ᠴᠤᠤᠯ ᠭᠤᠣᠯ᠎ᠤᠨ ᠤᠰᠤᠨ ᠠᠰᠢᠭᠯᠠᠯᠲᠠ ᠵᠢᠨ ᠬᠦᠢ᠍ᠰᠦ ᠪᠣᠯᠬᠤ ᠥᠪᠥᠷ ᠮᠣᠩᠭᠣᠯ᠎ᠤᠨ ᠤᠰᠤᠯᠠᠯᠲᠠ ᠵᠢᠨ ᠣᠷᠣᠨ᠎ᠤ ᠢᠨᠵᠸᠨ᠋ᠸᠷᠢᠩ ᠲᠦᠷᠦᠭᠦᠬᠡᠨ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠪᠠ᠂ ᠲᠤᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠂ ᠡᠨᠡ᠎ᠨᠢ ᠦᠶᠡᠷ᠎ᠢ ᠰᠡᠷᠭᠡᠢ᠌ᠯᠡᠬᠦ᠂ ᠤᠰᠤ ᠬᠠᠩᠭ᠋ᠠᠬᠤ᠂ ᠤᠰᠤᠯᠠᠬᠤ ᠵᠡᠷᠭᠡ ᠢᠨᠵᠧᠨᠧᠷᠢᠩ᠎ᠤᠨ ᠦᠷ᠎ᠡ ᠠᠰᠢᠭ᠎ᠢ ᠪᠦᠬᠦ ᠲᠠᠯ᠎ᠠ᠎ᠪᠠᠷ ᠪᠠᠳᠠᠷᠠᠭᠤᠯᠵᠤ ᠡᠬᠢᠯᠡᠭᠰᠡᠨ᠎ᠢ ᠬᠠᠷᠠᠭᠤᠯᠵᠤ ᠪᠠᠢ᠌ᠨ᠎ᠠ᠃
ᠴᠤᠤᠯ ᠭᠣᠤᠯ᠎ᠤᠨ ᠤᠰᠤᠯᠠᠯᠲᠠ ᠵᠢᠨ ᠣᠷᠣᠨ᠎ᠤ ᠢᠨᠵᠧᠨᠧᠷᠢᠩ ᠪᠣᠯ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ 172 ᠵᠦᠢ᠍ᠯ᠎ᠤᠨ ᠤᠰᠤ ᠠᠷᠪᠢᠯᠠᠬᠤ ᠤᠰᠤ ᠬᠠᠩᠭ᠋ᠠᠬᠤ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠢᠭᠡ᠂ ᠤᠰᠤᠨ ᠠᠰᠢᠭᠯᠠᠯᠲᠠ ᠵᠢᠨ ᠶᠠᠮᠤᠨ᠎ᠤ ᠲᠣᠭᠲᠠᠭ᠋ᠠᠭᠰᠠᠨ 《ᠠᠷᠪᠠᠨ ᠨᠢᠭᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠪᠦᠬᠦ ᠤᠯᠤᠰ᠎ᠤᠨ ᠰᠢᠨ᠎ᠡ᠎ᠪᠠᠷ ᠨᠡᠮᠡᠭᠳᠡᠭᠰᠡᠨ ᠲᠣᠮᠣ ᠬᠡᠯᠪᠡᠷᠢ ᠵᠢᠨ 9 ᠤᠰᠤᠯᠠᠯᠲᠠ ᠵᠢᠨ ᠣᠷᠣᠨ᠎ᠤ ᠨᠢᠭᠡ᠂ ᠮᠦᠨᠴᠦ 《ᠪᠦᠬᠦ ᠤᠯᠤᠰ᠎ᠤᠨ 