6 ᠰᠠᠷ᠎ᠠ ᠵᠢᠨ 22᠎ᠤᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠱᠠᠭ᠋ᠠᠷᠳᠠᠯᠭ᠎ᠠ ᠵᠢ ᠰᠤᠳᠤᠯᠤᠨ ᠨᠠᠢ᠌ᠳᠠᠪᠤᠷᠢᠵᠢᠭᠤᠯᠵᠤ ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠣᠢ᠌ᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠨᠠᠭᠰᠢᠳᠠ ᠪᠠᠢ᠌ᠷᠢᠯᠠᠭᠤᠯᠵᠤ ᠂ ᠮᠠᠨ᠎ᠤ ᠣᠷᠣᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠭᠦᠨᠵᠡᠭᠡᠢ᠌ᠷᠡᠭᠦᠯᠦᠨ ᠠᠬᠢᠭᠤᠯᠪᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ ᠃
ᠬᠤᠷᠠᠯ᠎ᠠᠴᠠ ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠠᠬᠢᠭᠤᠯᠵᠤ ᠪᠠᠢ᠌ᠭ᠎ᠠ ᠵᠠᠩᠭᠢᠯᠠᠭ᠎ᠠ ᠵᠢᠨ ᠱᠠᠲᠤᠨ᠎ᠳᠤ ᠂ ᠨᠠᠮ᠎ᠤᠨ ᠲᠥᠪ ᠬᠣᠷᠢᠶ᠎ᠠ᠎ᠠᠴᠠ ᠵᠢᠭ᠋ᠠᠨ ᠵᠢᠯᠤᠭᠣᠳᠬᠤ ᠳᠤᠭᠤᠢ᠌ᠯᠠᠩ ᠲᠣᠮᠢᠯᠠᠨ ᠥᠪᠥᠷ ᠮᠣᠩᠭᠣᠯ᠎ᠳᠤ ᠢᠷᠡᠭᠦᠯᠵᠦ ᠠᠵᠢᠯ ᠥᠷᠨᠢᠭᠦᠯᠬᠦ᠎ᠨᠢ ᠪᠢᠳᠡᠨ᠎ᠢ ᠱᠠᠯᠠᠪᠳᠠᠭᠤᠯᠵᠤ ᠪᠠᠢ᠌ᠬᠤ ᠮᠥᠷᠲᠡᠭᠡᠨ ᠪᠠᠰᠠ ᠬᠠᠯᠠᠮᠵᠢᠯᠠᠵᠤ ᠪᠠᠢ᠌ᠭ᠎ᠠ ᠶᠠᠪᠤᠳᠠᠯ ᠪᠣᠯᠣᠨ᠎ᠠ ᠃ ᠡᠯ᠎ᠡ ᠱᠠᠲᠤᠨ᠎ᠤ᠎ᠬᠢᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠳᠡᠭᠡᠭᠰᠢᠯᠡᠭᠦᠯᠵᠦ ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠥᠪ᠎ᠤᠨ ᠵᠢᠭ᠋ᠠᠨ ᠵᠢᠯᠤᠭᠣᠳᠬᠤ ᠳᠤᠭᠤᠢ᠌ᠯᠠᠩ᠎ᠲᠠᠢ ᠦᠨᠡᠨ ᠬᠦ᠌ ᠨᠢᠭᠲᠠ ᠬᠠᠮᠵᠢᠯᠴᠠᠵᠤ ᠂ ᠨᠢᠭᠡ ᠰᠡᠳᠦᠪ᠎ᠲᠤ ᠬᠠᠮᠲᠤ᠎ᠪᠠᠷ ᠬᠠᠷᠢᠭᠤᠯᠲᠠ ᠥᠭᠬᠦ ᠂ ᠰᠤᠷᠤᠯᠴᠠᠬᠤ ᠪᠠᠢ᠌ᠴᠠᠭ᠋ᠠᠬᠤ ᠥᠭᠡᠷᠡᠴᠢᠯᠡᠨ ᠰᠠᠢ᠌ᠵᠢᠷᠠᠭᠤᠯᠬᠤ ᠡᠯ᠎ᠡ ᠵᠦᠢ᠍ᠯ᠎ᠤᠨ ᠠᠵᠢᠯ᠎ᠢ ᠤᠯᠠᠮ ᠰᠠᠢ᠌ᠲᠤᠷ ᠬᠢᠵᠦ ᠂ ᠰᠤᠷᠲᠠᠯ᠎ᠤᠨ ᠪᠠᠢ᠌ᠭᠤᠯᠤᠯᠲᠠ ᠵᠢᠨ ᠪᠣᠳᠠᠲᠤ ᠦᠷ᠎ᠡ ᠪᠦᠲᠦᠮᠵᠢ᠎ᠪᠠᠷ 《 ᠬᠣᠶᠠᠷ᠎ᠢ ᠲᠣᠭᠲᠠᠭ᠋ᠠᠭᠰᠠᠨ 》᠎ᠢ ᠬᠦᠷᠢᠶᠡᠯᠡᠵᠦ ᠂ 《 ᠬᠣᠶᠠᠷ᠎ᠢ ᠬᠠᠮᠠᠭ᠋ᠠᠯᠠᠬᠤ 》 ᠵᠢ ᠦᠢ᠍ᠯᠡᠳᠦᠯᠭᠡᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ ᠂ ᠤᠳᠤᠷᠢᠳᠬᠤ ᠪᠠᠭ᠎ᠤᠨ ᠪᠦᠷᠢᠯᠳᠦᠭᠦᠨ《 ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ 》 ᠵᠢ ᠴᠢᠩᠭ᠎ᠠ ᠭᠦᠢ᠍ᠴᠡᠳᠬᠡᠵᠦ ᠂ ᠳᠠᠷᠤᠯᠲᠠ ᠵᠢ ᠱᠠᠲᠤ ᠱᠠᠲᠤ᠎ᠪᠠᠷ ᠳᠠᠮᠵᠢᠭᠤᠯᠵᠤ ᠂ ᠡᠴᠦᠰ᠎ᠲᠤᠨᠢ ᠲᠤᠯᠲᠠᠯ᠎ᠠ ᠂ ᠥᠨᠴᠥᠭ ᠪᠤᠯᠤᠩ ᠦᠯᠡᠳᠡᠭᠡᠯ ᠦᠭᠡᠢ᠎ᠪᠠᠷ ᠂ ᠰᠤᠷᠤᠯᠴᠠᠯᠭ᠎ᠠ ᠬᠥᠮᠦᠵᠢᠯ᠎ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ ᠵᠢᠭ᠋ᠠᠨ ᠵᠢᠯᠤᠭᠣᠳᠴᠤ ᠬᠢᠨᠠᠨ ᠵᠢᠯᠤᠭᠣᠳᠬᠤ ᠬᠦᠴᠦᠨ᠎ᠢ ᠰᠠᠢ᠌ᠲᠤᠷ ᠠᠰᠢᠭᠯᠠᠵᠤ ᠳᠤᠲᠠᠭᠤᠳᠠᠯ ᠵᠶ᠋ᠠᠨ ᠨᠥᠬᠥᠪᠦᠷᠢᠯᠡᠨ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠶᠠᠰᠤ ᠴᠢᠨᠠᠷ ᠦᠷ᠎ᠡ ᠪᠦᠲᠦᠮᠵᠢ᠎ᠪᠠᠷ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠪᠣᠳᠠᠲᠠᠢ ᠰᠤᠷᠲᠠᠯ᠎ᠢ ᠶᠡᠬᠡ᠎ᠪᠠᠷ ᠪᠠᠳᠠᠷᠠᠭᠤᠯᠵᠤ ᠂ ᠤᠯᠠᠨ ᠠᠷᠭ᠎ᠠ ᠵᠠᠮ ᠤᠯᠠᠨ ᠭᠡᠯᠪᠡᠷᠢ᠎ᠪᠠᠷ ᠠᠰᠠᠭᠤᠳᠠᠯ᠎ᠢ ᠲᠤᠢ᠌ᠯᠪᠤᠷᠢᠲᠠᠢ ᠪᠠᠢ᠌ᠴᠠᠭ᠋ᠠᠵᠤ ᠂ ᠠᠰᠠᠭᠤᠳᠠᠯ᠎ᠢ ᠵᠠᠳᠠᠯᠵᠤ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ ᠂ ᠣᠳᠣᠬᠠᠨ᠎ᠳᠤ ᠴᠡᠭᠴᠡᠯᠡᠨ ᠰᠠᠢ᠌ᠵᠢᠷᠠᠭᠤᠯᠵᠤ ᠳᠡᠢ᠌ᠯᠭᠦ ᠵᠢ᠎ᠨᠢ ᠪᠠᠷᠢᠨ ᠴᠡᠭᠴᠡᠯᠡᠨ ᠰᠠᠢ᠌ᠵᠢᠷᠠᠭᠤᠯᠵᠤ ᠂ ᠠᠪᠤᠨ ᠳᠣᠣᠷ᠎ᠠ᠎ᠪᠠᠨ ᠦᠷ᠎ᠡ ᠪᠦᠲᠦᠮᠵᠢ ᠭᠠᠷᠭ᠋ᠠᠬᠤ᠎ᠪᠠᠷ ᠴᠢᠷᠮᠠᠢ᠌ᠵᠤ ᠂ ᠤᠷᠳᠤ ᠬᠤᠭᠤᠴᠠᠭ᠎ᠠ᠎ᠪᠠᠷ ᠪᠣᠭᠣᠮᠲᠠ ᠰᠢᠪᠲᠤᠯᠬᠤ ᠴᠢᠬᠤᠯᠠᠲᠠᠢ ᠵᠢ᠎ᠨᠢ ᠵᠦᠢ ᠵᠣᠬᠢᠰᠲᠠᠢ ᠲᠥᠯᠥᠪᠵᠢᠭᠦᠯᠦᠨ ᠂ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ ᠂ ᠠᠯᠬᠤᠮ ᠠᠯᠬᠤᠮ ᠵᠶ᠋ᠠᠷ ᠯᠠᠪᠳᠠᠭᠤᠨ ᠤᠷᠤᠭᠰᠢᠯᠠᠬᠤ ᠬᠡᠷᠡᠭᠲᠡᠢ ᠃ ᠦᠩᠭᠡᠨ ᠲᠠᠯ᠎ᠠ ᠪᠠ ᠦᠨᠳᠦᠰᠦᠨ᠎ᠠᠴᠠ᠎ᠨᠢ ᠵᠠᠰᠠᠬᠤ ᠵᠢ ᠪᠠᠷᠢᠮᠲᠠᠯᠠᠵᠤ ᠂ ᠬᠡᠷᠡᠭᠵᠢᠭᠦᠯᠵᠦ ᠪᠣᠯᠬᠤᠢ᠌ᠴᠠ ᠳᠦᠷᠢᠮ᠎ᠢ ᠲᠣᠭᠲᠠᠭ᠋ᠠᠬᠤ ᠵᠢᠨ ᠬᠠᠮᠲᠤ ᠬᠠᠲᠠᠭᠤ ᠬᠡᠷᠡᠭᠵᠢᠭᠦᠯᠦᠯᠲᠡ ᠵᠢ ᠴᠢᠩᠭ᠋ᠠᠳᠬᠠᠵᠤ ᠂ ᠠᠰᠠᠭᠤᠳᠠᠯ᠎ᠢ ᠰᠢᠢ᠍ᠳᠪᠦᠷᠢᠯᠡᠬᠦ ᠵᠢ ᠦᠨᠳᠦᠰᠦᠨ᠎ᠠᠴᠠ᠎ᠨᠢ ᠠᠬᠢᠭᠤᠯᠬᠤ᠎ᠪᠠᠷ ᠴᠢᠷᠮᠠᠢ᠌ᠬᠤ ᠬᠡᠷᠡᠭᠲᠡᠢ ᠃ ᠵᠢᠭ᠋ᠠᠨ ᠵᠢᠯᠤᠭᠣᠳᠬᠤ ᠳᠤᠭᠤᠢ᠌ᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠵᠤ ᠂ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠵᠢ ᠬᠦᠴᠦᠲᠡᠢ ᠠᠬᠢᠭᠤᠯᠬᠤ ᠬᠡᠷᠡᠭᠲᠡᠢ ᠃ ᠡᠯ᠎ᠡ ᠲᠦᠷᠦᠯ᠎ᠤᠨ ᠬᠢᠨᠠᠯᠲᠠ ᠲᠠᠯᠪᠢᠵᠤ ᠪᠠᠢ᠌ᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠪᠠ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠂ ᠠᠮᠤᠷ ᠲᠦᠪᠰᠢᠨ ᠲᠣᠭᠲᠠᠭᠤᠨ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ ᠸᠧᠢ ᠱᠤᠸᠠᠨ ᠱ᠌ᠢ ᠵᠡᠷᠭᠡ ᠬᠥᠮᠥᠰ᠎ᠤᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ᠎ᠨᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠬᠤᠭᠤᠴᠠᠭ᠋ᠠᠨ᠎ᠳᠤ ᠡᠭᠦᠰᠴᠡᠢ ᠂ ᠡᠨᠡ ᠪᠣᠯ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠬᠠᠢ᠌ᠬᠤᠷᠬᠤ ᠦᠭᠡᠢ ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠵᠢ ᠵᠥᠷᠢᠴᠡᠭᠰᠡᠨ ᠨᠡᠢ᠌ᠲᠡᠯᠢᠭ ᠬᠡᠷᠡᠭ ᠪᠣᠯᠣᠨ᠎ᠠ ᠂ ᠲᠤᠢ᠌ᠯ᠎ᠤᠨ ᠮᠠᠭᠤ ᠨᠥᠯᠥᠭᠡ᠎ᠲᠠᠢ ᠪᠥᠭᠡᠳ ᠲᠤᠢ᠌ᠯ᠎ᠤᠨ ᠬᠠᠷᠠᠰᠠᠯᠲᠠᠢ ᠰᠤᠷᠭ᠋ᠠᠮᠵᠢ ᠪᠣᠯᠣᠨ᠎ᠠ ᠃ ᠬᠤᠷᠠᠯ᠎ᠳᠤ ᠣᠷᠣᠯᠴᠠᠬᠰᠠᠨ ᠨᠥᠬᠥᠳ ᠶᠠᠷᠢᠯᠴᠠᠬᠤ᠎ᠪᠠᠷ ᠲᠠᠮᠵᠢᠨ ᠂ ᠪᠡᠶ᠎ᠡ᠎ᠪᠠᠷ ᠵᠶ᠋ᠡᠨ ᠬᠡᠪ ᠳᠠᠭᠤᠷᠢᠶᠠᠯ ᠪᠣᠯᠵᠤ ᠂ ᠳᠡᠭᠡᠷ᠎ᠡ ᠱᠠᠲᠤ᠎ᠨᠢ ᠳᠣᠣᠷ᠎ᠠ ᠱᠠᠲᠤ᠎ᠪᠠᠨ ᠳᠠᠭ᠋ᠠᠭᠤᠯᠤᠨ ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ᠎ᠢ ᠲᠦᠷᠦᠭᠦᠯᠡᠨ ᠡᠰᠡᠷᠭᠦᠴᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃ ᠡᠯ᠎ᠡ ᠱᠠᠲᠤᠨ᠎ᠤ᠎ᠬᠢᠨ ᠬᠡᠷᠡᠭ ᠵᠶ᠋ᠡᠷ ᠲᠣᠯᠢ ᠪᠤᠯᠭ᠋ᠠᠬᠤ ᠵᠢ ᠴᠢᠩᠭ᠋ᠠᠳᠬᠠᠵᠤ ᠂ ᠭᠦᠨᠵᠡᠭᠡᠢ ᠰᠤᠷᠭ᠋ᠠᠮᠵᠢ ᠠᠪᠴᠤ ᠂ ᠨᠠᠮ᠎ᠤᠨ ᠭᠡᠰᠢᠭᠦᠨ ᠂ ᠺᠠᠳ᠋ᠷ᠎ᠢ ᠬᠥᠲᠥᠯᠥᠨ ᠵᠢᠯᠤᠭᠣᠳᠴᠤ ᠭᠦᠨᠵᠡᠭᠡᠢ ᠪᠠᠢ᠌ᠴᠠᠭ᠋ᠠᠨ ᠡᠷᠭᠢᠴᠡᠭᠦᠯᠦᠨ ᠲᠤᠩᠭ᠋ᠠᠵᠤ ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠤᠨ ᠮᠥᠨ ᠴᠢᠨᠠᠷ ᠪᠠ ᠬᠣᠣᠷ ᠬᠥᠨᠥᠭᠡᠯ᠎ᠢ ᠲᠣᠳᠣᠷᠬᠠᠢ ᠲᠠᠨᠢᠭᠤᠯᠵᠤ ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠡᠪᠴᠢᠬᠦ ᠤᠯᠤᠰ ᠲᠥᠷᠥ ᠵᠢᠨ ᠤᠬᠠᠮᠰᠠᠷ ᠂ ᠦᠵᠡᠯ ᠰᠠᠨᠠᠭ᠋ᠠᠨ᠎ᠤ ᠤᠬᠠᠮᠰᠠᠷ ᠂ ᠠᠵᠢᠯᠯᠠᠭ᠋ᠠᠨ᠎ᠤ ᠤᠬᠠᠮᠰᠠᠷ ᠵᠢᠡᠨ ᠦᠨᠡᠨ ᠬᠦ᠌ ᠴᠢᠩᠭ᠋ᠠᠳᠬᠠᠬᠤ ᠬᠡᠷᠡᠭᠲᠡᠢ ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠦᠷᠭᠦᠯᠵᠢᠯᠡᠨ ᠬᠦᠴᠦᠲᠡᠢ ᠠᠬᠢᠭᠤᠯᠵᠤ ᠂ ᠬᠢᠨᠠᠯᠲᠠ ᠲᠠᠯᠪᠢᠵᠤ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠤᠨ ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠵᠢ ᠵᠥᠷᠢᠴᠡᠭᠰᠡᠳ᠎ᠢ ᠨᠢᠭᠡ ᠵᠢ ᠢᠯᠡᠷᠡᠭᠦᠯᠪᠡᠯ ᠨᠢᠭᠡ ᠵᠢ ᠪᠠᠢ᠌ᠴᠠᠭ᠋ᠠᠨ ᠰᠢᠢ᠍ᠳᠪᠦᠷᠢᠯᠡᠵᠦ ᠂ 《 ᠤᠬᠲᠤ ᠠᠭᠤᠴᠢᠯᠠᠬᠤ ᠦᠭᠡᠢ 》 ᠪᠠᠢ᠌ᠬᠤ ᠵᠢ ᠢᠯᠡᠷᠡᠭᠦᠯᠵᠦ ᠂ ᠴᠢᠩᠭ᠎ᠠ ᠰᠦᠷᠳᠡᠭᠦᠯᠦᠯ᠎ᠢ ᠪᠤᠶ ᠪᠤᠯᠭ᠋ᠠᠬᠤ ᠬᠡᠷᠡᠭᠲᠡᠢ᠃ ᠵᠠᠯᠬᠠᠭ᠋ᠠᠬᠤ ᠂ ᠵᠠᠰᠠᠬᠤ ᠂ ᠰᠡᠷᠭᠡᠢ᠌ᠯᠡᠬᠦ ᠵᠢ ᠨᠢᠭᠡ ᠴᠣᠭᠴᠠᠵᠢᠭᠤᠯᠤᠨ ᠬᠦᠴᠦᠯᠡᠬᠦ ᠵᠢ ᠪᠠᠷᠢᠮᠲᠠᠯᠠᠵᠤ ᠂ ᠳᠦᠷᠢᠮ᠎ᠤᠨ ᠳᠤᠲᠠᠭᠤᠳᠠᠯ ᠪᠣᠯᠣᠨ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ᠎ᠳᠤ ᠴᠢᠭᠯᠡᠭᠦᠯᠦᠨ ᠳᠦᠷᠢᠮ ᠲᠣᠭᠲᠠᠭ᠋ᠠᠯ ᠲᠣᠭᠲᠠᠭ᠋ᠠᠬᠤ ᠵᠢ ᠰᠠᠢ᠌ᠲᠤᠷ ᠠᠳᠬᠤᠵᠤ ᠂ 《 ᠬᠤᠷᠴᠠ ᠢᠷᠲᠦ 》 ᠬᠠᠲᠠᠭᠤ ᠪᠠᠷᠢᠮᠵᠢᠶ᠎ᠠ ᠵᠢ ᠲᠦᠷᠭᠡᠨ ᠲᠣᠭᠲᠠᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