ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠥᠪᠥᠷ ᠮᠣᠩᠭᠣᠯ᠎ᠳᠤ ᠵᠢᠭ᠋ᠠᠨ ᠵᠢᠯᠤᠭᠣᠳᠴᠤ ᠬᠢᠨᠠᠨ ᠵᠢᠯᠤᠭᠣᠳᠬᠤ ᠠᠭᠤᠯᠵᠠᠯᠲᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-06-23

   ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ 6 ᠰᠠᠷ᠎ᠠ ᠵᠢᠨ 22᠎ᠤᠨ ᠡᠳᠦᠷ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠵᠢᠭ᠋ᠠᠨ ᠵᠢᠯᠤᠭᠣᠳᠴᠤ ᠬᠢᠨᠠᠨ ᠵᠢᠯᠤᠭᠣᠳᠬᠤ ᠠᠭᠤᠯᠵᠠᠯᠲᠠ ᠵᠢᠨ ᠬᠤᠷᠠᠯ ᠬᠤᠷᠠᠯᠳᠤᠪᠠ᠃ ᠲᠥᠪ᠎ᠤᠨ ᠶᠢᠰᠦᠳᠦᠭᠡᠷ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠳᠠᠷᠤᠭ᠎ᠠ ᠳ᠋ᠦ᠋ ᠵᠢᠶᠠ ᠬᠤᠤ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ  ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠦ᠂ ᠵᠢᠭ᠋ᠠᠨ ᠵᠢᠯᠤᠭᠣᠳᠴᠤ ᠬᠢᠨᠠᠨ ᠵᠢᠯᠤᠭᠣᠳᠬᠤ ᠠᠵᠢᠯ᠎ᠤᠨ ᠡᠭᠦᠷᠭᠡ᠂ ᠶᠡᠷᠦᠩᠬᠡᠢ ᠲᠣᠬᠢᠷᠠᠭᠤᠯᠤᠯᠲᠠ ᠵᠢ ᠵᠠᠷᠯᠠᠨ ᠨᠡᠢ᠌ᠲᠡᠯᠡᠭᠰᠡᠨ ᠪᠥᠭᠡᠳ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠠᠵᠢᠯ᠎ᠳᠤ ᠬᠠᠮᠵᠢᠯᠴᠠᠬᠤ ᠲᠤᠬᠠᠢ ᠱᠠᠭ᠋ᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠳ ᠬᠤᠷᠠᠯ᠎ᠳᠤ ᠣᠷᠣᠯᠴᠠᠵᠠᠢ᠃ ᠲᠥᠪ᠎ᠤᠨ ᠶᠢᠰᠦᠳᠦᠭᠡᠷ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠪᠦᠭᠦ ᠪᠦᠷᠢᠯᠳᠦᠭᠦᠨ ᠬᠤᠷᠠᠯ᠎ᠳᠤ ᠣᠷᠣᠯᠴᠠᠵᠠᠢ᠃

   ᠳ᠋ᠦ᠋ ᠵᠢᠶᠠ ᠬᠤᠤ᠂ ᠪᠦᠭᠦ ᠨᠠᠮ ᠵᠶ᠋ᠡᠷ ᠵᠶ᠋ᠡᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠡᠨᠡ ᠵᠢᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠣᠨ᠎ᠠ᠃ ᠣᠳᠣᠬᠠᠨ᠎ᠳᠤ᠂ ᠰᠤᠷᠤᠯᠴᠠᠯᠭ᠎ᠠ ᠬᠥᠮᠦᠵᠢᠯ᠎ᠢ ᠶᠠᠭ ᠭᠦᠨᠵᠡᠭᠡᠢ᠌ᠷᠡᠭᠦᠯᠦᠨ ᠠᠬᠢᠭᠤᠯᠵᠤ᠂ ᠦᠢ᠍ᠯᠡ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ ᠦᠷ᠎ᠡ ᠪᠦᠲᠦᠮᠵᠢ ᠣᠯᠬᠤ ᠵᠠᠩᠭᠢᠯᠠᠭ᠎ᠠ ᠵᠢᠨ ᠱᠠᠲᠤᠨ᠎ᠳᠤ ᠣᠷᠣᠰᠢᠵᠤ ᠪᠠᠢ᠌ᠨ᠎ᠠ᠂ ᠨᠠᠮ᠎ᠤᠨ ᠲᠥᠪ ᠬᠣᠷᠢᠶ᠎ᠠ᠎ᠠᠴᠠ ᠦᠷᠭᠦᠯᠵᠢᠯᠡᠨ ᠵᠢᠭ᠋ᠠᠨ ᠵᠢᠯᠤᠭᠣᠳᠬᠤ ᠳᠤᠭᠤᠢ᠌ᠯᠠᠩ ᠲᠣᠮᠢᠯᠠᠭᠰᠠᠨ ᠶᠠᠪᠤᠳᠠᠯ ᠪᠣᠯ ᠶᠡᠷᠦᠩᠬᠡᠢ ᠱᠦᠵᠢ ᠰᠢ  ᠵᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠯᠠᠮ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠰᠤᠷᠤᠯᠴᠠᠯᠭ᠎ᠠ ᠬᠥᠮᠦᠵᠢᠯ᠎ᠢ ᠴᠢᠩᠭ᠎ᠠ ᠠᠳᠬᠤᠵᠤ ᠪᠣᠳᠠᠲᠠᠢ ᠠᠳᠬᠤᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠬᠤ ᠵᠢᠨ ᠪᠣᠳᠠᠲᠤ ᠬᠡᠷᠡᠭᠴᠡᠭᠡ ᠮᠥᠨ᠂ ᠳᠠᠷᠤᠯᠲᠠ ᠵᠢ ᠳᠠᠮᠵᠢᠭᠤᠯᠤᠨ ᠬᠣᠯᠪᠣᠭᠳᠠᠯ ᠪᠦᠬᠦᠢ ᠭᠠᠵᠠᠷ ᠣᠷᠣᠨ ᠪᠠ ᠨᠢᠭᠡᠴᠢ ᠵᠢᠨ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠵᠢᠨ ᠬᠦᠴᠦᠲᠡᠢ ᠠᠷᠭ᠎ᠠ ᠬᠡᠮᠵᠢᠶ᠎ᠡ ᠮᠥᠨ᠃ ᠥᠪᠥᠷ ᠮᠣᠩᠭᠣᠯ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠬᠥᠮᠦᠵᠢᠯ᠎ᠤᠨ ᠵᠠᠩᠭᠢᠯᠠᠭ᠎ᠠ ᠵᠢᠨ ᠬᠤᠭᠤᠴᠠᠭ᠋ᠠᠨ᠎ᠳᠤ ᠲᠥᠪ᠎ᠤᠨ ᠵᠢᠭ᠋ᠠᠨ ᠵᠢᠯᠤᠭᠣᠳᠬᠤ ᠳᠤᠭᠤᠢ᠌ᠯᠠᠩ᠎ᠢ ᠦᠷᠭᠦᠯᠵᠢᠯᠡᠨ ᠲᠣᠮᠢᠯᠠᠭᠰᠠᠨ᠎ᠤ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠠᠳᠬᠤᠬᠤ ᠦᠵᠡᠯ ᠰᠠᠨᠠᠭ᠋ᠠᠨ᠎ᠤ ᠤᠬᠠᠮᠰᠠᠷ ᠪᠠ ᠠᠵᠢᠯᠯᠠᠭ᠋ᠠᠨ᠎ᠤ ᠤᠬᠠᠮᠰᠠᠷ ᠵᠶ᠋ᠠᠨ ᠦᠷᠭᠦᠯᠵᠢᠯᠡᠨ ᠴᠢᠩᠭ᠋ᠠᠳᠬᠠᠵᠤ᠂ ᠠᠷᠭ᠋ᠠᠴᠠᠭ᠋ᠠᠨ ᠥᠩᠭᠡᠷᠡᠭᠦᠯᠬᠦ ᠪᠤᠳᠤᠯ᠂ 《ᠨᠢᠭᠡᠨ ᠴᠠᠭ᠎ᠤᠨ ᠰᠠᠯᠬᠢ》 ᠵᠢᠨ  ᠦᠵᠡᠯ ᠰᠠᠨᠠᠭ᠎ᠠ ᠵᠢ ᠡᠷᠡᠰ ᠲᠡᠪᠴᠢᠵᠦ᠂ ᠠᠵᠢᠯ ᠵᠶ᠋ᠠᠨ ᠨᠠᠩ ᠯᠠᠪᠳᠠᠭᠤᠨ ᠪᠠᠲᠤᠲᠠᠢ᠂ ᠨᠠᠩ ᠭᠦᠨᠵᠡᠭᠡᠢ᠂ ᠨᠠᠩ ᠲᠤᠭᠤᠰᠢᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

   ᠳ᠋ᠦ᠋ ᠵᠢᠶᠠ ᠬᠤᠤ᠂ ᠲᠥᠪ᠎ᠤᠨ ᠵᠢᠭ᠋ᠠᠨ ᠵᠢᠯᠤᠭᠣᠳᠬᠤ ᠳᠤᠭᠤᠢ᠌ᠯᠠᠩ ᠨᠠᠮ᠎ᠤᠨ ᠲᠥᠪ ᠬᠣᠷᠢᠶ᠎ᠠ ᠵᠢᠨ ᠲᠣᠳᠣᠷᠬᠠᠢ᠌ᠯᠠᠭᠰᠠᠨ ᠲᠤᠰᠢᠶᠠᠯ ᠬᠠᠷᠢᠭᠤᠴᠠᠯᠭ᠎ᠠ ᠡᠭᠦᠷᠭᠡ ᠵᠢ ᠴᠢᠩᠭ᠎ᠠ ᠵᠢᠷᠤᠮᠯᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠨᠢᠭᠲᠠ ᠲᠦᠰᠢᠭᠯᠡᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠪᠣᠳᠠᠲᠠᠢ ᠭᠦᠢ᠍ᠴᠡᠳᠬᠡᠵᠦ᠂ ᠲᠥᠪ᠎ᠤᠨ ᠵᠣᠷᠢᠭ ᠰᠠᠨᠠᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠵᠢᠭ᠋ᠠᠨ ᠵᠢᠯᠤᠭᠣᠳᠴᠤ ᠬᠢᠨᠠᠨ ᠵᠢᠯᠤᠭᠣᠳᠴᠤ᠂ ᠰᠤᠷᠤᠯᠴᠠᠯᠭ᠎ᠠ ᠵᠢ ᠭᠦᠨᠵᠡᠭᠡᠢ᠌ᠷᠡᠭᠦᠯᠬᠦ ᠵᠢ ᠵᠢᠭ᠋ᠠᠨ ᠵᠢᠯᠤᠭᠣᠳᠴᠤ ᠬᠢᠨᠠᠨ ᠵᠢᠯᠤᠭᠣᠳᠴᠤ᠂ ᠠᠰᠠᠭᠤᠳᠠᠯ᠎ᠢ ᠣᠨᠣᠪᠴᠢᠲᠠᠢ ᠡᠷᠢᠬᠦ ᠵᠢ ᠵᠢᠭ᠋ᠠᠨ ᠵᠢᠯᠤᠭᠣᠳᠴᠤ ᠬᠢᠨᠠᠨ ᠵᠢᠯᠤᠭᠣᠳᠴᠤ᠂ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠵᠢᠭ᠋ᠠᠨ ᠵᠢᠯᠣᠭᠣᠳᠤᠨ ᠬᠢᠨᠠᠨ ᠵᠢᠯᠤᠭᠣᠳᠴᠤ᠂ ᠳᠦᠷᠢᠮ ᠲᠣᠭᠲᠠᠭ᠋ᠠᠯ ᠲᠣᠭᠲᠠᠭ᠋ᠠᠬᠤ ᠵᠢ ᠵᠢᠭ᠋ᠠᠨ ᠵᠢᠯᠤᠭᠣᠳᠴᠤ ᠬᠢᠨᠠᠨ ᠵᠢᠯᠤᠭᠣᠳᠴᠤ᠂ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ᠎ᠪᠠᠷ ᠭᠣᠣᠯᠳᠠᠯᠭ᠎ᠠ ᠪᠤᠯᠭ᠋ᠠᠵᠤ᠂ ᠨᠢᠭᠡ ᠰᠡᠳᠦᠪ᠎ᠲᠤ ᠬᠠᠮᠲᠤ᠎ᠪᠠᠷ ᠬᠠᠷᠢᠭᠤᠯᠲᠠ ᠥᠭᠬᠦ ᠵᠢ ᠪᠠᠷᠢᠮᠲᠠᠯᠠᠵᠤ᠂ ᠠᠵᠢᠯ᠎ᠤᠨ ᠪᠠᠢ᠌ᠷᠢ᠎ᠪᠠᠨ ᠪᠠᠲᠤ ᠰᠠᠬᠢᠵᠤ ᠠᠵᠢᠯ᠎ᠤᠨ ᠬᠠᠷᠢᠭᠤᠴᠠᠯᠭ᠎ᠠ᠎ᠠᠴᠠ᠎ᠪᠠᠨ ᠳᠠᠪᠠᠬᠤ ᠦᠭᠡᠢ ᠪᠠᠢ᠌ᠬᠤ ᠵᠢ ᠪᠡᠶᠡᠯᠡᠭᠦᠯᠦᠨ᠎ᠡ᠃ ᠲᠥᠪ᠎ᠤᠨ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠠᠵᠢᠯ᠎ᠳᠤ ᠪᠦᠭᠦ ᠬᠦᠴᠦᠨ ᠵᠶ᠋ᠡᠷ ᠵᠶ᠋ᠡᠨ ᠬᠠᠮᠵᠢᠯᠴᠠᠨ ᠳᠡᠮᠵᠢᠵᠦ᠂ ᠴᠢᠩᠭ᠎ᠠ ᠬᠢᠨᠠᠯᠲᠠ ᠲᠠᠯᠪᠢᠨ ᠦᠨᠡᠨ ᠪᠣᠳᠠᠲᠠᠢ ᠵᠢᠯᠤᠭᠣᠳᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠵᠦ᠂ ᠴᠢᠩᠭ᠎ᠠ ᠪᠣᠳᠠᠲᠠᠢ ᠪᠠᠢ᠌ᠬᠤ ᠵᠢ ᠪᠠᠷᠢᠮᠲᠠᠯᠠᠨ᠂ ᠠᠵᠢᠯ᠎ᠤᠨ ᠲᠠᠯ᠎ᠠ᠎ᠪᠠᠷ ᠬᠠᠮᠵᠢᠯᠴᠠᠬᠤ ᠵᠢ ᠪᠠᠷᠢᠮᠲᠠᠯᠠᠵᠤ᠂ ᠰᠠᠬᠢᠯᠭ᠎ᠠ ᠪᠠᠲᠤ ᠵᠢ ᠴᠢᠩᠭ᠎ᠠ ᠰᠠᠬᠢᠬᠤ ᠵᠢ ᠪᠠᠷᠢᠮᠲᠠᠯᠠᠨ᠂ ᠡᠯ᠎ᠡ ᠵᠦᠢ᠍ᠯ᠎ᠤᠨ ᠠᠵᠢᠯ᠎ᠤᠨ ᠡᠭᠦᠷᠭᠡ᠎ᠪᠠᠨ ᠴᠢᠨᠠᠷ ᠰᠠᠢ᠌ᠲᠠᠢ ᠰᠠᠢ᠌ᠲᠤᠷ ᠪᠡᠶᠡᠯᠡᠭᠦᠯᠬᠦ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃

   ᠰᠦᠨ ᠱᠤᠤ ᠴᠧᠩ᠂ ᠲᠥᠪ᠎ᠤᠨ ᠵᠢᠭ᠋ᠠᠨ ᠵᠢᠯᠤᠭᠣᠳᠬᠤ ᠳᠤᠭᠤᠢ᠌ᠯᠠᠩ ᠥᠪᠥᠷ ᠮᠣᠩᠭᠣᠯ᠎ᠳᠤ ᠭᠦᠨᠵᠡᠭᠡᠢ᠌ᠷᠡᠨ ᠵᠢᠭ᠋ᠠᠨ ᠵᠢᠯᠤᠭᠣᠳᠴᠤ ᠬᠢᠨᠠᠨ ᠵᠢᠯᠤᠭᠣᠳᠬᠤ ᠠᠵᠢᠯ᠎ᠢ ᠥᠷᠨᠢᠭᠦᠯᠬᠦ᠎ᠨᠢ ᠰᠢ  ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠪᠠ ᠳᠣᠲᠣᠨᠣ᠎ᠪᠠᠷ ᠬᠠᠯᠠᠮᠵᠢᠯᠠᠵᠤ ᠪᠠᠢ᠌ᠬᠤ ᠵᠢ ᠭᠦᠢ᠍ᠴᠡᠳ ᠬᠠᠷᠠᠭᠤᠯᠵᠤ᠂ ᠪᠢᠳᠡᠨ᠎ᠤ ᠳᠤᠲᠠᠭᠤᠳᠠᠯ ᠠᠯᠳᠠᠭᠳᠠᠯ ᠵᠶ᠋ᠠᠨ ᠨᠥᠬᠥᠪᠦᠷᠢᠯᠡᠬᠦ᠂ ᠠᠵᠢᠯ᠎ᠤᠨ ᠶᠠᠰᠤ ᠴᠢᠨᠠᠷ ᠵᠶ᠋ᠠᠨ ᠳᠡᠭᠡᠭᠰᠢᠯᠡᠭᠦᠯᠭᠦ᠎ᠳᠤ ᠴᠢᠬᠤᠯᠠ ᠠᠬᠢᠭᠤᠯᠬᠤ ᠦᠢ᠍ᠯᠡᠳᠦᠯ ᠦᠵᠡᠭᠦᠯᠭᠦ᠎ᠨᠢ ᠯᠠᠪᠲᠠᠢ᠃ ᠪᠦᠭᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠶᠡᠷᠦᠩᠬᠡᠢ ᠱᠦᠵᠢ ᠰᠢ  ᠵᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ᠎ᠪᠠᠷ ᠪᠠᠷᠢᠮᠵᠢᠶᠠᠯᠠᠨ ᠲᠠᠭᠢᠨ ᠰᠤᠷᠤᠯᠴᠠᠵᠤ ᠲᠠᠭᠢᠨ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ  ᠡᠷᠡᠰ ᠪᠡᠶᠡᠯᠡᠭᠦᠯᠬᠦ ᠵᠢ ᠰᠤᠷᠤᠯᠴᠠᠯᠭ᠎ᠠ ᠬᠥᠮᠦᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ ᠪᠦᠭᠦ ᠶᠠᠪᠤᠴᠠ᠎ᠳᠤ ᠲᠤᠭᠤᠰᠢᠯᠠᠭᠤᠯᠤᠨ᠎ᠠ᠃ ᠲᠥᠪ᠎ᠤᠨ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠠᠵᠢᠯ᠎ᠢ ᠪᠦᠭᠦ ᠬᠦᠴᠦ᠎ᠪᠠᠷ ᠵᠶ᠋ᠡᠨ ᠲᠡᠮᠵᠢᠨ ᠬᠠᠮᠵᠢᠯᠴᠠᠵᠤ᠂ ᠲᠥᠪ ᠴᠢᠩᠭ᠎ᠠ ᠴᠢᠩ ᠦᠨᠡᠨᠴᠢ᠎ᠪᠠᠷ ᠵᠢᠭ᠋ᠠᠨ ᠵᠢᠯᠤᠭᠣᠳᠴᠤ ᠬᠢᠨᠠᠨ ᠵᠢᠯᠤᠭᠣᠳᠬᠤ ᠵᠢ ᠬᠦᠯᠢᠶᠡᠵᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠰᠠᠢ᠌ᠲᠤᠷ ᠠᠳᠬᠤᠵᠤ᠂ ᠨᠢᠭᠡ᠎ᠠᠴᠠ ᠨᠦᠭᠦᠭᠡ ᠵᠢ ᠵᠦᠢ᠍ᠴᠢᠯᠡᠨ ᠮᠡᠳᠡᠵᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠰᠤᠷᠤᠯᠴᠠᠯᠭ᠎ᠠ ᠬᠥᠮᠦᠵᠢᠯ᠎ᠢ ᠨᠡᠩ ᠴᠢᠨᠠᠷ ᠰᠠᠢ᠌ᠲᠠᠢ ᠠᠳᠬᠤᠨ᠎ᠠ᠃ ᠸᠧᠢ ᠱᠤᠸᠠᠨ ᠱ᠌ᠢ ᠵᠡᠷᠭᠡ ᠬᠥᠮᠥᠰ᠎ᠤᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠬᠡᠷᠡᠭ ᠵᠶ᠋ᠡᠷ ᠲᠣᠯᠢ ᠪᠣᠯᠭ᠋ᠠᠨ᠂ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠴᠡᠭᠴᠡᠯᠡᠨ ᠰᠠᠢ᠌ᠵᠢᠷᠠᠭᠤᠯᠵᠤ᠂ ᠰᠤᠷᠤᠯᠴᠠᠯᠭ᠎ᠠ ᠬᠥᠮᠦᠵᠢᠯ᠎ᠤᠨ ᠨᠠᠩ ᠶᠡᠬᠡ ᠦᠷ᠎ᠡ ᠪᠦᠲᠦᠮᠵᠢ ᠣᠯᠬᠤ ᠵᠢ ᠠᠬᠢᠭᠤᠯᠤᠨ᠎ᠠ᠃ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠶᠡᠷᠦᠩᠬᠡᠢ ᠱᠦᠵᠢ ᠰᠢ  ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠵᠤ᠂ ᠪᠦᠭᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ᠂ ᠠᠵᠢᠯ ᠬᠢᠵᠦ ᠦᠢ᠍ᠯᠡᠰ ᠪᠣᠰᠬᠠᠬᠤ᠂ ᠠᠷᠠᠳ᠎ᠤᠨ ᠲᠥᠯᠥᠭᠡ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠪᠣᠳᠠᠲᠤ ᠶᠠᠪᠤᠳᠠᠯ ᠬᠢᠬᠦ ᠵᠢ ᠵᠣᠷᠢᠭᠵᠢᠭᠤᠯᠵᠤ᠂ ᠰᠢᠯᠢᠳᠡᠭ ᠰᠤᠷᠲᠠᠯ ᠵᠶ᠋ᠠᠷ ᠡᠬᠡ ᠤᠯᠤᠰ᠎ᠤᠨ  ᠤᠮᠠᠷᠠᠲᠤ ᠵᠢᠨ ᠦᠵᠡᠮᠵᠢ ᠵᠢᠨ ᠣᠷᠣᠨ᠎ᠢ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠤᠨ᠎ᠠ ᠭᠡᠵᠦ ᠢᠯᠡᠳᠬᠡᠪᠡ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠨᠠᠮ᠎ᠤᠨ ᠬᠣᠷᠢᠶ᠎ᠠ ᠵᠢᠨ ᠱᠦᠵᠢ ᠵᠠᠬᠢᠷᠭ᠎ᠠ ᠵᠢᠨ ᠳᠠᠷᠤᠭ᠎ᠠ ᠰᠦᠨ ᠮᠧᠢ ᠵᠢᠶᠦ᠋ᠨ᠎ᠲᠠᠢ ᠠᠭᠤᠯᠵᠠᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠱᠠᠭ᠋ᠠᠷᠳᠠᠯᠭ᠎ᠠ ᠵᠢ ᠰᠤᠳᠤᠯᠤᠨ ᠨᠠᠢ᠌ᠳᠠᠪᠤᠷᠢᠵᠢᠭᠤᠯᠵᠤ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠣᠢ᠌ᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠨᠠᠭᠰᠢᠳᠠ ᠪᠠᠢ᠌ᠷᠢᠯᠠᠭᠤᠯᠵᠤ ᠮᠠᠨ᠎ᠤ ᠣᠷᠣᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠭᠦᠨᠵᠡᠭᠡᠢ᠌ᠷᠡᠭᠦᠯᠦᠨ ᠠᠬᠢᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠤᠰᠤᠨ ᠠᠰᠢᠭᠯᠠᠯᠲᠠ ᠵᠢᠨ ᠶᠠᠮᠤᠨ᠎ᠤ ᠪᠠᠶ᠋ᠢᠭᠤᠯᠭ᠎ᠠ 《ᠢᠷᠠᠭᠤ ᠠᠯᠳᠠᠷᠲᠠᠢ᠎ᠪᠠᠷ ᠨᠠᠮ᠎ᠳᠤ 50 ᠵᠢᠯ ᠪᠣᠯᠤᠭᠰᠠᠨ》 ᠳᠤᠷᠠᠰᠬᠠᠯ᠎ᠤᠨ ᠲᠡᠮᠳᠡᠭ ᠣᠯᠭᠤᠬᠤ ᠪᠠ 《7 · 1》᠎ᠤ ᠲᠣᠬᠤᠨᠢᠭᠤᠯᠬᠤ ᠠᠵᠢᠯ ᠥᠷᠨᠢᠭᠦᠯᠪᠡ
ᠥᠪᠥᠷ ᠮᠣᠩᠭᠤᠯ 1620 ᠡᠨᠧᠷᠭᠢ ᠵᠢᠨ ᠠᠰᠢᠭᠯᠠᠮᠵᠢ ᠵᠢ ᠬᠢᠨᠠᠨ ᠪᠠᠶ᠋ᠢᠴᠠᠭ᠋ᠠᠵᠤ ᠡᠨᠧᠷᠭᠢ ᠠᠷᠪᠢᠯᠠᠬᠤ ᠲᠥᠷᠥᠯ ᠵᠦᠢ᠍ᠯ᠎ᠳᠤ 《ᠡᠨᠧᠷᠭᠢ ᠠᠷᠪᠢᠯᠠᠬᠤ ᠲᠠᠲᠠᠭ᠋ᠠᠯ》᠎ᠢ ᠪᠠᠢ᠌ᠭᠤᠯᠵᠤ᠂ ᠡᠨᠧᠷᠭᠢ ᠠᠷᠪᠢᠯᠠᠬᠤ ᠬᠡᠮᠵᠢᠶ᠎ᠡ᠎ᠨᠢ 660 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠳᠤ ᠬᠥᠷᠪᠡ
 
            