
ᠵᠢᠷᠤᠭ ᠪᠣᠯ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠡᠾᠸ ᠭᠣᠣᠯ᠎ᠳᠤ ᠨᠡᠮᠡᠷᠢᠯᠡᠬᠦ ᠢᠨᠵᠧᠨᠧᠷᠢᠩ᠎ᠤᠨ ᠡᠬᠢ — ᠥᠨᠳᠡᠭᠡᠨ ᠤᠰᠤᠨ ᠠᠰᠢᠭᠯᠠᠯᠲᠠ ᠵᠢᠨ ᠬᠦᠢ᠍ᠰᠦ
ᠯᠢᠶᠠᠩ ᠵᠢᠶᠠᠨ ᠰᠡᠭᠦᠲᠡᠷᠯᠡᠪᠡ (ᠠᠷᠠᠳ᠎ᠤᠨ ᠬᠠᠷᠠᠭ᠋ᠠᠨ᠎ᠤ ᠰᠡᠷᠡᠯ)
6 ᠳ᠋ᠤᠭ᠋ᠠᠷ ᠰᠠᠷ᠎ᠠ ᠵᠢᠨ 30᠎ᠤ ᠡᠳᠦᠷ᠂ ᠥᠪᠥᠷ ᠮᠣᠩᠭᠤᠯ᠎ᠤᠨ ᠬᠢᠩᠭ᠋ᠠᠨ ᠠᠶ᠋ᠢᠮᠠᠭ᠎ᠤᠨ ᠴᠤᠤᠯ ᠭᠣᠣᠯ᠎ᠤᠨ ᠤᠰᠤ ᠳᠠᠪᠠᠯᠭ᠋ᠠᠯᠠᠨ ᠳᠠᠪᠠᠯᠭ᠋ᠠᠯᠠᠵᠤ᠂ 390 ᠭᠠᠷᠤᠶ ᠺᠢᠯᠤᠮᠸᠲᠷ ᠠᠶᠠᠯᠠᠭᠰᠠᠨᠤ ᠳᠠᠷᠠᠭ᠎ᠠ᠂ ᠲᠦᠩᠯᠢᠶᠣᠤ ᠬᠤᠲᠠ ᠵᠢᠨ ᠮᠣᠷᠢᠨᠰᠦ᠋ᠮᠡ ᠤᠰᠤᠨ ᠴᠥᠭᠦᠷᠥᠮ᠎ᠳᠤ ᠬᠦᠷᠴᠦ᠂ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠤᠰᠤ ᠨᠡᠮᠡᠷᠢᠯᠡᠬᠦ᠎ᠨᠢ ᠠᠮᠵᠢᠯᠲᠠ ᠤᠯᠪᠠ᠃ ᠲᠤᠰ ᠢᠨᠵᠧᠨᠧᠷᠢᠩ ᠪᠤᠯ ᠤᠯᠤᠰ᠎ᠤᠨ 172 ᠵᠦᠢ᠍ᠯ᠎ᠤᠨ ᠤᠰᠤ ᠠᠷᠪᠢᠯᠠᠬᠤ ᠤᠰᠤ ᠬᠠᠩᠭ᠋ᠠᠬᠤ ᠴᠢᠬᠤᠯᠠ ᠶᠡᠭᠡ ᠤᠰᠤᠨ ᠠᠰᠢᠬᠯᠠᠯᠳᠠ ᠵᠢᠨ ᠢᠨᠵᠧᠨᠧᠷᠢᠩ᠎ᠤᠨ ᠨᠢᠭᠡ᠂ ᠤᠯᠤᠰ᠎ᠤᠨ ᠤᠰᠤᠨ ᠠᠰᠢᠬᠯᠠᠯᠳᠠ ᠵᠢᠨ ᠲᠤᠤᠷ᠎ᠤᠨ ᠭᠤᠤᠯᠯᠠᠭᠴᠢ ᠢᠨᠵᠧᠨᠧᠷᠢᠩ ᠪᠠᠶ᠋ᠢᠵᠤ᠂ ᠶᠡᠷᠦᠩᠬᠡᠢ ᠪᠡᠯᠡ ᠤᠷᠤᠭᠤᠯᠤᠯᠳᠠ᠎ᠨᠢ 311.55 ᠳ᠋ᠦᠩᠰᠢᠭᠤᠷ ᠲᠥᠭᠦᠷᠢᠭ᠎ᠲᠤ ᠬᠦᠷᠴᠦ᠂ ᠦᠪᠦᠷ ᠮᠤᠩᠭᠤᠯ᠎ᠤᠨ ᠤᠳᠤ ᠪᠤᠯᠳᠠᠯ᠎ᠠ ᠪᠡᠯᠡ ᠤᠷᠤᠭᠤᠯᠤᠯᠳᠠ ᠵᠢᠨ ᠭᠡᠪᠴᠢᠶᠡᠵᠢᠯ ᠵᠶ᠋ᠠᠷ ᠬᠠᠮᠤᠭ᠎ᠤᠨ ᠶᠡᠭᠡ ᠤᠰᠤᠨ ᠠᠰᠢᠬᠯᠠᠯᠳᠠ ᠵᠢᠨ ᠢᠨᠵᠧᠨᠧᠷᠢᠩ ᠪᠤᠯᠤᠨ᠎ᠠ᠃ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠵᠢᠯ ᠪᠦᠷᠢ ᠨᠤᠨ ᠮᠥᠷᠡᠨ᠎ᠤ ᠰᠠᠯᠪᠤᠷᠢ ᠤᠷᠤᠰᠬᠠᠯ᠎ᠤᠨ ᠴᠤᠤᠯ ᠭᠤᠣᠯ᠎ᠠᠴᠠ 4.54 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠲᠠᠲᠠᠵᠤ᠂ ᠥᠪᠥᠷ ᠮᠣᠩᠭᠤᠯ᠎ᠤᠨ ᠬᠢᠩᠭ᠋ᠠᠨ ᠠᠶ᠋ᠢᠮᠠᠭ᠂ ᠲᠦᠩᠯᠢᠶᠣᠤ ᠬᠤᠳᠠ ᠵᠢᠨ ᠵᠠᠮ ᠳᠠᠭ᠋ᠠᠤ ᠵᠢᠨ 300 ᠭᠠᠷᠤᠢ ᠲᠦᠮᠡᠨ ᠬᠥᠮᠦᠨ᠎ᠳᠤ ᠠᠰᠢᠭ ᠬᠦᠷᠲᠡᠭᠡᠵᠦ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠤᠰᠤ ᠬᠦᠨᠳᠦ ᠨᠣᠴᠢᠲᠠᠢ ᠳᠤᠲᠠᠭᠳᠠᠵᠤ ᠪᠠᠶ᠋ᠢᠭ᠎ᠠ ᠪᠠᠶ᠋ᠢᠳᠠᠯ᠎ᠢ ᠪᠦᠲᠦᠮᠵᠢᠲᠡᠢ ᠨᠠᠮᠳᠠᠭᠤᠯᠪᠠ᠃
ᠪᠠᠷᠠᠭᠤᠨ ᠯᠢᠶᠣᠤ ᠾᠧ ᠭᠣᠤᠯ᠎ᠤᠨ ᠤᠷᠤᠰ᠎ᠤᠨ ᠥᠩᠭᠡᠷᠡᠬᠦ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ ᠭᠠᠵᠠᠷ ᠪᠣᠯᠤᠨ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠬᠤᠷᠴᠠ ᠰᠢᠷᠦᠭᠦᠨ ᠪᠠᠶ᠋ᠢᠨ᠎ᠠ᠃ ᠰᠠᠪᠠ ᠭᠠᠵᠠᠷ᠎ᠤᠨ ᠳᠣᠲᠣᠷᠠᠬᠢ ᠲᠦᠩᠯᠢᠶᠣᠤ ᠬᠤᠲᠠ᠎ᠪᠠᠷ ᠵᠢᠱ᠌ᠢᠶᠡᠯᠡᠪᠡᠯ᠂ ᠥᠪᠥᠷ ᠮᠣᠩᠭᠤᠯ᠎ᠤᠨ 《ᠠᠮᠤ ᠪᠤᠳᠠᠭ᠋ᠠᠨ᠎ᠤ ᠬᠥᠮᠥᠷᠭᠡ》 ᠪᠣᠯᠤᠭᠰᠠᠨ᠎ᠤ ᠬᠤᠪᠢ᠎ᠳᠤ᠂ ᠪᠥᠬᠦ ᠬᠤᠲᠠ ᠵᠢᠨ ᠵᠢᠯ᠎ᠤᠨ ᠬᠥᠮᠦᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠡᠵᠡᠯᠡᠬᠦ ᠬᠡᠮᠵᠢᠶ᠎ᠡ᠎ᠨᠢ ᠵᠥᠪᠬᠡᠨ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠤ 56% ᠵᠢ ᠡᠵᠡᠯᠡᠵᠦ ᠪᠣᠶ᠃ ᠤᠰᠤ ᠬᠡᠷᠡᠭᠯᠡᠬᠦ ᠬᠡᠷᠡᠭᠴᠡᠭᠡ ᠵᠢᠨ ᠦᠷᠭᠦᠯᠵᠢᠯᠡᠨ ᠬᠤᠪᠢᠷᠠᠰᠢ ᠦᠭᠡᠢ ᠨᠡᠮᠡᠭᠳᠡᠬᠦ ᠵᠢ ᠳᠠᠭ᠋ᠠᠯᠳᠤᠨ᠂ ᠪᠠᠷᠠᠭᠤᠨ ᠯᠢᠶᠣᠤ ᠾᠧ ᠭᠤᠣᠯ᠎ᠨᠢ ᠨᠢᠭᠡ ᠦᠶ᠎ᠡ ᠤᠷᠤᠰᠬᠠᠯ ᠲᠠᠰᠤᠷᠠᠵᠦ᠂ ᠡᠷᠭᠢ ᠳᠠᠭ᠋ᠠᠤ ᠤᠷᠳᠤ ᠬᠤᠭᠤᠴᠠᠭ᠎ᠠ᠎ᠪᠠᠷ ᠭᠠᠵᠠᠷ ᠳᠣᠣᠷᠠᠬᠢ ᠤᠰᠤᠨ᠎ᠳᠤ ᠬᠡᠲᠦᠷᠬᠡᠢ ᠲᠦᠰᠢᠭᠯᠡᠵᠦ᠂ ᠶᠡᠭᠡ ᠬᠡᠪᠴᠢᠶᠡᠨ᠎ᠤ ᠭᠠᠵᠠᠷ ᠳᠣᠣᠷᠠᠬᠢ ᠤᠰᠤ ᠭᠤᠭᠤᠵᠢᠬᠤ ᠣᠷᠣᠨ᠎ᠢ ᠪᠤᠢ ᠪᠣᠯᠭ᠋ᠠᠪᠠ᠃
ᠴᠤᠤᠯ ᠭᠣᠤᠯ᠎ᠤᠨ ᠣᠯᠠᠨ ᠵᠢᠯ᠎ᠤᠨ ᠳᠤᠮᠳᠠᠴᠢ ᠤᠷᠤᠰᠬᠠᠯ᠎ᠤᠨ ᠬᠡᠮᠵᠢᠶ᠎ᠡ᠎ᠨᠢ 20 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠢ ᠳᠠᠪᠠᠵᠤ᠂ ᠲᠤᠰ ᠭᠣᠤᠯ ᠮᠥᠷᠡᠨ ᠵᠶ᠋ᠠᠷ ᠥᠩᠭᠡᠷᠡᠵᠦ ᠪᠠᠶ᠋ᠢᠭ᠎ᠠ ᠬᠢᠩᠭ᠋ᠠᠨ ᠠᠶ᠋ᠢᠮᠠᠭ᠎ᠤᠨ ᠰᠠᠪᠠ ᠭᠠᠵᠠᠷ᠎ᠤᠨ ᠲᠠᠯᠠᠪᠠᠶ᠎ᠨᠢ 50 ᠲᠡᠭᠰᠢ ᠳᠥᠷᠪᠡᠯᠵᠢᠨ ᠺᠢᠯᠣᠮᠧᠲᠷ᠎ᠠᠴᠠ ᠳᠡᠭᠡᠭᠰᠢᠬᠢ ᠭᠣᠤᠯ ᠮᠥᠷᠡᠨ 315 ᠵᠤᠷᠪᠤᠰ ᠪᠠᠶ᠋ᠢᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ 《ᠤᠰᠤᠨ ᠰᠤᠪᠤᠷᠭ᠎ᠠ》 ᠬᠡᠮᠡᠭᠳᠡᠵᠡᠶ᠃
ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠡᠬᠢᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠲᠤᠬᠠᠢ ᠵᠢᠨ ᠭᠠᠵᠠᠷ᠎ᠲᠤᠨᠢ ᠬᠠᠶ᠋ᠢᠨ ᠪᠠᠶ᠋ᠢᠴᠠᠭ᠋ᠠᠯᠲᠠ ᠬᠢᠵᠦ᠂ ᠲᠥᠯᠥᠪᠵᠢᠭᠦᠯᠭᠡ ᠵᠢᠨ ᠨᠤᠲᠠᠯᠠᠯᠲᠠ ᠵᠢ ᠣᠯᠠᠨᠲᠠ ᠥᠷᠨᠢᠭᠦᠯᠪᠡ᠃ 2012 ᠤᠨ᠎ᠤ ᠴᠤᠤᠯ ᠭᠤᠤᠯ᠎ᠤᠨ ᠤᠰᠤ ᠵᠢ ᠯᠢᠶᠤᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠲᠦᠯᠦᠪᠵᠢᠭᠦᠯᠭᠡ᠎ᠨᠢ ᠤᠰᠤᠨ ᠠᠰᠢᠭᠯᠠᠯᠳᠠ ᠵᠢᠨ ᠶᠠᠮᠤᠨ᠎ᠤ ᠴᠤᠬᠤᠯᠠᠪᠤᠷᠢ ᠵᠢ ᠤᠯᠵᠤ᠂ 2018 ᠤᠨ᠎ᠤ 9 ᠳ᠋ᠦ᠍ᠭᠡᠷ ᠰᠠᠷ᠎ᠠ᠎ᠳᠤ ᠭᠤᠤᠯ ᠴᠤᠭᠴᠠ ᠵᠢᠨ ᠢᠨᠵᠧᠨᠧᠷᠢᠩ ᠡᠬᠢᠯᠡᠭᠰᠡᠨ ᠪᠠᠢ᠌ᠨ᠎ᠠ ᠁ 3 ᠲᠦᠮᠡ ᠰᠢᠬᠠᠮ ᠪᠦᠲᠦᠭᠡᠨ ᠪᠠᠢ᠌ᠭᠤᠯᠤᠭᠴᠢ ᠴᠥᠬᠥᠷᠡᠯ ᠦᠭᠡᠢ ᠲᠡᠮᠡᠴᠡᠵᠦ 《ᠤᠰᠤᠨ ᠰᠤᠪᠤᠷᠭ᠎ᠠ》 ᠵᠢᠨ ᠤᠮᠳᠠ ᠲᠠᠢ᠌ᠯᠬᠤ 《ᠠᠮᠤ ᠪᠤᠳᠠᠭ᠋ᠠᠨ᠎ᠤ ᠬᠥᠮᠥᠷᠭᠡ》 ᠵᠢᠨ ᠲᠥᠰᠥᠪᠯᠡᠯ᠎ᠢ ᠪᠣᠳᠠᠲᠤ ᠠᠬᠤᠢ ᠪᠣᠯᠭ᠋ᠠᠪᠠ᠃
《ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ᠎ᠤᠨ ᠳᠤᠮᠳᠠᠬᠢ ᠤᠰᠤ ᠳᠠᠮᠵᠢᠭᠤᠯᠬᠤ ᠢᠨᠵᠧᠨᠧᠷᠢᠩ᠎ᠤᠨ ᠭᠤᠣᠯ ᠱᠤᠭᠤᠮ᠎ᠢ ᠤᠮᠠᠷ᠎ᠠ᠎ᠠᠴᠠ ᠡᠮᠦᠨᠡᠰᠢ᠎ᠪᠠᠨ ᠲᠦᠩᠯᠢᠶᠣᠤ ᠬᠤᠲᠠ ᠵᠢᠨ ᠬᠤᠷᠴᠢᠨ ᠲᠣᠭᠤᠷᠢᠭ ᠬᠦᠷᠲᠡᠯ᠎ᠡ ᠤᠷᠲᠤᠳᠬᠠᠵᠤ᠂ ᠪᠦᠬᠦ ᠣᠷᠳᠣᠨ᠎ᠢ 391 ᠺᠢᠯᠤᠮᠸᠲᠷ ᠪᠠᠶ᠋ᠢᠵᠤ᠂ ᠴᠤᠤᠯ ᠭᠤᠣᠯ᠎ᠤᠨ ᠤᠰᠤᠨ ᠠᠰᠢᠭᠯᠠᠯᠲᠠ ᠵᠢᠨ ᠬᠦᠢ᠍ᠰᠦ ᠪᠣᠯᠤᠨ᠎ᠠ᠃ ᠰᠠᠯᠪᠤᠷᠢ ᠱᠤᠭᠤᠮ᠎ᠤᠨ ᠢᠨᠵᠧᠨᠧᠷᠢᠩ᠎ᠤᠨ ᠪᠥᠬᠦ ᠣᠷᠳᠣᠨ᠎ᠢ 395 ᠺᠢᠯᠤᠮᠸᠲᠷ᠂ ᠨᠡᠶ᠋ᠢᠲᠡ 9 ᠵᠤᠷᠪᠤᠰ᠂ ᠲᠤᠰ ᠲᠤᠰ ᠬᠢᠩᠭ᠋ᠠᠨ ᠠᠶ᠋ᠢᠮᠠᠭ᠂ ᠲᠦᠩᠯᠢᠶᠣᠤ ᠬᠤᠲᠠ ᠬᠤᠶᠠᠷ ᠭᠠᠵᠠᠷ᠎ᠤᠨ 8 ᠬᠤᠰᠢᠭᠤ ᠰᠢᠶᠠᠨ ᠬᠤᠲᠠ ᠲᠣᠭᠤᠷᠢᠭ᠂ 10 ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠲᠠᠢ ᠬᠤᠯᠪᠣᠪᠠ》᠃ ᠥᠪᠥᠷ ᠮᠣᠩᠭᠤᠯ᠎ᠤᠨ ᠱᠦᠢ ᠹᠠ ᠪᠦᠯᠦᠭᠯᠡᠯ᠎ᠤᠨ ᠴᠤᠤᠯ ᠭᠤᠣᠯ᠎ᠤᠨ ᠤᠰᠤ ᠵᠢ ᠯᠢᠶᠣᠤ ᠾᠧ ᠭᠤᠣᠯ᠎ᠳᠤ ᠨᠡᠮᠡᠷᠢᠯᠡᠬᠦ ᠺᠣᠮᠫᠠᠨᠢ ᠵᠢᠨ ᠶᠡᠷᠦᠩᠬᠡᠢ ᠠᠵᠢᠯ᠎ᠤᠨ ᠠᠯᠪᠠᠨ ᠭᠡᠷ᠎ᠤᠨ ᠳᠡᠳ᠋ ᠳᠠᠭ᠋ᠠᠭ᠋ᠠᠮᠠᠯ ᠵᠠᠩ ᠱ᠌ᠢ ᠯᠸᠢ ᠲᠠᠨᠢᠯᠴᠠᠭᠤᠯᠪᠠ᠃
ᠲᠤᠩᠭ᠋ᠠᠯᠠᠭ ᠤᠰᠤ᠎ᠨᠢ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠳᠤ ᠬᠦᠴᠦ ᠨᠡᠮᠡᠷᠢᠯᠡᠨ᠎ᠡ᠃ ᠬᠦᠷᠡᠩ ᠨᠡᠭᠦᠷᠡᠰᠦ᠎ᠠᠴᠠ ᠡᠲ᠋ᠠ ᠬᠤᠶᠠᠷᠴᠢ ᠠᠯᠺᠣᠣᠯ᠂ ᠡᠪᠡᠰᠦᠨ ᠬᠦᠴᠢᠯ ᠬᠦᠷᠲᠡᠯ᠎ᠡ᠂ ᠲᠦᠩᠯᠢᠶᠣᠤ ᠵᠢᠨ ᠵᠢᠨ ᠮᠸᠢ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢᠯᠡᠯ᠎ᠤᠨ ᠱᠤᠭᠤᠮ ᠳᠡᠭᠡᠷ᠎ᠡ᠂ ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠤᠰᠤ ᠵᠢ ᠡᠷᠭᠢᠯᠳᠦᠭᠦᠯᠦᠨ ᠬᠥᠷᠥᠭᠡᠬᠦ ᠵᠡᠷᠭᠡ ᠭᠤᠭᠴᠤᠭ᠎ᠠ᠎ᠪᠠᠷ ᠳᠠᠮᠵᠢᠭᠤᠯᠤᠨ ᠦᠢ᠍ᠯᠡᠳᠪᠦᠷᠢᠯᠡᠯ᠎ᠤᠨ ᠲᠠᠰᠤᠭ᠎ᠲᠤ ᠣᠷᠣᠭᠤᠯᠪᠠ᠃ ᠺᠣᠮᠫᠠᠨᠢ ᠵᠢᠨ ᠦᠢ᠍ᠯᠡᠳᠪᠦᠷᠢᠯᠡᠯ᠎ᠤᠨ ᠬᠡᠯᠲᠡᠰ᠎ᠤᠨ ᠮᠡᠷᠭᠡᠵᠢᠯᠲᠡᠨ ᠦ᠋ ᠺᠧ ᠺᠧ ᠲᠠᠨᠢᠯᠴᠠᠭᠤᠯᠬᠤ᠎ᠳᠠᠭᠠᠨ᠂ ᠦᠢ᠍ᠯᠡᠳᠪᠦᠷᠢᠯᠡᠯ᠎ᠤᠨ ᠠᠵᠢᠯᠯᠠᠭ᠋ᠠᠨ ᠪᠠ ᠦᠢ᠍ᠯᠡᠳᠪᠦᠷᠢᠯᠡᠯ᠎ᠤᠨ ᠴᠢᠳᠠᠪᠤᠷᠢ ᠵᠢ ᠥᠷᠭᠡᠳᠬᠡᠬᠦ᠎ᠳᠤ ᠴᠥᠮ ᠠᠮᠤᠷ ᠲᠦᠪᠰᠢᠨ ᠤᠰᠤᠨ᠎ᠤ ᠡᠬᠢ ᠰᠤᠷᠪᠤᠯᠵᠢ ᠵᠢ ᠲᠣᠭᠲᠠᠭᠤᠨ ᠪᠠᠶ᠋ᠢᠯᠭ᠋ᠠᠬᠤ ᠴᠢᠬᠤᠯᠠᠲᠠᠢ ᠭᠡᠵᠡᠢ᠃ ᠠᠵᠤ ᠠᠬᠤᠶ᠋ᠢᠯᠠᠯ᠎ᠤᠳ ᠴᠥᠭᠡᠨ ᠪᠤᠰᠤ ᠤᠰᠤ ᠠᠷᠪᠢᠯᠠᠬᠤ ᠮᠡᠷᠭᠡᠵᠢᠯ ᠪᠠ ᠤᠷ᠎ᠠ ᠮᠡᠷᠭᠡᠰᠢᠯ᠎ᠢ ᠬᠡᠷᠡᠭᠯᠡᠵᠦ᠂ ᠨᠠᠷᠢᠨ ᠨᠢᠮᠪᠠᠶ ᠲᠥᠯᠥᠪᠯᠡᠨ ᠰᠠᠶ᠋ᠢᠲᠤᠷ ᠬᠡᠷᠡᠭᠯᠡᠵᠦ᠂ ᠨᠠᠷᠢᠯᠢᠭ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ ᠥᠬᠡᠶ ᠤᠷᠲᠤᠳᠬᠠᠪᠠ᠃