1000 ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠲᠥᠯᠥᠪᠵᠢᠭᠦᠯᠭᠡ (2009 — 2020 ᠣᠨ)》᠎ᠳᠤ ᠵᠢᠭᠰᠠᠭ᠋ᠠᠨ ᠤᠷᠤᠭᠤᠯᠤᠭᠰᠠᠨ ᠥᠪᠥᠷ ᠮᠤᠩᠭ᠍ᠤᠯᠤᠨ ᠠᠮᠤ ᠪᠤᠳᠠᠭ᠍ᠠᠨᠤ ᠭᠠᠷᠤᠯᠲᠠ᠎ᠪᠠᠨ ᠨᠡᠮᠡᠭᠳᠡᠭᠦᠯᠬᠦ ᠭᠤᠤᠯ ᠤᠷᠤᠨ᠎ᠤ ᠨᠢᠭᠡ ᠪᠤᠯᠤᠨ᠎ᠠ᠃ ᠲᠥᠷᠥᠯ ᠵᠦᠢ᠍ᠯ᠎ᠤᠨ ᠶᠡᠷᠦᠩᠬᠡᠶ ᠪᠡᠯᠡ ᠣᠷᠣᠭᠤᠯᠤᠯᠲᠠ᠎ᠨᠢ 11.68 ᠳ᠋ᠦᠩᠰᠢᠭᠤᠷ ᠲᠥᠭᠦᠷᠢᠭ᠂ ᠲᠥᠷᠥᠯ ᠵᠦᠢ᠍ᠯ᠎ᠤᠨ ᠣᠷᠣᠨ 40 ᠭᠠᠴᠠᠭ᠎ᠠ ᠲᠣᠰᠬᠤᠨ᠂ ᠪᠠᠷᠤᠭ 12 ᠲᠦᠮᠡᠨ ᠬᠥᠮᠦᠨ ᠠᠮᠠ ᠵᠢ ᠬᠠᠮᠤᠷᠪᠠ᠃ ᠢᠨᠵᠧᠨᠧᠷᠢᠩ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠤᠰᠤᠯᠠᠯᠲᠠ ᠵᠢᠨ ᠲᠠᠯᠠᠪᠠᠶ ᠵᠢ 41.02 ᠲᠦᠮᠡᠨ ᠮᠥ᠍ ᠰᠠᠶ᠋ᠢᠵᠢᠷᠠᠭᠤᠯᠤᠨ ᠨᠡᠮᠡᠭᠳᠡᠭᠦᠯᠵᠦ᠂ ᠲᠥᠷᠥᠯ ᠵᠦᠢ᠍ᠯ᠎ᠤᠨ ᠣᠷᠣᠨ᠎ᠤ ᠳᠣᠲᠣᠷ᠎ᠠ ᠵᠢᠱ᠌ᠢᠯᠲᠡ᠎ᠪᠠᠷ 7002 ᠮᠥ᠍ ᠴᠢᠨᠠᠷ ᠰᠠᠶ᠋ᠢᠲᠠᠶ ᠲᠠᠷᠢᠶᠠᠨ ᠭᠠᠵᠠᠷ᠎ᠢ ᠴᠡᠪᠡᠷ ᠨᠡᠮᠡᠭᠳᠡᠭᠦᠯᠵᠦ᠂ ᠦᠢ᠍ᠯᠡᠳᠪᠦᠷᠢᠯᠡᠯ᠎ᠤᠨ ᠴᠢᠳᠠᠪᠤᠷᠢ ᠵᠢ 1333 ᠲᠦᠮᠡᠨ ᠺᠢᠯᠣᠭ᠌ᠷᠠᠮ ᠳᠡᠭᠡᠭᠰᠢᠯᠡᠭᠦᠯᠵᠦ᠂ ᠤᠰᠤᠯᠠᠯᠲᠠ ᠵᠢᠨ ᠣᠷᠣᠨ᠎ᠤ ᠳᠣᠲᠣᠷᠠᠬᠢ ᠮᠠᠯᠴᠢᠨ ᠲᠠᠷᠢᠶᠠᠴᠢᠨ᠎ᠤ ᠵᠢᠯ᠎ᠤᠨ ᠬᠥᠮᠦᠨ ᠳᠤᠮᠳᠠᠴᠢ ᠵᠢᠨ ᠣᠷᠣᠯᠭ᠎ᠠ ᠵᠢ 1000 ᠲᠥᠭᠦᠷᠢᠭ᠎ᠠᠴᠠ ᠳᠠᠪᠠᠭᠤᠯᠤᠨ᠎ᠠ᠃