ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ 1620 ᠡᠨᠧᠷᠭᠢ ᠵᠢᠨ ᠠᠰᠢᠭᠯᠠᠮᠵᠢ ᠵᠢ ᠬᠢᠨᠠᠨ ᠪᠠᠶ᠋ᠢᠴᠠᠭ᠋ᠠᠵᠤ ᠡᠨᠧᠷᠭᠢ ᠠᠷᠪᠢᠯᠠᠬᠤ ᠲᠥᠷᠥᠯ ᠵᠦᠢ᠍ᠯ᠎ᠳᠤ 《ᠡᠨᠧᠷᠭᠢ ᠠᠷᠪᠢᠯᠠᠬᠤ ᠲᠠᠲᠠᠭ᠋ᠠᠯ》᠎ᠢ ᠪᠠᠢ᠌ᠭᠤᠯᠵᠤ᠂ ᠡᠨᠧᠷᠭᠢ ᠠᠷᠪᠢᠯᠠᠬᠤ ᠬᠡᠮᠵᠢᠶ᠎ᠡ᠎ᠨᠢ 660 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠳᠤ ᠬᠥᠷᠪᠡ
ᠨᠡᠶ᠋ᠢᠲᠡᠯᠡᠭᠰᠡᠨ ᠴᠠᠭ᠄ 2025-06-30

   ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠡᠨᠧᠷᠭᠢ ᠵᠢᠨ ᠬᠤᠷᠣᠭᠳᠠᠯ᠎ᠤᠨ ᠬᠤᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠲᠡᠶ᠋ᠢᠰᠢ ᠬᠤᠪᠢᠷᠠᠭᠤᠯᠬᠤ ᠵᠡᠷᠭᠡ ᠬᠠᠮᠢᠶ᠎ᠠ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 2024 ᠣᠨ᠎ᠠᠴᠠ ᠨᠠᠭ᠋ᠠᠰᠢ᠂ ᠥᠪᠥᠷ ᠮᠣᠩᠭᠤᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠪᠥᠬᠦ ᠣᠷᠣᠨ᠎ᠤ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ᠂ ᠬᠡᠤᠷᠰᠢᠭᠦᠯᠬᠦ᠂ ᠬᠢᠮᠢ ᠵᠢᠨ ᠠᠵᠤ ᠦᠢ᠍ᠯᠡᠳᠪᠦᠷᠢ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠨᠡᠭᠦᠷᠡᠰᠦ ᠴᠠᠬᠢᠯᠭ᠋ᠠᠨ᠎ᠤ ᠠᠵᠢᠯ ᠲᠥᠷᠥᠯ᠎ᠤᠨ 412 ᠭᠤᠣᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠢ᠎ᠳᠤ ᠡᠨᠧᠷᠭᠢ ᠵᠢᠨ ᠠᠰᠢᠭᠯᠠᠮᠵᠢ ᠵᠢᠨ ᠬᠢᠨᠠᠨ ᠪᠠᠶ᠋ᠢᠴᠠᠭ᠋ᠠᠯᠲᠠ ᠵᠢ ᠥᠷᠨᠢᠭᠦᠯᠵᠦ᠂ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ 1620 ᠲᠥᠷᠥᠯ ᠵᠦᠢ᠍ᠯ᠎ᠢ ᠠᠭᠤᠳᠠᠯᠤᠨ᠂ ᠡᠨᠧᠷᠭᠢ ᠠᠷᠪᠢᠯᠠᠬᠤ ᠬᠡᠮᠵᠢᠶ᠎ᠡ᠎ᠨᠢ 660 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠳᠤ ᠬᠦᠷᠪᠡ᠃ ᠡᠨᠧᠷᠭᠢ ᠵᠢᠨ ᠦᠷ᠎ᠡ ᠠᠰᠢᠭ᠎ᠢ ᠭᠦᠢ᠍ᠴᠡᠳ ᠬᠤᠪᠢᠷᠠᠭᠤᠯᠬᠤ ᠵᠢᠨ ᠲᠥᠯᠥᠭᠡ᠂ ᠣᠶ᠋ᠢᠷ᠎ᠠ᠎ᠳᠤ᠂ ᠥᠪᠥᠷ ᠮᠣᠩᠭᠤᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ 《ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 《ᠡᠨᠧᠷᠭᠢ ᠠᠷᠪᠢᠯᠠᠬᠤ ᠲᠠᠲᠠᠭ᠋ᠠᠯ》᠎ᠤᠨ ᠲᠠᠯ᠎ᠠ᠎ᠪᠠᠷ ᠰᠢᠨ᠎ᠡ ᠵᠢ ᠡᠭᠦᠳᠦᠨ ᠪᠠᠶ᠋ᠢᠭᠤᠯᠵᠤ᠂ ᠡᠨᠧᠷᠭᠢ ᠠᠷᠪᠢᠯᠠᠬᠤ ᠬᠡᠮᠵᠢᠶ᠎ᠡ ᠵᠢ ᠰᠢᠨ᠎ᠡ ᠲᠥᠷᠥᠯ ᠵᠦᠢ᠍ᠯ᠎ᠤᠨ ᠡᠨᠧᠷᠭᠢ ᠬᠡᠷᠡᠭᠯᠡᠬᠦ ᠪᠠᠲᠤᠯᠠᠭ᠎ᠠ᠂ ᠡᠨᠧᠷᠭᠢ ᠵᠢᠨ ᠬᠤᠷᠣᠭᠳᠠᠭᠤᠯᠭ᠎ᠠ ᠵᠢ ᠣᠷᠣᠯᠠᠭᠤᠯᠬᠤ ᠪᠠ ᠪᠠᠯᠠ ᠮᠥᠩᠭᠦ ᠤᠯᠬᠤ ᠢᠳᠡ ᠬᠦᠴᠦ ᠪᠣᠯᠭ᠋ᠠᠨ ᠬᠤᠪᠢᠷᠠᠭᠤᠯᠵᠤ᠂ ᠪᠣᠬᠢᠷᠲᠤᠯ ᠥᠬᠡᠶ ᠬᠥᠭᠵᠢᠯᠲᠡ ᠪᠠ ᠬᠤᠤᠰ ᠨᠡᠭᠦᠷᠡᠰᠦᠲᠥ᠋ᠷᠥᠭᠴᠢ ᠵᠢᠨ ᠬᠠᠷᠠᠯᠲᠠ ᠵᠢ ᠬᠦᠴᠦᠲᠡᠶ ᠠᠬᠢᠭᠤᠯᠪᠠ᠃

  《ᠲᠥᠰᠦᠯ》᠎ᠳᠤ᠂ ᠥᠪᠥᠷ ᠮᠣᠩᠭᠤᠯ᠎ᠤᠨ ᠡᠨᠧᠷᠭᠢ ᠵᠢᠨ ᠠᠰᠢᠭᠯᠠᠮᠵᠢ ᠵᠢ ᠬᠢᠨᠠᠨ ᠪᠠᠶ᠋ᠢᠴᠠᠭ᠋ᠠᠭᠰᠠᠨ ᠦᠷ᠎ᠡ ᠪᠦᠲᠦᠭᠡᠯ᠎ᠢ ᠤᠯᠠᠷᠢᠭᠤᠯᠤᠨ ᠳᠡᠭᠡᠭᠰᠢᠯᠡᠭᠦᠯᠬᠦ ᠠᠵᠢᠯ᠎ᠢ ᠨᠡᠶ᠋ᠢᠲᠡ ᠳᠥᠷᠪᠡᠨ ᠱᠠᠲᠤ ᠬᠤᠪᠢᠶᠠᠨ ᠶᠠᠪᠤᠭᠳᠠᠭᠤᠯᠤᠨ᠎ᠠ ᠭᠡᠵᠦ ᠲᠣᠳᠣᠷᠬᠠᠶ ᠲᠣᠭᠲᠠᠭ᠋ᠠᠵᠠᠶ᠃ ᠨᠢᠭᠡᠳᠦᠭᠡᠷ ᠱᠠᠲᠤ ᠦᠶ᠎ᠡ ᠪᠣᠯ ᠡᠯ᠎ᠡ ᠠᠶ᠋ᠢᠮᠠᠭ ᠬᠣᠲᠠ ᠵᠢᠨ ᠡᠨᠧᠷᠭᠢ ᠠᠷᠪᠢᠯᠠᠬᠤ ᠳᠠᠯᠳᠠ ᠬᠦᠴᠦᠨ᠎ᠤ ᠨᠡᠮᠡᠭᠳᠡᠯ᠎ᠤᠨ ᠬᠡᠯᠪᠡᠷᠢ ᠵᠢᠨ 《ᠡᠨᠧᠷᠭᠢ ᠠᠷᠪᠢᠯᠠᠬᠤ ᠲᠠᠲᠠᠭ᠋ᠠᠯ》᠎ᠢ ᠪᠤᠶ ᠪᠣᠯᠭ᠋ᠠᠨ᠎ᠠ᠃ ᠬᠤᠶᠠᠳᠤᠭ᠋ᠠᠷ ᠱᠠᠲᠤ ᠦᠶ᠎ᠡ᠎ᠨᠢ 《ᠡᠨᠧᠷᠭᠢ ᠠᠷᠪᠢᠯᠠᠬᠤ ᠲᠠᠲᠠᠭ᠋ᠠᠯ》 ᠵᠶ᠋ᠠᠷ ᠡᠯ᠎ᠡ ᠠᠶ᠋ᠢᠮᠠᠭ ᠬᠤᠲᠠ ᠵᠢᠨ ᠰᠢᠨ᠎ᠡ᠎ᠪᠠᠷ ᠭᠠᠷᠭ᠋ᠠᠭᠰᠠᠨ ᠲᠥᠷᠥᠯ ᠵᠦᠢ᠍ᠯ᠎ᠤᠨ ᠡᠨᠧᠷᠭᠢ ᠵᠢᠨ ᠬᠤᠷᠣᠭᠳᠠᠯ᠎ᠤᠨ 《ᠣᠷᠣᠯᠠᠬᠤ ᠢᠷᠡᠯᠲᠡ》 ᠵᠢ ᠪᠣᠶ ᠪᠣᠯᠭ᠋ᠠᠨ᠎ᠠ᠃ ᠭᠤᠷᠪᠠᠳᠤᠭ᠋ᠠᠷ ᠱᠠᠲᠤ ᠦᠶ᠎ᠡ᠎ᠨᠢ 《ᠡᠨᠧᠷᠭᠢ ᠠᠷᠪᠢᠯᠠᠬᠤ ᠲᠠᠲᠠᠭ᠋ᠠᠯ》 ᠵᠶ᠋ᠠᠷ ᠡᠯ᠎ᠡ ᠠᠶ᠋ᠢᠮᠠᠭ ᠬᠤᠲᠠ ᠵᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠰᠬᠠᠬᠤ ᠬᠦᠷᠢᠶᠡᠨ᠎ᠳᠠᠬᠢ 《ᠲᠥᠷᠥᠯ ᠵᠦᠢ᠍ᠯ᠎ᠤᠨ ᠬᠥᠮᠥᠷᠭᠡ》 ᠵᠢ ᠲᠡᠭᠦᠯᠳᠡᠷᠵᠢᠭᠦᠯᠦᠨ᠎ᠡ᠃ ᠳᠥᠷᠪᠡᠳᠦᠭᠡᠷ ᠱᠠᠲᠤ ᠦᠶ᠎ᠡ᠎ᠨᠢ 《ᠡᠨᠧᠷᠭᠢ ᠠᠷᠪᠢᠯᠠᠬᠤ ᠴᠥᠭᠥᠷᠥᠮ》 ᠵᠶ᠋ᠠᠷ ᠡᠯ᠎ᠡ ᠠᠶ᠋ᠢᠮᠠᠭ ᠬᠣᠲᠠ ᠵᠢᠨ ᠤᠯᠤᠰ᠎ᠤᠨ ᠳᠡᠮᠵᠢᠯᠭᠡ ᠵᠢ ᠣᠯᠬᠤ ᠲᠥᠷᠥᠯ ᠵᠦᠢ᠍ᠯ᠎ᠤᠨ 《ᠨᠥᠭᠡᠴᠡᠯᠡᠬᠦ ᠬᠥᠮᠥᠷᠭᠡ》 ᠪᠣᠯᠭ᠋ᠠᠨ᠎ᠠ᠃

   ᠥᠪᠥᠷ ᠮᠣᠩᠭᠤᠯ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ 《ᠲᠥᠰᠦᠯ》᠎ᠢ ᠨᠠᠶ᠋ᠢᠳᠠᠪᠤᠷᠢᠵᠢᠭᠤᠯᠬᠤ ᠵᠢ ᠳᠠᠭ᠋ᠠᠯᠳᠤᠨ᠂ ᠪᠥᠬᠦ ᠣᠷᠣᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠵᠢᠯ᠎ᠳᠤ ᠮᠠᠰᠢ ᠰᠠᠶ᠋ᠢᠨ ᠬᠦᠴᠦᠨ ᠨᠡᠮᠡᠷᠢᠯᠡᠵᠦ ᠪᠣᠯᠤᠨ᠎ᠠ᠃ ᠨᠢᠭᠡ᠎ᠳᠤ᠂ ᠡᠨᠧᠷᠭᠢ ᠠᠷᠪᠢᠯᠠᠬᠤ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠦᠴᠦ ᠨᠡᠮᠡᠷᠢᠯᠡᠨ᠎ᠡ᠃ 《ᠡᠨᠧᠷᠭᠢ ᠠᠷᠪᠢᠯᠠᠬᠤ ᠲᠠᠲᠠᠭ᠋ᠠᠯ》᠎ᠤᠨ ᠬᠠᠮᠢᠶᠠᠷᠤᠯᠲᠠ ᠵᠢ ᠨᠠᠷᠢᠯᠢᠬ᠍ᠵᠢᠭᠤᠯᠬᠤ᠎ᠪᠠᠷ ᠳᠠᠮᠵᠢᠭᠤᠯᠤᠨ᠂ ᠡᠨᠧᠷᠭᠢ ᠠᠷᠪᠢᠯᠠᠬᠤ ᠳᠠᠯᠳᠠ ᠬᠦᠴᠦᠨ᠎ᠢ ᠬᠥᠳᠡᠯᠦᠩᠭᠦᠶ᠎ᠪᠠᠷ ᠡᠮᠬᠢᠯᠡᠨ ᠨᠡᠶ᠋ᠢᠯᠡᠭᠦᠯᠬᠦ ᠪᠠ ᠠᠰᠢᠭᠯᠠᠬᠤ ᠵᠢ ᠪᠡᠶᠡᠯᠡᠭᠦᠯᠵᠦ᠂ ᠪᠥᠬᠦ ᠣᠷᠣᠨ᠎ᠤ ᠡᠨᠧᠷᠭᠢ ᠠᠷᠪᠢᠯᠠᠬᠤ ᠠᠵᠢᠯ᠎ᠤᠨ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠤᠶᠠᠷ᠎ᠲᠤ᠂ ᠲᠦᠷᠦᠯ ᠵᠦᠢ᠍ᠯ᠎ᠤᠨ ᠡᠨᠧᠷᠭᠢ ᠬᠡᠷᠡᠭᠯᠡᠬᠦ ᠬᠡᠷᠡᠭᠴᠡᠭᠡ ᠵᠢ ᠪᠠᠲᠤᠯᠠᠬᠤ᠎ᠳᠤ ᠬᠦᠴᠦᠨ ᠨᠡᠮᠡᠷᠢᠯᠡᠨ᠎ᠡ᠃ 《ᠡᠨᠧᠷᠭᠢ ᠠᠷᠪᠢᠯᠠᠬᠤ ᠲᠠᠲᠠᠭ᠋ᠠᠯ》᠎ᠲᠠᠬᠢ ᠡᠨᠧᠷᠭᠢ ᠠᠷᠪᠢᠯᠠᠬᠤ ᠬᠡᠮᠵᠢᠶ᠎ᠡ ᠵᠢ ᠡᠯ᠎ᠡ ᠠᠶ᠋ᠢᠮᠠᠭ ᠬᠤᠲᠠ ᠵᠢᠨ ᠰᠢᠨ᠎ᠡ᠎ᠪᠠᠷ ᠡᠬᠢᠯᠡᠭᠦᠯᠦᠭᠰᠡᠨ ᠲᠥᠷᠥᠯ ᠵᠦᠢ᠍ᠯ᠎ᠤᠨ ᠡᠨᠧᠷᠭᠢ ᠵᠢᠨ ᠬᠤᠷᠣᠭᠳᠠᠭᠤᠯᠭ᠎ᠠ ᠵᠢ ᠣᠷᠣᠯᠠᠭᠤᠯᠬᠤ ᠢᠷᠡᠯᠲᠡ ᠪᠣᠯᠭ᠋ᠠᠵᠤ᠂ ᠡᠨᠧᠷᠭᠢ ᠵᠢᠨ ᠬᠤᠷᠣᠭᠳᠠᠭᠤᠯᠭ᠎ᠠ᠎ᠪᠠᠷ ᠣᠷᠣᠯᠠᠭᠤᠯᠬᠤ ᠲᠥᠷᠥ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠲᠥᠷᠥᠯ ᠵᠦᠢ᠍ᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠡᠨᠧᠷᠭᠢ ᠬᠡᠷᠡᠭᠯᠡᠬᠦ ᠨᠠᠶ᠋ᠢᠳᠠᠪᠤᠷᠢᠲᠠᠶ ᠪᠠᠲᠤᠯᠠᠭ᠎ᠠ ᠬᠠᠩᠭ᠋ᠠᠨ᠎ᠠ᠃ ᠭᠤᠷᠪᠠ᠎ᠳᠤ᠂ ᠪᠡᠯᠡ ᠮᠥᠩᠭᠦ ᠲᠥᠷᠥᠯ ᠵᠦᠢ᠍ᠯ᠎ᠤᠨ ᠲᠥᠯᠥᠪᠵᠢᠭᠦᠯᠭᠡ᠎ᠳᠤ ᠬᠦᠴᠦᠨ ᠨᠡᠮᠡᠷᠢᠯᠡᠨ᠎ᠡ᠃ 《ᠡᠨᠧᠷᠭᠢ ᠠᠷᠪᠢᠯᠠᠬᠤ ᠲᠠᠲᠠᠭ᠋ᠠᠯ》᠂ 《ᠲᠥᠷᠥᠯ ᠵᠦᠢ᠍ᠯ᠎ᠤᠨ ᠬᠥᠮᠥᠷᠭᠡ》᠂ 《ᠨᠥᠭᠡᠴᠡᠯᠡᠬᠦ ᠬᠥᠮᠥᠷᠭᠡ》᠎ᠳᠤ ᠰᠠᠭᠤᠷᠢᠯᠠᠨ᠂ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ ᠵᠢᠴᠢ 《ᠬᠤᠶᠠᠷ ᠰᠢᠨ᠎ᠡ》 ᠵᠢᠨ ᠪᠠᠯᠠ ᠮᠥᠩᠭᠦ ᠵᠢᠨ ᠳᠡᠮᠵᠢᠯᠭᠡ ᠵᠢᠨ ᠲᠥᠷᠥᠯ ᠵᠦᠢ᠍ᠯ᠎ᠢ ᠲᠥᠯᠥᠪᠯᠡᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠤᠨ᠎ᠠ᠃ ᠲᠦᠷᠪᠡ᠎ᠳᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠬᠥᠭᠵᠢᠯᠲᠡ ᠵᠢ ᠠᠬᠢᠭᠤᠯᠬᠤ᠎ᠳᠤ ᠬᠦᠴᠦᠨ ᠨᠡᠮᠡᠷᠢᠯᠡᠨ᠎ᠡ᠃ ᠡᠨᠧᠷᠭᠢ ᠠᠷᠪᠢᠯᠠᠬᠤ ᠳᠠᠯᠳᠠ ᠬᠦᠴᠦᠨ᠎ᠢ ᠠᠭᠤᠳᠠᠯᠬᠤ᠂ ᠡᠨᠧᠷᠭᠢ ᠵᠢᠨ ᠬᠤᠷᠣᠭᠳᠠᠭᠤᠯᠭ᠎ᠠ ᠵᠢ ᠣᠷᠣᠯᠠᠭᠤᠯᠬᠤ᠂ ᠲᠥᠷᠥᠯ ᠵᠦᠢ᠍ᠯ᠎ᠢ ᠲᠥᠯᠥᠪᠵᠢᠭᠦᠯᠦᠨ ᠨᠥᠭᠡᠴᠡᠯᠡᠬᠦ ᠵᠡᠷᠭᠡ ᠣᠯᠠᠨ ᠲᠠᠯ᠎ᠠ᠎ᠪᠠᠷ ᠬᠠᠮᠵᠢᠯᠴᠠᠨ ᠬᠦᠴᠦᠯᠡᠵᠦ᠂ ᠨᠡᠶ᠋ᠢᠭᠡᠮ ᠳᠠᠶᠠᠭ᠋ᠠᠷ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠦᠵᠡᠯ ᠤᠬᠠᠮᠰᠠᠷ᠎ᠢ ᠳᠡᠭᠡᠭᠰᠢᠯᠡᠭᠦᠯᠬᠦ ᠪᠠ ᠠᠵᠢᠯᠯᠠᠭ᠎ᠠ ᠥᠷᠨᠢᠭᠦᠯᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠢ᠌ᠰᠢ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠰᠬᠠᠬᠤ ᠬᠠᠷᠠᠯᠲᠠ ᠵᠢ ᠪᠡᠶᠡᠯᠡᠭᠦᠯᠦᠨ᠎ᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠬᠠᠮᠤᠭ᠎ᠤᠨ ᠲᠣᠮᠣ ᠤᠰᠤᠨ ᠠᠰᠢᠭᠯᠠᠯᠲᠠ ᠵᠢᠨ ᠢᠨᠵᠧᠨᠧᠷᠢᠩ ᠪᠦᠬᠦ ᠱᠤᠭᠤᠮ ᠵᠶ᠋ᠠᠷ ᠤᠰᠤ ᠲᠤᠷᠰᠢᠨ ᠨᠡᠪᠲᠡᠷᠡᠭᠦᠯᠪᠡ (ᠴᠢᠬᠤᠯᠠ ᠶᠡᠬᠡ ᠢᠨᠵᠧᠨᠧᠷᠢᠩ᠎ᠤᠨ ᠨᠢᠭᠡᠳᠦᠭᠡᠷ ᠹᠷᠣᠨᠲ)
