ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭᠯᠠᠯᠲᠠ ᠵᠢᠨ ᠶᠠᠮᠤᠨ᠎ᠤ ᠪᠠᠶ᠋ᠢᠭᠤᠯᠭ᠎ᠠ 《ᠢᠷᠠᠭᠤ ᠠᠯᠳᠠᠷᠲᠠᠢ᠎ᠪᠠᠷ ᠨᠠᠮ᠎ᠳᠤ 50 ᠵᠢᠯ ᠪᠣᠯᠤᠭᠰᠠᠨ》 ᠳᠤᠷᠠᠰᠬᠠᠯ᠎ᠤᠨ ᠲᠡᠮᠳᠡᠭ ᠣᠯᠭᠤᠬᠤ ᠪᠠ 《7 · 1》᠎ᠤ ᠲᠣᠬᠤᠨᠢᠭᠤᠯᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2025-06-30

   ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 104 ᠵᠢᠯ᠎ᠤᠨ ᠣᠶ ᠵᠢᠨ ᠲᠠᠰᠢᠷᠠᠮ᠎ᠳᠤ᠂ ᠤᠰᠤᠨ ᠠᠰᠢᠭᠯᠠᠯᠲᠠ ᠵᠢᠨ ᠶᠠᠮᠤᠨ᠎ᠤ ᠪᠠᠶ᠋ᠢᠭᠤᠯᠭ᠎ᠠ 《ᠢᠷᠠᠭᠤ ᠠᠯᠳᠠᠷᠲᠠᠢ᠎ᠪᠠᠷ ᠨᠠᠮ᠎ᠳᠤ 50 ᠵᠢᠯ ᠪᠣᠯᠤᠭᠰᠠᠨ》 ᠳᠤᠷᠠᠰᠬᠠᠯ᠎ᠤᠨ ᠲᠡᠮᠳᠡᠭ᠎ᠢ ᠵᠣᠬᠢᠶᠠᠨ ᠪᠠᠶ᠋ᠢᠭᠤᠯᠤᠨ ᠣᠯᠭᠣᠵᠦ᠂ ᠮᠦᠨᠴᠦ ᠬᠡᠰᠡᠭ ᠠᠬᠠᠮᠠᠳ ᠨᠠᠮ᠎ᠤᠨ ᠭᠡᠰᠢᠭᠦᠨ᠂ ᠬᠦᠴᠢᠷᠳᠡᠯᠲᠡᠶ ᠨᠠᠮ᠎ᠤᠨ ᠭᠡᠰᠢᠭᠦᠨ ᠪᠣᠯᠤᠨ ᠪᠥᠬᠦ ᠤᠯᠤᠰ᠎ᠤᠨ ᠰᠢᠯᠢᠳᠡᠭ ᠨᠠᠮ᠎ᠤᠨ ᠠᠵᠢᠯᠲᠠᠨ᠎ᠳᠤ 《7 · 1》᠎ᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠥᠬᠦᠳ᠎ᠲᠤ ᠨᠠᠮ᠎ᠤᠨ ᠲᠥᠪ ᠬᠤᠷᠢᠶᠠᠨ᠎ᠤ ᠬᠠᠶ᠋ᠢᠷ᠎ᠠ ᠬᠠᠯᠠᠮᠵᠢ ᠵᠢ ᠳᠠᠮᠵᠢᠭᠤᠯᠵᠤ᠂ ᠲᠡᠳᠡᠨ᠎ᠤ ᠣᠷᠳᠣ ᠬᠤᠭᠤᠴᠠᠭ᠋ᠠᠨ᠎ᠤ ᠲᠤᠷᠰᠢ ᠨᠠᠮ ᠪᠣᠯᠤᠨ ᠤᠯᠤᠰ᠎ᠤᠨ ᠦᠢ᠍ᠯᠡᠰ᠎ᠲᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ᠎ᠳᠤ ᠲᠠᠯᠠᠷᠬᠠᠪᠠ᠃

   ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠠᠩ ᠪᠦᠦ ᠧᠨ ᠬᠡᠯᠲᠡᠰ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠢ ᠲᠥᠯᠥᠭᠡᠯᠡᠵᠦ᠂ ᠶᠠᠮᠤᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠂ ᠠᠵᠢᠯ᠎ᠠᠴᠠ᠎ᠪᠠᠨ ᠰᠠᠯᠵᠦ ᠪᠠᠭᠤᠵᠤ ᠠᠮᠠᠷᠠᠭᠰᠠᠳ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ᠎ᠤᠨ ᠪᠠᠷ᠎ᠠ ᠪᠤᠯᠤᠯᠭ᠎ᠠ᠎ᠪᠠᠷ ᠶᠠᠮᠤᠨ᠎ᠤ ᠪᠠᠶ᠋ᠢᠭᠤᠯᠭ᠎ᠠ᠎ᠳᠤ ᠨᠠᠮ᠎ᠤᠨ ᠭᠡᠰᠢᠭᠦᠨ᠎ᠤ ᠲᠥᠯᠥᠭᠡᠯᠡᠭᠴᠢ ᠵᠧᠤ ᠪᠦᠦ ᡁᠢ᠂ ᠬᠤ᠌ ᠪᠦᠦ ᠯᠢᠨ᠎ᠳᠤ ᠳᠤᠷᠠᠰᠬᠠᠯ᠎ᠤᠨ ᠲᠡᠮᠳᠡᠭ ᠭᠠᠷᠳᠠᠭᠤᠯᠪᠠ᠃ ᠠᠵᠢᠯ᠎ᠠᠴᠠ᠎ᠪᠠᠨ ᠰᠠᠯᠵᠦ ᠪᠠᠭᠤᠵᠤ ᠠᠮᠠᠷᠠᠭᠰᠠᠳ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠶ᠋ᠢᠳᠠᠯᠭ᠎ᠠ᠎ᠪᠠᠷ ᠠᠵᠢᠯ᠎ᠠᠴᠠ᠎ᠪᠠᠨ ᠰᠠᠯᠵᠦ ᠪᠠᠭᠤᠵᠤ ᠠᠮᠠᠷᠠᠭᠰᠠᠳ᠎ᠤᠨ ᠨᠠᠮ᠎ᠤᠨ ᠡᠭᠦᠷ᠎ᠲᠠᠢ ᠬᠠᠮᠲᠤᠷᠠᠨ ᠲᠣᠰ ᠲᠣᠰ ᠨᠠᠮ᠎ᠤᠨ ᠭᠡᠰᠢᠭᠦᠨ᠎ᠳᠤ ᠳᠤᠷᠠᠰᠬᠠᠯ᠎ᠤᠨ ᠲᠡᠮᠳᠡᠭ ᠣᠯᠭᠤᠪᠠ᠃ ᠨᠠᠮ᠎ᠤᠨ ᠭᠡᠰᠢᠭᠦᠳ᠂ 《ᠨᠠᠰᠤᠨ᠎ᠤ ᠠᠮᠠᠷᠠᠯᠲᠠ ᠠᠪᠬᠤ᠎ᠳᠤ ᠥᠩᠭᠡ ᠪᠠᠭᠤᠷᠠᠬᠤ ᠦᠭᠡᠢ᠂ ᠠᠵᠢᠯ᠎ᠤᠨ ᠪᠠᠢ᠌ᠷᠢ᠎ᠠᠴᠠ᠎ᠪᠠᠨ ᠰᠠᠯᠤᠭᠰᠠᠨ ᠴᠤ᠌ ᠨᠠᠮ᠎ᠠᠴᠠ᠎ᠪᠠᠨ ᠰᠠᠯᠬᠤ ᠦᠭᠡᠢ》 ᠵᠢ ᠦᠨᠡᠨ ᠬᠦ᠌ ᠪᠡᠶᠡᠯᠡᠭᠦᠯᠵᠦ᠂ ᠥᠨᠢ ᠡᠭᠦᠷᠢᠳᠡ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠡᠪ ᠬᠠᠮᠲᠤ ᠨᠠᠮ᠎ᠤᠨ ᠭᠡᠰᠢᠭᠦᠨ᠎ᠤ ᠤᠯᠤᠰ ᠲᠦᠷᠦ ᠵᠢᠨ ᠤᠤᠷ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠨᠠᠮ ᠪᠣᠯᠤᠨ ᠠᠷᠠᠳ ᠲᠦᠮᠡᠨ᠎ᠤ ᠦᠢ᠍ᠯᠡᠰ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠥᠪᠡᠷ᠎ᠤᠨ ᠤᠶᠤᠨ ᠤᠬᠠᠭ᠋ᠠᠨ ᠪᠣᠯᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

   ᠠᠵᠢᠯ᠎ᠠᠴᠠ᠎ᠪᠠᠨ ᠰᠠᠯᠵᠦ ᠪᠠᠭᠤᠵᠤ ᠠᠮᠠᠷᠠᠭᠰᠠᠳ᠎ᠤᠨ ᠲᠣᠪᠴᠢᠶ᠎ᠠ ᠬᠡᠷ᠎ᠲᠤ᠎ᠨᠢ ᠬᠦᠷᠴᠦ᠂ ᠡᠮᠨᠡᠯᠭᠡ ᠵᠢᠨ ᠬᠤᠷᠢᠶ᠎ᠠ᠎ᠳᠤ ᠬᠦᠷᠴᠦ ᠪᠣᠯᠭᠤᠭ᠋ᠠᠨ ᠲᠣᠬᠤᠨᠢᠭᠤᠯᠬᠤ ᠠᠷᠭ᠎ᠠ ᠬᠡᠯᠪᠡᠷᠢ ᠵᠢ ᠠᠪᠴᠤ᠂ 《7 · 1》᠎ᠤ ᠬᠥᠮᠦᠰ᠎ᠤᠨ ᠰᠡᠳᠬᠢᠯ᠎ᠢ ᠳᠤᠯᠠᠭ᠋ᠠᠴᠠᠭᠤᠯᠬᠤ ᠰᠤᠷᠪᠤᠯᠵᠢᠯᠠᠬᠤ ᠠᠵᠢᠯᠯᠠᠭ᠎ᠠ ᠵᠢ ᠦᠷᠨᠢᠭᠦᠯᠪᠡ᠃ ᠬᠦᠷᠦᠭᠰᠡᠨ ᠡᠷᠦᠭᠡ ᠪᠤᠯᠭ᠋ᠠᠨ᠎ᠤ ᠠᠵᠢᠯ᠎ᠤᠨ ᠪᠠᠢ᠌ᠷᠢ᠎ᠳᠤ᠎ᠪᠠᠨ ᠪᠠᠶ᠋ᠢᠭ᠎ᠠ ᠨᠦᠬᠦᠳ ᠠᠬᠠᠮᠠᠳ ᠨᠦᠬᠦᠳ᠎ᠲᠤ ᠪᠠᠶᠠᠷ᠎ᠤᠨ ᠡᠳᠦᠷ᠎ᠤᠨ ᠮᠡᠨᠳᠣᠴᠢᠯᠡᠯ  ᠬᠦᠷᠭᠡᠪᠡ᠃ ᠠᠬᠠᠮᠠᠳ ᠨᠥᠬᠦᠳ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠯᠠᠮᠵᠢᠯᠠᠯ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠂ ᠤᠰᠤᠨ ᠠᠰᠢᠭᠯᠠᠯᠲᠠ ᠵᠢᠨ ᠦᠢ᠍ᠯᠡᠰ᠎ᠤᠨ ᠤᠢ᠍ᠢ᠍ᠷ᠎ᠠ ᠵᠢᠨ ᠵᠢᠯ᠎ᠤᠨ ᠣᠯᠤᠭᠰᠠᠨ ᠠᠮᠵᠢᠯᠲᠠ᠎ᠳᠤ ᠴᠢᠩ ᠰᠡᠳᠬᠢᠯ᠎ᠠᠴᠠ᠎ᠪᠠᠨ ᠪᠠᠶᠠᠷᠯᠠᠵᠤ ᠪᠠᠶ᠋ᠢᠬᠤ᠎ᠪᠠᠨ ᠢᠯᠡᠳᠬᠡᠬᠦ ᠵᠢᠨ ᠬᠠᠮᠲᠤ ᠤᠰᠤᠨ ᠠᠰᠢᠭᠯᠠᠯᠲᠠ ᠵᠢᠨ ᠠᠵᠢᠯ᠎ᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠬᠠᠯᠠᠮᠵᠢᠯᠠᠨ ᠳᠡᠮᠵᠢᠵᠦ᠂ ᠤᠰᠤᠨ ᠠᠰᠢᠭᠯᠠᠯᠲᠠ ᠵᠢᠨ ᠦᠯᠢᠭᠡᠷ᠂ ᠤᠭ ᠰᠠᠨᠠᠭ᠋ᠠᠨ᠎ᠤ ᠦᠯᠢᠭᠡᠷ᠎ᠢ ᠰᠠᠶ᠋ᠢᠲᠤᠷ ᠶᠠᠷᠢᠵᠤ᠂ ᠬᠤᠪᠢᠰᠬᠠᠯ᠎ᠤᠨ ᠤᠳᠤᠮᠰᠢᠯ᠎ᠢ ᠰᠢᠨ᠎ᠡ ᠴᠠᠭ ᠦᠶ᠎ᠡ᠎ᠳᠤ ᠦᠶ᠎ᠡ ᠵᠢᠨ ᠦᠶ᠎ᠡ᠎ᠳᠤ ᠤᠯᠠᠮᠵᠢᠯᠠᠨ᠎ᠠ ᠭᠡᠵᠦ ᠢᠯᠡᠳᠬᠡᠪᠡ᠃

  

   ᠵᠣᠬᠢᠶᠠᠭᠴᠢ᠄     ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ 1620 ᠡᠨᠧᠷᠭᠢ ᠵᠢᠨ ᠠᠰᠢᠭᠯᠠᠮᠵᠢ ᠵᠢ ᠬᠢᠨᠠᠨ ᠪᠠᠶ᠋ᠢᠴᠠᠭ᠋ᠠᠵᠤ ᠡᠨᠧᠷᠭᠢ ᠠᠷᠪᠢᠯᠠᠬᠤ ᠲᠥᠷᠥᠯ ᠵᠦᠢ᠍ᠯ᠎ᠳᠤ 《ᠡᠨᠧᠷᠭᠢ ᠠᠷᠪᠢᠯᠠᠬᠤ ᠲᠠᠲᠠᠭ᠋ᠠᠯ》᠎ᠢ ᠪᠠᠢ᠌ᠭᠤᠯᠵᠤ᠂ ᠡᠨᠧᠷᠭᠢ ᠠᠷᠪᠢᠯᠠᠬᠤ ᠬᠡᠮᠵᠢᠶ᠎ᠡ᠎ᠨᠢ 660 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠳᠤ ᠬᠥᠷᠪᠡ