ᠥᠪᠥᠷ ᠮᠣᠩᠭᠤᠯ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠢᠯᠴᠢ ᠵᠢᠨ ᠴᠠᠬᠢᠯᠭ᠋ᠠᠨ᠂ ᠨᠡᠭᠦᠷᠡᠰᠦ ᠰᠣᠩᠭᠤᠬᠤ ᠵᠡᠷᠭᠡ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ᠎ᠳᠤ ᠤᠰᠤ ᠬᠡᠷᠡᠭᠯᠡᠬᠦ ᠠᠯᠪᠠᠳᠠᠯᠭ᠎ᠠ ᠵᠢᠨ ᠴᠢᠨᠠᠷᠲᠠᠶ ᠨᠣᠷᠮ᠎ᠠ ᠲᠣᠭᠲᠠᠭ᠋ᠠᠨ ᠬᠠᠮᠢᠶᠠᠷᠬᠤ ᠵᠢ ᠬᠡᠷᠡᠭᠵᠢᠭᠦᠯᠵᠦ᠂ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠲᠥᠷᠥᠯ ᠵᠦᠢ᠍ᠯ᠎ᠳᠤ᠂ ᠤᠰᠤ ᠠᠪᠬᠤ ᠵᠥᠪᠰᠢᠶᠡᠷᠡᠯ᠎ᠤᠨ ᠭᠤᠶᠤᠴᠢᠯᠠᠯ᠎ᠢ ᠵᠥᠪᠰᠢᠶᠡᠷᠡᠵᠦ ᠪᠣᠯᠬᠤ ᠥᠬᠡᠶ᠃
ᠨᠢᠭᠡ ᠵᠤᠷᠪᠤᠰ ᠤᠰᠤ ᠲᠠᠲᠠᠬᠤ ᠱᠤᠭᠤᠮ᠎ᠨᠢ ᠵᠠᠮ ᠳᠠᠭ᠋ᠠᠤ ᠵᠢᠨ ᠭᠠᠵᠠᠷ ᠣᠷᠣᠨ᠎ᠤ ᠤᠰᠤ ᠬᠠᠩᠭ᠋ᠠᠬᠤ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠮᠢ ᠠᠬᠤᠶ ᠵᠢᠨ ᠠᠮᠤᠷ ᠲᠦᠪᠰᠢᠨ᠎ᠤ 《ᠰᠠᠭᠤᠷᠢ》 ᠵᠢ ᠪᠠᠬᠢᠵᠢᠭᠦᠯᠪᠡ᠃
ᠬᠢᠩᠭ᠋ᠠᠨ ᠠᠶ᠋ᠢᠮᠠᠭ᠎ᠤᠨ ᠵᠠᠯᠠᠶ᠋ᠢᠳ ᠬᠤᠰᠢᠭᠤᠨ᠎ᠤ ᠴᠤᠤᠯ ᠤᠰᠤᠯᠠᠯᠲᠠ ᠵᠢᠨ ᠣᠷᠣᠨ᠎ᠳᠤ᠂ ᠲᠠᠷᠢᠶᠠᠨ ᠴᠢᠬᠢ ᠬᠥᠬᠡᠷᠡᠵᠦ᠂ ᠤᠰᠤᠨ ᠲᠤᠲᠤᠷᠭ᠎ᠠ ᠣᠳᠣ ᠶᠠᠭ ᠪᠤᠲᠠᠯᠠᠵᠤ ᠪᠠᠶ᠋ᠢᠨ᠎ᠠ᠃ 《ᠪᠢᠳᠡ ᠭᠠᠩ ᠬᠠᠭᠤᠷᠠᠶ ᠤᠰᠤᠯᠠᠯᠲᠠ ᠵᠢᠨ ᠤᠰᠤᠨ ᠬᠣᠭᠣᠯᠠᠶ ᠵᠢᠨ ᠮᠡᠷᠭᠡᠵᠢᠯ᠎ᠢ ᠬᠡᠷᠡᠭᠯᠡᠪᠡᠯ᠂ ᠮᠦ᠍ ᠪᠦᠷᠢ᠎ᠳᠤ ᠭᠤᠷᠪᠠᠨ ᠬᠤᠪᠢ ᠤᠰᠤ ᠠᠷᠪᠢᠯᠠᠵᠤ ᠴᠢᠳᠠᠨ᠎ᠠ》 ᠭᠡᠪᠡ᠃ ᠴᠤᠤᠯ᠎ᠤᠨ ᠶᠢᠨ ᠵᠦ᠍ ᠠᠮᠤ ᠪᠤᠳᠠᠭ᠋ᠠᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠫᠦ᠋ ᠴᠸᠩ ᠺᠦᠢ ᠬᠡᠯᠡᠪᠡ᠃ ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠵᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠴᠤᠤᠯ ᠭᠤᠤᠯ᠎ᠤᠨ ᠳᠣᠣᠷᠠᠳᠤ ᠤᠷᠤᠰᠬᠠᠯ᠎ᠤᠨ ᠪᠠᠷᠤᠭ 41 ᠲᠦᠮᠡᠨ ᠮᠥ᠍ ᠲᠠᠷᠢᠶᠠᠨ ᠭᠠᠵᠠᠷ᠎ᠤᠨ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠪᠠᠲᠤᠯᠠᠭ᠎ᠠ᠎ᠲᠠᠢ ᠪᠣᠯᠪᠠ᠃
ᠴᠣᠣᠯ ᠭᠣᠣᠯ᠎ᠤᠨ ᠤᠰᠤ ᠵᠢ ᠲᠠᠲᠠᠵᠤ ᠯᠢᠶᠣᠣ ᠾᠧ ᠭᠣᠣᠯ᠎ᠳᠤ ᠨᠡᠮᠡᠷᠢᠯᠡᠬᠦ᠎ᠨᠢ ᠪᠠᠷᠠᠭᠤᠨ ᠯᠢᠶᠣᠣ ᠾᠧ ᠭᠣᠣᠯ᠎ᠤᠨ ᠰᠠᠪᠠ ᠭᠠᠵᠠᠷ᠎ᠤᠨ ᠭᠠᠵᠠᠷ ᠳᠣᠣᠷᠠᠬᠢ ᠤᠰᠤᠨ᠎ᠤ ᠲᠦᠪᠰᠢᠨ ᠪᠠᠭᠤᠷᠠᠬᠤ ᠬᠠᠨᠳᠤᠰᠢ ᠵᠢ ᠪᠦᠲᠦᠮᠵᠢᠲᠡᠢ ᠬᠣᠷᠢᠭᠯᠠᠬᠤ ᠪᠣᠯᠤᠨ᠎ᠠ᠃ ᠡᠭᠦᠨ᠎ᠠᠴᠠ ᠭᠠᠳᠠᠨ᠎ᠠ᠂ ᠢᠨᠵᠧᠨᠧᠷᠢᠩ᠎ᠨᠢ ᠪᠠᠰᠠ ᠲᠤᠬᠠᠶ ᠵᠢᠨ ᠭᠠᠵᠠᠷ᠎ᠤᠨ ᠤᠰᠤᠨ᠎ᠤ ᠠᠮᠢ ᠠᠬᠤᠶ ᠵᠢ ᠰᠡᠷᠭᠦᠭᠡᠬᠦ᠂ ᠬᠤᠷᠴᠢᠨ᠎ᠤ ᠡᠯᠡᠰᠦᠷᠬᠡᠭ ᠭᠠᠵᠠᠷ᠎ᠢ ᠵᠠᠰᠠᠬᠤ᠎ᠳᠤ ᠤᠰᠤᠨ᠎ᠤ ᠡᠬᠢ ᠪᠠᠶᠠᠯᠢᠭ᠎ᠤᠨ ᠲᠤᠯᠭ᠋ᠠᠭᠤᠷᠢᠯᠠᠯ ᠬᠠᠩᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠬᠦᠴᠦᠨ ᠨᠡᠮᠡᠷᠢᠯᠡᠬᠦ ᠪᠣᠯᠤᠨ᠎ᠠ᠃