ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠦᠨ ᠱᠤᠤ ᠴᠧᠩ ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠨᠠᠮ᠎ᠤᠨ ᠬᠣᠷᠢᠶ᠎ᠠ ᠵᠢᠨ ᠱᠦᠵᠢ ᠵᠠᠬᠢᠷᠭ᠎ᠠ ᠵᠢᠨ ᠳᠠᠷᠤᠭ᠎ᠠ ᠰᠦᠨ ᠮᠧᠢ ᠵᠢᠶᠦ᠋ᠨ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2025-06-24

  6 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠭᠦᠭᠡᠬᠣᠲᠠ᠎ᠳᠤ ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠨᠠᠮ᠎ᠤᠨ ᠬᠣᠷᠢᠶ᠎ᠠ ᠵᠢᠨ ᠱᠦᠵᠢ᠂ ᠵᠠᠬᠢᠷᠭ᠎ᠠ ᠵᠢᠨ ᠳᠠᠷᠤᠭ᠎ᠠ ᠰᠦᠨ ᠮᠧᠶ ᠵᠢᠶᠦ᠋ᠨ᠎ᠲᠠᠢ ᠠᠭᠤᠯᠵᠠᠪᠠ᠃


111.jpg


   ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠰᠦᠨ ᠮᠧᠢ ᠵᠢᠶᠦ᠋ᠨ ᠨᠠᠷ᠎ᠢ ᠪᠠᠶᠠᠷᠯᠠᠨ ᠤᠭᠲᠤᠵᠤ ᠪᠠᠢ᠌ᠬᠤ᠎ᠪᠠᠨ ᠢᠯᠡᠳᠬᠡᠵᠦ᠂ ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ᠎ᠬᠢᠨ ᠶᠡᠷᠦᠩᠬᠡᠢ ᠱᠦᠵᠢ ᠰᠢ  ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ᠃ ᠲᠡᠷᠡ᠂ ᠣᠢ᠌ᠷ᠎ᠠ ᠵᠢᠨ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ ᠬᠢᠯᠢ ᠵᠢᠨ ᠪᠣᠭᠣᠮᠲᠠ ᠵᠢᠨ ᠳᠠᠪᠠᠭᠤᠯᠢᠭ᠎ᠲᠠᠭᠠᠨ ᠲᠦᠰᠢᠭᠯᠡᠨ᠂ 《ᠨᠢᠭᠡ ᠪᠦᠰᠡ ᠨᠢᠭᠡ ᠵᠠᠮ 》᠎ᠢ  ᠬᠠᠮᠲᠤ᠎ᠪᠠᠷ ᠪᠦᠲᠦᠭᠡᠨ ᠪᠠᠢ᠌ᠭᠤᠯᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠠ ᠠᠭᠤᠰᠤᠯᠴᠠᠵᠤ᠂ ᠣᠷᠣᠰ᠂ ᠮᠣᠩᠭᠣᠯ ᠵᠡᠷᠭᠡ ᠤᠯᠤᠰ᠎ᠤᠨ ᠬᠣᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ᠎ᠯᠤᠭ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠭᠠᠳᠠᠭ᠋ᠠᠳᠤ ᠤᠷᠤᠭᠤᠯᠤᠯᠲᠠ ᠵᠢᠨ ᠡᠬᠢ ᠪᠠᠶᠠᠯᠢᠭ᠎ᠢ ᠰᠠᠭᠤᠷᠢᠰᠢᠭᠤᠯᠤᠨ ᠪᠤᠯᠪᠠᠰᠤᠷᠠᠭᠤᠯᠬᠤ ᠪᠠ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠵᠢ ᠬᠦᠴᠦᠯᠡᠨ ᠬᠥᠭᠵᠢᠭᠦᠯᠵᠦ᠂ ᠰᠠᠭᠤᠷᠢ ᠲᠥᠬᠦᠭᠡᠷᠦᠮᠵᠢ ᠵᠢᠨ ᠬᠣᠯᠪᠣᠯᠳᠤᠨ ᠨᠡᠪᠲᠡᠷᠡᠯᠴᠡᠬᠦ ᠵᠢ ᠢᠳᠡᠪᠬᠢᠲᠡᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠭᠦ ᠬᠦᠴᠦᠨ ᠵᠶ᠋ᠡᠷ ᠵᠶ᠋ᠡᠨ ᠴᠣᠭᠴᠠᠯᠠᠪᠠ᠃ ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ᠎ᠬᠢᠨ ᠥᠪᠥᠷ ᠮᠣᠩᠭᠣᠯ᠎ᠢ ᠳᠡᠮᠵᠢᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠪᠢᠳᠡᠨ᠎ᠢ ᠬᠠᠪᠰᠤᠷᠤᠨ 《ᠭᠠᠷ ᠲᠠᠮᠵᠢᠪᠠᠴᠤ ᠠᠰᠢᠭ ᠭᠦᠷᠳᠡᠭᠦ ᠦᠭᠡᠢ》  ᠪᠠᠢ᠌ᠬᠤ ᠬᠦᠴᠢᠷ ᠠᠰᠠᠭᠤᠳᠠᠯ᠎ᠢ ᠨᠠᠩ ᠰᠠᠢ᠌ᠲᠤᠷ ᠰᠢᠢ᠍ᠳᠪᠦᠷᠢᠯᠡᠵᠦ᠂ ᠭᠠᠳᠠᠭ᠋ᠠᠳᠤ ᠠᠷᠠᠯᠵᠢᠶᠠᠨ᠎ᠤ ᠬᠡᠪᠴᠢᠶ᠎ᠡ ᠵᠢ ᠥᠷᠭᠡᠳᠬᠡᠨ᠂ ᠳᠡᠭᠡᠳᠦ ᠴᠢᠳᠠᠪᠬᠢᠲᠤ ᠲᠠᠰ᠎ᠤᠨ ᠨᠡᠭᠡᠭᠡᠯᠲᠡ ᠵᠢᠨ ᠲᠠᠪᠴᠠᠩ᠎ᠢ ᠪᠠᠢ᠌ᠭᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ᠎ᠪᠠᠷ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢ ᠬᠦᠰᠡᠵᠦ ᠪᠠᠢ᠌ᠨ᠎ᠠ᠃ ᠪᠢᠳᠡ ᠥᠩᠭᠡᠷᠡᠭᠰᠡᠨ᠎ᠲᠠᠢ᠎ᠪᠠᠨ ᠠᠳᠠᠯᠢ᠎ᠪᠠᠷ ᠪᠣᠭᠣᠮᠲᠠ ᠵᠢᠨ ᠠᠵᠢᠯ᠎ᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠪᠣᠭᠣᠮᠲᠠ᠎ᠳᠤ ᠪᠦᠭᠦ ᠬᠦᠴᠦᠨ ᠵᠶ᠋ᠡᠷ ᠵᠶ᠋ᠡᠨ ᠦᠢ᠍ᠯᠡᠴᠢᠯᠡᠭᠡ ᠪᠠᠲᠤᠯᠠᠭ᠎ᠠ ᠵᠢ ᠰᠠᠢ᠌ᠲᠤᠷ ᠬᠢᠨ᠎ᠡ ᠭᠡᠵᠡᠢ᠃