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠮᠠᠨ᠎ᠤ ᠣᠷᠣᠨ᠎ᠤ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠥᠪᠥᠷ ᠮᠣᠩᠭᠤᠯ᠎ᠤᠨ ᠪᠤᠭᠤᠲᠤ ᠬᠤᠲᠠ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ 《ᠬᠠᠮᠤᠭ᠎ᠤᠨ ᠪᠠᠭ᠎ᠠ ᠨᠢᠭᠡᠴᠢ》᠎ᠠᠴᠠ ᠭᠠᠷᠳᠠᠵᠤ ᠦᠨᠳᠦᠰᠦᠨ ᠱᠠᠲᠤᠨ᠎ᠤ ᠤᠰᠤᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ᠎ᠪᠠᠷ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠶ᠋ᠢᠴᠢᠯᠠᠵᠦ ᠪᠠᠶ᠋ᠢᠨ᠎ᠠ
2025 ᠣᠨ᠎ᠤ ᠥᠪᠥᠷ ᠮᠣᠩᠭᠣᠯ᠎ᠤᠨ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠣᠷᠣᠬ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠵᠠᠭ᠋ᠠᠷᠯᠠᠬᠤ ᠬᠤᠪᠢ ᠵᠢ ᠨᠡᠢ᠌ᠲᠡᠯᠡᠪᠡ ᠹᠢᠽᠢᠺ᠎ᠤᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 375 ᠲᠡᠦᠬᠡ ᠵᠢᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 418
ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠰᠢᠰᠲᠸᠮ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠭᠦ ᠬᠥᠮᠦᠵᠢᠯ᠎ᠤᠨ ᠬᠤᠷᠠᠯ ᠬᠤᠷᠠᠯᠳᠤᠵᠠᠢ ᠶᠣᠣ ᠶᠦᠩ ᠪᠦᠸᠸ ᠶᠠᠷᠢᠶ᠎ᠠ ᠲᠠᠯᠪᠢᠪᠠ
 
            