᠲᠣᠭᠣᠷᠢᠨ᠎ᠳᠤ ᠂ ᠶᠡᠬᠡ ᠲᠠᠯ᠎ᠠ᠎ᠳᠤ ᠦᠢ᠍ᠯᠡᠴᠢᠯᠡᠵᠦ ᠂ ᠬᠠᠤᠯᠢ ᠲᠣᠭᠲᠠᠭ᠋ᠠᠬᠤ ᠂ ᠬᠢᠨᠠᠯᠲᠠ ᠲᠠᠯᠪᠢᠬᠤ ᠂ ᠲᠥᠯᠥᠭᠡᠯᠡᠭᠴᠢ ᠵᠡᠷᠭᠡ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ ᠂ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠪᠦᠭᠦ ᠲᠠᠯ᠎ᠠ᠎ᠪᠠᠷ ᠴᠢᠩᠭ᠋ᠠᠳᠬᠠᠵᠤ ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠡᠯ᠎ᠡ ᠱᠠᠲᠤᠨ᠎ᠤ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠦᠩᠯᠢᠶᠣᠣ ᠬᠣᠲᠠ ᠵᠢᠨ ᠣᠶ ᠰᠢᠭᠤᠢ ᠡᠪᠡᠰᠦ ᠪᠡᠯᠴᠢᠭᠡᠷ᠎ᠢ ᠡᠪᠳᠡᠨ ᠰᠦᠢ᠍ᠳᠬᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠠᠴᠠ ᠭᠦᠨᠵᠡᠭᠡᠢ ᠰᠤᠷᠭ᠋ᠠᠮᠵᠢ ᠠᠪᠴᠤ ᠂ ᠨᠤᠲᠤᠭ ᠪᠡᠯᠴᠢᠭᠡᠷ ᠂ ᠣᠶ ᠰᠢᠭᠤᠢ ᠵᠢ ᠬᠠᠮᠠᠭ᠋ᠠᠯᠠᠬᠤ ᠵᠢ ᠢᠮᠠᠭᠲᠠ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠪᠤᠯᠭ᠋ᠠᠵᠤ ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠪᠥᠭᠡᠳ ᠪᠣᠳᠠᠲᠠᠢ ᠰᠠᠢ᠌ᠲᠤᠷ ᠠᠳᠬᠤᠵᠤ ᠂ ᠨᠢᠭᠡ᠎ᠠᠴᠠ ᠨᠦᠭᠦᠭᠡ ᠵᠢ ᠵᠦᠢ᠍ᠴᠢᠯᠡᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢ ᠠᠬᠢᠭᠤᠯᠵᠤ ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠣᠭᠲᠠᠭ᠋ᠠᠭᠰᠠᠨ 》᠎ᠢ ᠬᠦᠷᠢᠶᠡᠯᠡᠵᠦ ᠂ 《ᠬᠣᠶᠠᠷ᠎ᠢ ᠬᠠᠮᠠᠭ᠋ᠠᠯᠠᠬᠤ 》 ᠵᠢ ᠦᠢ᠍ᠯᠡᠳᠦᠯᠭᠡᠵᠢᠭᠦᠯᠬᠦ ᠬᠡᠷᠡᠭᠲᠡᠢ ᠃ ᠵᠠᠷᠯᠠᠨ ᠨᠡᠢ᠌ᠲᠡᠯᠡᠭᠰᠡᠨ ᠠᠰᠠᠭᠤᠳᠠᠯ᠎ᠲᠠᠢ ᠬᠠᠷᠭᠤᠭᠤᠯᠤᠨ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠵᠦᠢ᠍ᠯ ᠵᠤᠷᠪᠤᠰ ᠳᠠᠷᠠᠭ᠋ᠠᠯᠠᠨ ᠲᠣᠳᠣᠷᠬᠠᠢ᠌ᠯᠠᠵᠤ ᠂ ᠬᠤᠷᠳᠤᠨ ᠮᠣᠷᠢᠨ᠎ᠳᠤ ᠲᠠᠰᠢᠭᠤᠷ ᠨᠡᠮᠡᠵᠦ ᠴᠡᠭᠴᠡᠯᠡᠨ ᠰᠠᠢ᠌ᠵᠢᠷᠠᠭᠤᠯᠬᠤ ᠠᠵᠢᠯ᠎ᠢ ᠪᠣᠳᠠᠲᠠᠢ᠌ᠵᠢᠭᠤᠯᠬᠤ ᠬᠡᠷᠡᠭᠲᠡᠢ ᠃ ᠤᠢ ᠮᠣᠳᠣ ᠡᠪᠡᠰᠦ ᠪᠡᠯᠴᠢᠭᠡᠷ᠎ᠢ ᠡᠪᠳᠡᠨ ᠰᠦᠢ᠍ᠳᠬᠡᠵᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠬᠦᠴᠦᠲᠡᠢ ᠠᠬᠢᠭᠤᠯᠵᠤ ᠂ ᠨᠡᠮᠡᠭᠳᠡᠯ᠎ᠤᠨ ᠬᠡᠮᠵᠢᠶ᠎ᠡ ᠵᠢ ᠪᠠᠭ᠋ᠠᠰᠬᠠᠬᠤ ᠪᠠ ᠬᠠᠳᠠᠭ᠋ᠠᠯᠠᠯᠲᠠ ᠵᠢᠨ ᠬᠡᠮᠵᠢᠶ᠎ᠡ ᠵᠢ ᠪᠠᠭ᠋ᠠᠰᠬᠠᠬᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ ᠂ ᠡᠨᠡ ᠬᠦ᠌ ᠭᠠᠵᠢᠭᠤ ᠰᠤᠷᠲᠠᠯ᠎ᠢ ᠲᠠᠰᠤ ᠬᠣᠷᠢᠭᠯᠠᠬᠤ ᠬᠡᠷᠡᠭᠲᠡᠢ ᠃ ᠮᠡᠳᠡᠵᠦ ᠪᠠᠢ᠌ᠭ᠋ᠠᠳ ᠵᠣᠷᠢᠭᠤᠳᠠ ᠵᠥᠷᠢᠴᠡᠭᠰᠡᠨ ᠂ ᠣᠯᠠᠨᠲᠠ ᠰᠤᠷᠭ᠋ᠠᠪᠠᠴᠤ ᠵᠠᠯᠠᠷᠠᠭᠤᠯᠬᠤ ᠦᠭᠡᠢ ᠂ ᠬᠤᠳᠠᠯ ᠬᠠᠭᠤᠷᠮᠠᠭ ᠵᠶ᠋ᠠᠷ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠪᠠᠯ ᠴᠢᠩᠭ᠎ᠠ ᠬᠠᠷᠢᠭᠤᠴᠠᠯᠭ᠎ᠠ ᠲᠤᠯᠭ᠋ᠠᠵᠤ ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠤᠨ ᠠᠷᠤ᠎ᠳᠠᠬᠢ ᠠᠰᠢᠭ ᠲᠤᠰᠠ ᠵᠢᠨ ᠬᠠᠷᠢᠴᠠᠭ᠎ᠠ ᠵᠢ ᠭᠦᠨ ᠠᠭᠤᠳᠠᠯᠵᠤ ᠲᠤᠢ᠌ᠯᠪᠤᠷᠢᠲᠠᠢ ᠪᠠᠢ᠌ᠴᠠᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ 《ᠦᠨᠳᠦᠰᠦᠨ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ 》᠎ᠢ ᠬᠢᠨᠠᠨ ᠵᠥᠪᠯᠡᠪᠡ ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ ᠃