222.jpg


   ᠰᠦᠨ ᠮᠧᠶ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠣᠷᠳᠣ ᠬᠤᠭᠤᠴᠠᠭ᠋ᠠᠨ᠎ᠤ ᠲᠤᠷᠰᠢ ᠪᠣᠭᠣᠮᠲᠠ ᠵᠢᠨ ᠠᠵᠢᠯ᠎ᠳᠤ ᠬᠦᠴᠦᠲᠡᠢ ᠳᠡᠮᠵᠢᠯᠭᠡ ᠦᠵᠡᠭᠦᠯᠦᠭᠰᠡᠨ᠎ᠳᠤ ᠲᠠᠯᠠᠷᠬᠠᠪᠠ᠃ ᠲᠡᠷᠡ᠂ ᠥᠪᠥᠷ ᠮᠣᠩᠭᠣᠯ ᠶᠡᠷᠦᠩᠬᠡᠢ ᠱᠦᠵᠢ ᠰᠢ  ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠪᠠᠶᠠᠷᠯᠠᠭᠤᠰᠢᠲᠠᠢ ᠠᠮᠵᠢᠯᠲᠠ ᠣᠯᠵᠠᠢ᠃ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠂  ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠵᠠᠩᠭᠢᠯᠠᠭ᠎ᠠ ᠵᠢᠨ ᠴᠡᠭ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠴᠢᠬᠤᠯᠠ ᠠᠴᠢᠶᠠᠯᠠᠪᠤᠷᠢ ᠭᠠᠵᠠᠷ ᠵᠢᠴᠢ ᠡᠬᠡ ᠬᠠᠭᠤᠷᠠᠢ ᠲᠡᠯᠡᠶ ᠲᠠᠩᠭᠢᠰ᠎ᠤᠨ ᠰᠢᠨ᠎ᠡ ᠨᠡᠪᠲᠡᠷᠡᠬᠦ ᠵᠠᠮ᠎ᠤᠨ ᠴᠢᠬᠤᠯᠠ ᠡᠭᠦᠳᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠨᠢ ᠤᠯᠤᠰ᠎ᠤᠨ ᠪᠦᠭᠦ ᠲᠠᠯ᠎ᠠ ᠵᠢᠨ ᠭᠠᠳᠠᠭ᠋ᠠᠳᠤ ᠨᠡᠭᠡᠭᠡᠯᠲᠡ ᠪᠠ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠢ᠌ᠷᠢᠰᠢᠯ ᠳᠤᠮᠳᠠ ᠣᠷᠣᠯᠠᠭᠤᠯᠵᠤ ᠪᠣᠯᠣᠰᠢ ᠦᠭᠡᠢ ᠴᠢᠬᠤᠯᠠ ᠦᠢ᠍ᠯᠡᠳᠦᠯ ᠦᠵᠡᠭᠦᠯᠵᠦ ᠪᠠᠢ᠌ᠨ᠎ᠠ᠃ ᠪᠣᠭᠣᠮᠲᠠ ᠵᠢᠨ ᠶᠡᠷᠦᠩᠬᠡᠢ ᠵᠠᠬᠢᠷᠭ᠎ᠠ ᠶᠡᠷᠦᠩᠬᠡᠢ ᠱᠦᠵᠢ ᠰᠢ  ᠵᠢᠨ ᠫᠢᠩ᠎ᠤᠨ ᠥᠪᠥᠷ ᠮᠣᠩᠭᠣᠯ᠎ᠳᠤ ᠠᠵᠢᠯ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠪᠣᠯᠣᠨ ᠪᠣᠭᠣᠮᠲᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠤᠯᠤᠰ᠎ᠤᠨ ᠡᠭᠦᠳᠡ ᠵᠢ ᠰᠠᠬᠢᠵᠤ᠂ ᠬᠥᠭᠵᠢᠯᠲᠡ ᠵᠢ ᠠᠬᠢᠭᠤᠯᠬᠤ》  ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ᠎ᠳᠤ ᠨᠠᠩ ᠰᠠᠢ᠌ᠲᠤᠷ ᠦᠢ᠍ᠯᠡᠴᠢᠯᠡᠬᠦ ᠬᠠᠷᠠᠯᠲᠠ ᠵᠢᠨ ᠲᠣᠭᠣᠷᠢᠨ᠎ᠳᠤ ᠦᠷᠭᠦᠯᠵᠢᠯᠡᠨ ᠬᠦᠴᠦᠯᠡᠨ᠎ᠡ ᠭᠡᠪᠡ᠃

