ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠰᠢᠰᠲᠸᠮ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠭᠦ ᠬᠥᠮᠦᠵᠢᠯ᠎ᠤᠨ ᠬᠤᠷᠠᠯ ᠬᠤᠷᠠᠯᠳᠤᠵᠠᠢ ᠶᠣᠣ ᠶᠦᠩ ᠪᠦᠸᠸ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-06-25

  6  ᠳ᠋ᠤᠭ᠋ᠠᠷ  ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠰᠢᠰᠲᠸᠮ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠭᠦ ᠬᠥᠮᠦᠵᠢᠯ᠎ᠤᠨ ᠬᠤᠷᠠᠯ ᠬᠤᠷᠠᠯᠳᠤᠵᠠᠢ᠃

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠣᠣ ᠶᠦᠩ ᠪᠦᠸᠸ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂  ᠲᠥᠪ᠎ᠤᠨ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠤᠷᠤᠯᠴᠠᠵᠤ ᠵᠢᠭ᠋ᠠᠨ ᠵᠢᠯᠣᠭᠣᠳᠪᠠ᠃

   ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠸᠧᠢ ᠱᠤᠸᠠᠨ ᠱ᠌ᠢ ᠵᠡᠷᠭᠡ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠰᠤᠷᠭ᠋ᠠᠮᠵᠢ ᠵᠢ ᠭᠦᠨᠵᠡᠭᠡᠢ ᠠᠪᠴᠤ᠂  ᠲᠥᠪᠯᠡᠷᠡᠩᠭᠦᠢ ᠴᠡᠭᠴᠡᠯᠡᠨ ᠵᠠᠰᠠᠯᠲᠠ ᠵᠢ ᠪᠦᠭᠦ ᠲᠠᠯ᠎ᠠ᠎ᠪᠠᠷ ᠥᠷᠨᠢᠭᠦᠯᠦᠨ᠂  ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠰᠢᠰᠲᠸᠮ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ 《  ᠨᠢᠭᠡ ᠠᠵᠢᠯ᠎ᠤᠨ ᠪᠠᠢ᠌ᠷᠢ ᠵᠢᠨ ᠬᠣᠣᠰ ᠬᠠᠷᠢᠭᠤᠴᠠᠯᠭ᠎ᠠ 》 ᠵᠢ ᠨᠠᠢ᠌ᠳᠠᠪᠤᠷᠢᠵᠢᠭᠤᠯᠵᠤ᠂  ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠯᠠᠪᠳᠠᠭᠤᠯᠤᠨ ᠵᠢᠯᠤᠭᠣᠳᠬᠤ ᠳᠤᠭᠤᠢ᠌ᠯᠠᠩ᠂  ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠵᠢᠴᠢ ᠣᠷᠣᠨ᠎ᠤ ᠬᠠᠷᠢᠶ᠎ᠠ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠨᠥᠬᠥᠳ ᠬᠤᠷᠠᠯ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠴᠤᠤᠯ ᠭᠤᠣᠯ᠎ᠤᠨ ᠤᠰᠤᠨ ᠠᠰᠢᠭᠯᠠᠯᠲᠠ ᠵᠢᠨ ᠬᠦᠢ᠍ᠰᠦ ᠵᠢᠨ ᠳᠣᠣᠷᠠᠳᠤ ᠤᠷᠤᠰᠬᠠᠯ᠎ᠤᠨ ᠥᠪᠥᠷ ᠮᠣᠩᠭᠤᠯ᠎ᠤᠨ ᠤᠰᠤᠯᠠᠯᠲᠠ ᠵᠢᠨ ᠣᠷᠣᠨ᠎ᠤ ᠢᠨᠵᠸᠨ᠋ᠸᠷᠢᠩ ᠪᠠᠷᠢᠯᠭ᠎ᠠ ᠳᠠᠭᠤᠰᠴᠦ ᠰᠢᠯᠭ᠋ᠠᠨ ᠬᠤᠷᠢᠶᠠᠪᠠ
