ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠢᠭᠡ ᠪᠦᠯᠦᠭ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠥᠨᠳᠥᠷ ᠪᠠᠷᠢᠮᠵᠢᠶ᠎ᠠ᠎ᠪᠠᠷ᠂ ᠴᠢᠨᠠᠷ ᠰᠠᠶ᠋ᠢᠲᠠᠶ ᠪᠠᠶ᠋ᠢᠭᠤᠯᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 3᠎ᠤ ᠡᠳᠦᠷ᠂ ᠥᠪᠥᠷ ᠮᠣᠩᠭᠤᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠥᠪᠥᠷ ᠮᠣᠩᠭᠤᠯ᠎ᠤᠨ ᠡᠨᠧᠷᠭᠢ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠎ᠲᠠᠢ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ ᠠᠵᠢᠯ᠎ᠤᠨ ᠲᠥᠰᠦᠯ》 (ᠳᠣᠷᠣᠭᠰᠢ 《ᠠᠵᠢᠯ᠎ᠤᠨ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠦᠲᠦᠭᠡᠨ ᠪᠠᠶ᠋ᠢᠭᠤᠯᠬᠤ ᠪᠣᠯ ᠥᠪᠥᠷ ᠮᠣᠩᠭᠤᠯ᠎ᠤᠨ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠢ᠍ᠯᠡᠰ᠎ᠤᠨ ᠰᠠᠭᠤᠷᠢ᠎ᠳᠤ ᠰᠠᠭᠤᠷᠢᠯᠠᠵᠤ᠂ ᠰᠢᠨ᠎ᠡ ᠡᠨᠧᠷᠭᠢ ᠵᠢ ᠲᠤᠬᠠᠢ ᠵᠢᠨ ᠭᠠᠵᠠᠷ᠎ᠲᠤᠨᠢ ᠰᠢᠩᠭᠡᠭᠡᠨ ᠠᠪᠬᠤ ᠵᠢ ᠠᠬᠢᠭᠤᠯᠬᠤ᠂ ᠳᠠᠭ᠋ᠠᠭ᠋ᠠᠴᠠ ᠵᠢ ᠲᠠᠲᠠᠵᠤ ᠪᠡᠯᠡ ᠣᠷᠣᠭᠤᠯᠬᠤ ᠵᠢ ᠲᠥᠪᠯᠡᠷᠡᠭᠦᠯᠬᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠬᠠᠲᠠᠭᠤ ᠬᠢᠵᠠᠭ᠋ᠠᠷᠯᠠᠯ᠎ᠢ ᠰᠢᠢ᠍ᠳᠪᠦᠷᠢᠯᠡᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠳᠬᠡᠬᠦ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠤᠨ᠎ᠠ᠃ 《ᠠᠵᠢᠯ᠎ᠤᠨ ᠲᠥᠰᠦᠯ》᠎ᠳᠤ ᠱᠠᠭ᠋ᠠᠷᠳᠠᠭᠰᠠᠨ᠎ᠨᠢ᠄ 2022 ᠣᠨ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠎ᠤ ᠲᠡᠭ ᠨᠡᠭᠦᠷᠡᠰᠦᠲᠥ᠋ᠷᠥᠭᠴᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠰᠠᠭᠤᠷᠢᠨ ᠳᠡᠭᠡᠷ᠎ᠡ᠂ ᠤᠯᠤᠰ᠎ᠤᠨ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠥᠲᠥᠭᠡᠨ ᠪᠠᠶ᠋ᠢᠭᠤᠯᠬᠤ᠎ᠪᠠᠷ ᠭᠤᠤᠯ ᠡᠭᠦᠷᠭᠡ ᠪᠣᠯᠭ᠋ᠠᠵᠤ᠂ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠥᠲᠥᠭᠡᠨ ᠪᠠᠶ᠋ᠢᠭᠤᠯᠬᠤ 2.0 ᠬᠡᠪ᠎ᠢ ᠪᠥᠬᠦ ᠲᠠᠯ᠎ᠠ᠎ᠪᠠᠷ ᠲᠠᠰ ᠳᠡᠪᠰᠢᠭᠦᠯᠵᠦ᠂ ᠲᠤᠷᠰᠢᠯᠲᠠ ᠵᠢᠨ ᠴᠡᠭ ᠵᠶ᠋ᠠᠷ ᠠᠬᠢᠭᠤᠯᠬᠤ᠂ ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠬᠤ ᠵᠢ ᠪᠠᠷᠢᠮᠲᠠᠯᠠᠨ᠂ ᠣᠷᠣᠨ ᠨᠤᠲᠤᠭ᠎ᠤᠨ ᠵᠣᠷᠢᠭᠲᠠᠶ᠎ᠪᠠᠷ ᠬᠠᠶ᠋ᠢᠨ ᠰᠦᠪᠡᠭᠴᠢᠯᠡᠬᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠵᠢ ᠳᠡᠮᠵᠢᠵᠦ᠂ ᠲᠥᠷᠥ ᠵᠢᠨ ᠪᠣᠳᠣᠯᠭ᠎ᠠ᠂ ᠮᠡᠷᠭᠡᠵᠢᠯ᠂ ᠬᠤᠳᠠᠯᠳᠤᠭ᠋ᠠᠨ᠎ᠤ ᠵᠠᠭᠪᠤᠷ ᠵᠡᠷᠭᠡ ᠵᠢᠨ ᠰᠢᠨ᠎ᠡ ᠵᠢ ᠡᠭᠦᠳᠬᠦ ᠵᠢ ᠲᠦᠷᠭᠡᠳᠬᠡᠵᠦ᠂ ᠬᠦᠷᠢᠶᠡᠯᠡᠩ ᠲᠣᠭᠤᠷᠢᠭ᠎ᠤᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ 《ᠣᠶ᠋ᠢᠷ᠎ᠠ — ᠴᠡᠪᠡᠷ》 ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠂ 《ᠬᠠᠮᠲᠤ᠎ᠪᠠᠷ ᠵᠥᠪᠯᠡᠬᠦ᠂ ᠬᠠᠮᠲᠤ᠎ᠪᠠᠷ ᠪᠠᠶ᠋ᠢᠭᠤᠯᠬᠤ᠂ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠰᠢᠭ ᠭᠥᠷᠳᠡᠬᠦ》 ᠠᠵᠢᠯ᠎ᠤᠨ ᠪᠠᠶ᠋ᠢᠷᠢᠰᠢᠯ᠎ᠢ ᠪᠣᠶ ᠪᠣᠯᠭ᠋ᠠᠬᠤ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
《ᠠᠵᠢᠯ᠎ᠤᠨ ᠲᠥᠰᠦᠯ》᠎ᠳᠤ ᠱᠠᠲᠤᠴᠢ ᠴᠢᠨᠠᠷᠲᠠᠶ 3 ᠬᠠᠷᠠᠯᠲᠠ ᠵᠢ ᠳᠤᠷᠠᠳᠪᠠ᠄ 2025 ᠣᠨ᠎ᠳᠤ᠂ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠥᠲᠥᠭᠡᠨ ᠪᠠᠶ᠋ᠢᠭᠤᠯᠬᠤ᠎ᠪᠠᠷ ᠭᠤᠶᠤᠴᠢᠯᠠᠨ ᠮᠡᠳᠡᠭᠦᠯᠬᠦ ᠰᠢᠯᠢᠨ ᠰᠣᠩᠭᠤᠯᠲᠠ ᠵᠢ ᠤᠷᠢᠳᠠᠪᠠᠷ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠢᠭᠡ ᠪᠦᠯᠦᠭ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠤᠶ᠋ᠢᠵᠢᠭᠤᠯᠤᠨ ᠪᠥᠲᠥᠭᠡᠨ ᠪᠠᠶ᠋ᠢᠭᠤᠯᠬᠤ ᠨᠡᠷᠡᠰ᠎ᠢ ᠲᠣᠭᠲᠠᠭ᠋ᠠᠵᠤ᠂ ᠨᠢᠭᠡ ᠪᠦᠯᠦᠭ ᠤᠯᠤᠰ᠎ᠤᠨ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠡᠭᠦᠳᠦᠨ ᠪᠠᠶ᠋ᠢᠭᠤᠯᠬᠤ᠎ᠪᠠᠷ ᠴᠢᠷᠮᠠᠶ᠋ᠢᠨ᠎ᠠ; 2027 ᠣᠨ ᠪᠣᠯᠬᠤ᠎ᠳᠤ᠂ ᠨᠢᠭᠡ ᠪᠦᠯᠦᠭ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠠᠶ᠋ᠢᠭᠤᠯᠵᠤ᠂ ᠲᠤᠷᠰᠢᠯᠲᠠ ᠵᠢᠨ ᠴᠡᠭ᠎ᠤᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ; 2030 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠤᠯᠤᠰ᠎ᠤᠨ ᠲᠠᠰ᠎ᠤᠨ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ ᠪᠣᠯᠭ᠋ᠠᠨ ᠲᠠᠰ ᠳᠡᠪᠰᠢᠭᠦᠯᠵᠦ᠂ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢᠨ ᠲᠣᠭᠲᠠᠴᠠ᠂ ᠮᠡᠷᠭᠡᠵᠢᠯ᠎ᠤᠨ ᠠᠷᠭ᠎ᠠ ᠵᠠᠮ᠂ ᠪᠠᠷᠢᠮᠵᠢᠶ᠎ᠠ ᠵᠢᠨ ᠵᠢᠷᠤᠮᠵᠢᠯ ᠪᠠ ᠠᠵᠢᠯᠯᠠᠭ᠋ᠠᠨ᠎ᠤ ᠵᠠᠭᠪᠤᠷ᠎ᠢ ᠨᠠᠩ ᠲᠡᠭᠦᠯᠳᠡᠷᠵᠢᠭᠦᠯᠵᠦ᠂ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠋ᠠᠲᠠᠶ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ᠂ ᠰᠢᠨ᠎ᠡ ᠬᠥᠳᠡᠯᠭᠡᠭᠦᠷ ᠪᠠ ᠰᠢᠨ᠎ᠡ ᠨᠡᠮᠡᠭᠳᠡᠯ᠎ᠤᠨ ᠴᠡᠭ ᠪᠣᠯᠭ᠋ᠠᠨ᠎ᠠ᠃
《ᠠᠵᠢᠯ᠎ᠤᠨ ᠲᠥᠰᠦᠯ》᠎ᠳᠤ 3 ᠲᠠᠯ᠎ᠠ᠂ 10 ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠲᠣᠳᠣᠷᠬᠠᠶ᠋ᠢᠯᠠᠪᠠ᠄ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠰᠠᠭᠤᠷᠢ ᠵᠢ ᠪᠠᠬᠢᠵᠢᠭᠦᠯᠬᠦ ᠲᠠᠯ᠎ᠠ᠎ᠪᠠᠷ᠂ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠭᠤᠶᠤᠴᠢᠯᠠᠨ ᠮᠡᠳᠡᠭᠦᠯᠵᠦ ᠰᠢᠯᠢᠨ ᠰᠣᠩᠭᠤᠬᠤ᠂ ᠪᠤᠶ᠋ᠢᠵᠢᠭᠤᠯᠬᠤ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠨᠠᠶ᠋ᠢᠷᠠᠭᠤᠯᠤᠨ ᠵᠣᠬᠢᠶᠠᠬᠤ᠂ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠢ ᠪᠤᠶ᠋ᠢᠵᠢᠭᠤᠯᠤᠨ ᠪᠥᠲᠥᠭᠡᠨ ᠪᠠᠶ᠋ᠢᠭᠤᠯᠬᠤ ᠨᠡᠷᠡᠰ᠎ᠢ ᠲᠣᠭᠲᠠᠭ᠋ᠠᠬᠤ 3 ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠤᠷᠢᠳᠠᠪᠠᠷ ᠡᠬᠢᠯᠡᠭᠦᠯᠦᠨ᠎ᠡ ᠭᠡᠵᠦ ᠲᠣᠳᠣᠷᠬᠠᠶ ᠳᠤᠷᠠᠳᠪᠠ; ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠥᠷᠨᠢᠭᠦᠯᠬᠦ ᠲᠠᠯ᠎ᠠ᠎ᠪᠠᠷ᠂ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠤᠨ ᠴᠠᠬᠢᠯᠭ᠋ᠠᠨ ᠬᠦᠴᠦᠨ᠎ᠤ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ᠂ ᠪᠣᠬᠢᠷᠲᠤᠯ ᠥᠬᠡᠶ ᠴᠠᠬᠢᠯᠭ᠋ᠠᠨ᠎ᠤ ᠬᠠᠩᠭ᠋ᠠᠯᠭ᠎ᠠ ᠵᠢ ᠪᠠᠭᠲᠠᠭ᠋ᠠᠨ ᠠᠪᠬᠤ᠂ ᠣᠯᠠᠨ ᠬᠦᠷᠢᠶ᠎ᠡ ᠴᠠᠷᠠᠭ᠎ᠠ᠎ᠳᠤ ᠬᠠᠮᠵᠢᠯᠴᠠᠨ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ᠂ ᠴᠢᠬᠤᠯᠠ ᠶᠡᠭᠡ ᠢᠨᠵᠧᠨᠧᠷᠢᠩ᠎ᠢ ᠲᠥᠯᠥᠪᠵᠢᠭᠦᠯᠬᠦ 4 ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠲᠦᠷᠭᠡᠳᠬᠡᠨ᠎ᠡ ᠭᠡᠵᠦ ᠳᠤᠷᠠᠳᠪᠠ; ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠲᠤᠯᠭ᠋ᠠᠭᠤᠷᠢᠯᠠᠯ᠎ᠢ ᠴᠢᠩᠭ᠋ᠠᠳᠬᠠᠬᠤ ᠲᠠᠯ᠎ᠠ᠎ᠪᠠᠷ᠂ ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠴᠠ᠂ ᠴᠠᠬᠢᠯᠭ᠋ᠠᠨ ᠲᠦᠭᠡᠭᠡᠬᠦ ᠲᠣᠤᠷ᠎ᠤᠨ ᠠᠰᠢᠭ ᠲᠤᠰᠠ ᠵᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠬᠤ᠂ ᠬᠥᠳᠡᠯᠦᠩᠭᠦᠶ ᠲᠠᠰ ᠳᠡᠪᠰᠢᠭᠦᠯᠬᠦ ᠲᠣᠭᠲᠠᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ 3 ᠵᠦᠢ᠍ᠯ᠎ᠤᠨ ᠭᠤᠤᠯᠳᠠᠯᠭ᠎ᠠ᠎ᠲᠠᠢ ᠠᠵᠢᠯ᠎ᠢ ᠳᠤᠷᠠᠳᠪᠠ᠃
ᠥᠨᠳᠥᠷ ᠪᠠᠶ᠋ᠢᠷᠢᠨ᠎ᠳᠤ ᠠᠬᠢᠭᠤᠯᠬᠤ᠂ ᠵᠣᠬᠢᠴᠠᠭᠤᠯᠤᠨ ᠬᠠᠮᠲᠤᠷᠠᠯᠴᠠᠬᠤ ᠵᠢᠨ ᠲᠤᠰᠠᠳᠠ᠂ ᠥᠪᠥᠷ ᠮᠣᠩᠭᠤᠯ ᠲᠡᠭ ᠨᠡᠭᠦᠷᠡᠰᠦᠲᠥ᠋ᠷᠥᠭᠴᠢ ᠵᠢᠨ ᠬᠦᠷᠢᠶᠡᠯᠡᠩ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠴᠠ ᠵᠢ ᠪᠠᠶ᠋ᠢᠭᠤᠯᠵᠤ᠂ ᠥᠪᠥᠷ ᠮᠣᠩᠭᠤᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠨᠧᠷᠭᠢ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ ᠵᠡᠷᠭᠡ ᠣᠯᠠᠨ ᠰᠠᠯᠠᠭ᠎ᠠ ᠮᠥᠴᠢᠷ᠎ᠠᠴᠠ ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠴᠠ ᠵᠢᠨ ᠪᠦᠷᠢᠯᠳᠦᠬᠦᠨ ᠨᠢᠭᠡᠴᠢ ᠵᠢ ᠲᠣᠮᠢᠯᠠᠵᠤ᠂ ᠴᠢᠬᠤᠯᠠ ᠶᠡᠭᠡ ᠵᠦᠢ᠍ᠯᠡᠰ᠎ᠢ ᠰᠢᠮᠳᠠᠭᠤᠯᠤᠨ ᠨᠠᠶ᠋ᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ᠂ ᠰᠦᠪᠡᠭᠴᠢᠯᠡᠨ ᠦᠢ᠍ᠯᠡᠳᠦᠯᠭᠡᠵᠢᠭᠦᠯᠬᠦ ᠵᠡᠷᠭᠡ ᠲᠠᠯ᠎ᠠ᠎ᠪᠠᠷ ᠲᠣᠪᠤᠶ᠋ᠢᠮ᠎ᠠ ᠦᠷ᠎ᠡ ᠪᠦᠲᠦᠮᠵᠢ ᠤᠯᠬᠤ ᠵᠢ ᠠᠬᠢᠭᠤᠯᠬᠤ᠎ᠪᠠᠷ ᠵᠣᠷᠢᠯᠭ᠎ᠠ᠎ᠪᠠᠨ ᠪᠣᠯᠭ᠋ᠠᠪᠠ᠃