   ᠪᠣᠭᠣᠮᠲᠠ ᠵᠢᠨ ᠶᠡᠷᠦᠩᠬᠡᠢ ᠵᠠᠬᠢᠷᠭ᠎ᠠ ᠵᠢᠨ ᠨᠠᠮ᠎ᠤᠨ ᠬᠣᠷᠢᠶ᠎ᠠ ᠵᠢᠨ ᠭᠡᠰᠢᠭᠦᠨ᠂ ᠠᠯᠪᠠᠨ ᠲᠢᠩᠬᠢᠮ᠎ᠤᠨ ᠡᠷᠭᠢᠯᠡᠭᠴᠢ ᠵᠠᠩ ᠪᠦᠦ ᠹᠧᠩ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠶᠠᠩ  ᠵᠢᠨ ᠠᠭᠤᠯᠵᠠᠯᠲᠠ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠱᠠᠭ᠋ᠠᠷᠳᠠᠯᠭ᠎ᠠ ᠵᠢ ᠰᠤᠳᠤᠯᠤᠨ ᠨᠠᠢ᠌ᠳᠠᠪᠤᠷᠢᠵᠢᠭᠤᠯᠵᠤ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠣᠢ᠌ᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠨᠠᠭᠰᠢᠳᠠ ᠪᠠᠢ᠌ᠷᠢᠯᠠᠭᠤᠯᠵᠤ ᠮᠠᠨ᠎ᠤ ᠣᠷᠣᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠭᠦᠨᠵᠡᠭᠡᠢ᠌ᠷᠡᠭᠦᠯᠦᠨ ᠠᠬᠢᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠤᠰᠤᠨ ᠠᠰᠢᠭᠯᠠᠯᠲᠠ ᠵᠢᠨ ᠶᠠᠮᠤᠨ᠎ᠤ ᠪᠠᠶ᠋ᠢᠭᠤᠯᠭ᠎ᠠ 《ᠢᠷᠠᠭᠤ ᠠᠯᠳᠠᠷᠲᠠᠢ᠎ᠪᠠᠷ ᠨᠠᠮ᠎ᠳᠤ 50 ᠵᠢᠯ ᠪᠣᠯᠤᠭᠰᠠᠨ》 ᠳᠤᠷᠠᠰᠬᠠᠯ᠎ᠤᠨ ᠲᠡᠮᠳᠡᠭ ᠣᠯᠭᠤᠬᠤ ᠪᠠ 《7 · 1》᠎ᠤ ᠲᠣᠬᠤᠨᠢᠭᠤᠯᠬᠤ ᠠᠵᠢᠯ ᠥᠷᠨᠢᠭᠦᠯᠪᠡ
ᠥᠪᠥᠷ ᠮᠣᠩᠭᠤᠯ 1620 ᠡᠨᠧᠷᠭᠢ ᠵᠢᠨ ᠠᠰᠢᠭᠯᠠᠮᠵᠢ ᠵᠢ ᠬᠢᠨᠠᠨ ᠪᠠᠶ᠋ᠢᠴᠠᠭ᠋ᠠᠵᠤ ᠡᠨᠧᠷᠭᠢ ᠠᠷᠪᠢᠯᠠᠬᠤ ᠲᠥᠷᠥᠯ ᠵᠦᠢ᠍ᠯ᠎ᠳᠤ 《ᠡᠨᠧᠷᠭᠢ ᠠᠷᠪᠢᠯᠠᠬᠤ ᠲᠠᠲᠠᠭ᠋ᠠᠯ》᠎ᠢ ᠪᠠᠢ᠌ᠭᠤᠯᠵᠤ᠂ ᠡᠨᠧᠷᠭᠢ ᠠᠷᠪᠢᠯᠠᠬᠤ ᠬᠡᠮᠵᠢᠶ᠎ᠡ᠎ᠨᠢ 660 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠳᠤ ᠬᠥᠷᠪᠡ
ᠥᠪᠥᠷ ᠮᠣᠩᠭᠣᠯ᠎ᠤᠨ ᠬᠠᠮᠤᠭ᠎ᠤᠨ ᠲᠣᠮᠣ ᠤᠰᠤᠨ ᠠᠰᠢᠭᠯᠠᠯᠲᠠ ᠵᠢᠨ ᠢᠨᠵᠧᠨᠧᠷᠢᠩ ᠪᠦᠬᠦ ᠱᠤᠭᠤᠮ ᠵᠶ᠋ᠠᠷ ᠤᠰᠤ ᠲᠤᠷᠰᠢᠨ ᠨᠡᠪᠲᠡᠷᠡᠭᠦᠯᠪᠡ (ᠴᠢᠬᠤᠯᠠ ᠶᠡᠬᠡ ᠢᠨᠵᠧᠨᠧᠷᠢᠩ᠎ᠤᠨ ᠨᠢᠭᠡᠳᠦᠭᠡᠷ ᠹᠷᠣᠨᠲ)
 
            