2025 ᠣᠨ᠎ᠳᠤ ᠬᠠᠲᠤᠨ ᠭᠣᠣᠯ᠎ᠤᠨ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠠᠵᠢᠯ ᠲᠡᠭᠦᠰ ᠠᠮᠵᠢᠯᠲᠠ᠎ᠲᠠᠢ ᠲᠡᠭᠦᠰᠪᠡ ᠬᠦᠮᠦᠷᠭᠡ᠎ᠶ᠋ᠢ ᠶᠡᠭᠦᠯᠡᠵᠦ᠍ ᠦᠶᠡᠷ᠎ᠢ ᠤᠭᠲᠤᠬᠤ ᠤᠰᠤᠨ ᠴᠥᠭᠥᠷᠥᠮ᠎ᠦᠨ ᠡᠯᠡᠰᠦ᠎ᠶᠢ ᠭᠠᠳᠠᠭᠰᠢᠯᠠᠭᠤᠯᠵᠤ ᠠᠮᠢ ᠠᠬᠤᠢ᠎ᠪᠠᠷ ᠤᠰᠤ ᠨᠥᠬᠥᠪᠦᠷᠢᠯᠡᠬᠦ ᠵᠡᠷᠭᠡ ᠣᠯᠠᠨ ᠲᠠᠯ᠎ᠠ᠎ᠪᠠᠷ ᠠᠰᠢᠭ᠋ ᠭᠥᠷᠳᠡᠬᠦ ᠬᠠᠷᠠᠯᠲᠠ᠎ᠶᠢ ᠪᠡᠶᠡᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠤᠰᠤᠨ ᠠᠰᠢᠭᠯᠠᠯᠲᠠ ᠵᠢᠨ ᠲᠢᠩᠬᠢᠮ᠎ᠤᠨ ᠲᠥᠯᠥᠭᠡᠯᠡᠭᠴᠢᠳ᠎ᠤᠨ ᠠᠩᠭᠢ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠵᠠᠯᠠᠭᠤ ᠺᠠᠳ᠋ᠷᠴᠤᠳ᠎ᠤᠨ 《ᠦᠨᠳᠦᠰᠦᠨ ᠬᠥᠭ ᠠᠶᠠᠰ᠎ᠢ ᠭᠦᠨᠵᠡᠭᠡᠢ ᠰᠤᠳᠤᠯᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠮᠡᠳᠡᠯᠭᠡ ᠵᠢᠨ ᠤᠷᠤᠯᠳᠤᠭ᠋ᠠᠨ᠎ᠤ ᠬᠠᠭ᠋ᠠᠰ ᠰᠢᠢ᠍ᠳᠪᠦᠷᠢᠲᠦ ᠤᠷᠤᠯᠳᠤᠭ᠋ᠠᠨ᠎ᠳᠤ ᠠᠮᠵᠢᠯᠲᠠᠲᠠᠢ ᠲᠠᠪᠰᠢᠪᠠ
2020 ᠣᠨ᠎ᠤ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠣᠯᠭ᠋ᠠᠬᠤ》 ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠨᠢᠭᠡᠴᠢ ᠵᠢᠨ ᠬᠠᠤᠯᠢ ᠬᠡᠷᠡᠭᠵᠢᠬᠦᠯᠦᠯᠳᠡ ᠵᠢ ᠪᠠᠶ᠋ᠢᠴᠠᠭ᠋ᠠᠬᠤ ᠨᠢᠭᠡᠳᠦᠭᠡᠷ ᠳᠤᠭᠤᠶ᠋ᠢᠯᠠᠩ᠎ᠤᠨ ᠪᠠᠶ᠋ᠢᠳᠠᠯ᠎ᠤᠨ ᠳ᠋ᠦᠩᠨᠡᠯᠳᠡ
2020 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠥᠬᠡᠭᠴᠢᠨ ᠳᠡᠰ᠎ᠤᠨ ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ 《ᠬᠣᠶᠠᠷ᠎ᠢ ᠲᠤᠬᠢᠶᠠᠯᠳᠤᠯ ᠵᠶ᠋ᠡᠷ ᠰᠤᠩᠭᠤᠵᠤ᠂ ᠨᠢᠭᠡ ᠵᠢ ᠢᠯᠡ ᠪᠤᠯᠭ᠋ᠠᠬᠤ》 ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠪᠠᠶ᠋ᠢᠳᠠᠯ
 
            