ᠥᠪᠥᠷ ᠮᠣᠩᠭᠣᠯ᠎ᠤᠨ ᠬᠠᠮᠤᠭ᠎ᠤᠨ ᠲᠣᠮᠣ ᠤᠰᠤᠨ ᠠᠰᠢᠭᠯᠠᠯᠲᠠ ᠵᠢᠨ ᠢᠨᠵᠧᠨᠧᠷᠢᠩ ᠪᠦᠬᠦ ᠱᠤᠭᠤᠮ ᠵᠶ᠋ᠠᠷ ᠤᠰᠤ ᠲᠤᠷᠰᠢᠨ ᠨᠡᠪᠲᠡᠷᠡᠭᠦᠯᠪᠡ (ᠴᠢᠬᠤᠯᠠ ᠶᠡᠬᠡ ᠢᠨᠵᠧᠨᠧᠷᠢᠩ᠎ᠤᠨ ᠨᠢᠭᠡᠳᠦᠭᠡᠷ ᠹᠷᠣᠨᠲ)
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠮᠠᠨ᠎ᠤ ᠣᠷᠣᠨ᠎ᠤ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠥᠪᠥᠷ ᠮᠣᠩᠭᠤᠯ᠎ᠤᠨ ᠪᠤᠭᠤᠲᠤ ᠬᠤᠲᠠ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ 《ᠬᠠᠮᠤᠭ᠎ᠤᠨ ᠪᠠᠭ᠎ᠠ ᠨᠢᠭᠡᠴᠢ》᠎ᠠᠴᠠ ᠭᠠᠷᠳᠠᠵᠤ ᠦᠨᠳᠦᠰᠦᠨ ᠱᠠᠲᠤᠨ᠎ᠤ ᠤᠰᠤᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ᠎ᠪᠠᠷ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠶ᠋ᠢᠴᠢᠯᠠᠵᠦ ᠪᠠᠶ᠋ᠢᠨ᠎ᠠ
2025 ᠣᠨ᠎ᠤ ᠥᠪᠥᠷ ᠮᠣᠩᠭᠣᠯ᠎ᠤᠨ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠣᠷᠣᠬ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠵᠠᠭ᠋ᠠᠷᠯᠠᠬᠤ ᠬᠤᠪᠢ ᠵᠢ ᠨᠡᠢ᠌ᠲᠡᠯᠡᠪᠡ ᠹᠢᠽᠢᠺ᠎ᠤᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 375 ᠲᠡᠦᠬᠡ ᠵᠢᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 418
 
            