ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ ᠵᠠᠷᠯᠠᠨ ᠨᠡᠢ᠌ᠲᠡᠯᠡᠭᠰᠡᠨ ᠮᠠᠨ᠎ᠤ ᠣᠷᠣᠨ᠎ᠤ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2025-06-28

  6 ᠰᠠᠷ᠎ᠠ ᠵᠢᠨ 27᠎ᠤ  ᠡᠳᠦᠷ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠂  ᠶᠡᠷᠦᠩᠬᠡᠢ ᠱᠦᠵᠢ ᠰᠢ ᠵᠢᠨ  ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠤ ᠂  ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ  ᠬᠢᠨᠠᠨ ᠪᠠᠢ᠌ᠴᠠᠭ᠋ᠠᠯᠲᠠ᠎ᠠᠴᠠ  ᠵᠠᠷᠯᠠᠨ ᠨᠡᠢ᠌ᠲᠡᠯᠡᠭᠰᠡᠨ ᠮᠠᠨ᠎ᠤ ᠣᠷᠣᠨ᠎ᠤ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ ᠃

   ᠬᠤᠷᠠᠯ᠎ᠠᠴᠠ᠂  ᠡᠯ᠎ᠡ ᠱᠠᠲᠤᠨ᠎ᠤ᠎ᠬᠢᠨ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢ᠌ᠷᠡᠭᠦᠯᠵᠦ ᠂  ᠶᠡᠷᠦᠩᠬᠡᠢ ᠱᠦᠵᠢ ᠰᠢ ᠵᠢᠨ  ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠢᠯᠠᠩᠭᠤᠶ᠎ᠠ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ᠎ᠳᠠᠬᠢ ᠬᠣᠯᠪᠣᠭᠳᠠᠯ ᠪᠦᠬᠦᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ ᠂  ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ ᠵᠶ᠋ᠠᠷ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠠᠳᠬᠤᠵᠤ ᠂  ᠰᠤᠷᠲᠠᠯ᠎ᠤᠨ ᠪᠠᠢ᠌ᠭᠤᠯᠤᠯᠲᠠ᠎ᠳᠤ ᠨᠡᠩ ᠶᠡᠬᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠃  ᠰᠤᠷᠤᠯᠴᠠᠵᠥ ᠰᠤᠳᠤᠯᠤᠨ ᠶᠠᠷᠢᠯᠴᠠᠬᠤ ᠵᠢ  ᠯᠠᠪᠳᠠᠭᠤᠨ ᠪᠠᠲᠤᠲᠠᠢ ᠥᠷᠨᠢᠭᠦᠯᠵᠦ ᠂  ᠶᠡᠷᠦᠩᠬᠡᠢ ᠱᠦᠵᠢ ᠰᠢ ᠵᠢᠨ  ᠫᠢᠩ᠎ᠤᠨ ᠴᠢᠬᠤᠯᠠ ᠥᠭᠦᠯᠡᠯᠲᠡ ᠵᠢ ᠲᠠᠷᠢᠬᠢᠨ᠎ᠳᠠᠭᠠᠨ ᠬᠠᠳᠠᠩᠰᠢᠭᠤᠯᠤᠨ ᠰᠡᠳᠬᠢᠯ᠎ᠳᠡᠭᠡᠨ ᠰᠠᠭᠤᠭᠳᠠᠭᠤᠯᠵᠤ ᠦᠢ᠍ᠯᠠ ᠠᠵᠢᠯᠯᠠᠭ᠎ᠠ ᠳᠡᠭᠡᠷ᠎ᠡ᠎ᠪᠠᠨ ᠨᠠᠢ᠌ᠳᠠᠪᠤᠷᠢᠵᠢᠭᠤᠯᠬᠤ ᠵᠢ  ᠠᠬᠢᠭᠤᠯᠬᠤ ᠬᠡᠷᠡᠭᠲᠡᠢ ᠃  ᠠᠴᠢ ᠡᠨᠡᠷᠢᠯ᠎ᠳᠤ  ᠲᠠᠯᠠᠷᠬᠠᠬᠤ ᠰᠡᠳᠬᠢᠯᠭᠡ᠎ᠪᠠᠷ ᠰᠤᠷᠲᠠᠯ᠎ᠤᠨ ᠪᠠᠢ᠌ᠭᠤᠯᠤᠯᠲᠠ ᠵᠢ ᠤᠬᠠᠮᠰᠠᠷ᠎ᠠᠴᠠ᠎ᠪᠠᠨ ᠴᠢᠩᠭ᠋ᠠᠳᠬᠠᠵᠤ ᠂  ᠣᠨᠴᠠᠭ᠋ᠠᠢ᠌ᠷᠠᠬᠤ ᠦᠭᠡᠢ ᠂  ᠬᠡᠪ ᠪᠠᠷᠢᠮᠵᠢᠶ᠎ᠠ ᠵᠢ  ᠪᠠᠭᠤᠷᠠᠭᠤᠯᠬᠤ ᠦᠭᠡᠢ ᠪᠠᠢ᠌ᠵᠤ ᠂  ᠬᠠᠭᠤᠴᠢᠨ ᠶᠣᠰᠣ ᠪᠦᠳᠦᠭᠦᠯᠢᠭ ᠳᠠᠳᠬᠠᠯ᠎ᠢ ᠡᠰᠡᠷᠭᠦᠴᠡᠬᠦ ᠂  ᠪᠣᠯᠪᠠᠰᠤᠨ ᠰᠢᠨ᠎ᠡ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠤᠯᠬᠤ ᠬᠡᠷᠡᠭᠲᠡᠢ  ᠃  ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠢᠩᠭ᠋ᠠᠳᠬᠠᠵᠤ  ᠂  ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠵᠤ ᠵᠠᠰᠠᠯᠲᠠ ᠵᠢ ᠠᠬᠢᠭᠤᠯᠬᠤ ᠡᠷᠴᠢᠮ ᠵᠢᠨᠨ ᠴᠢᠩᠭ᠋ᠠᠷᠠᠭᠤᠯᠵᠤ ᠂  ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠰᠠᠬᠢᠯᠭ᠎ᠠ ᠪᠠᠲᠤ ᠵᠢ ᠮᠡᠳᠡᠭᠦᠯᠵᠦ ᠰᠠᠬᠢᠯᠭ᠎ᠠ ᠪᠠᠲᠤ ᠵᠢ ᠣᠢ᠌ᠯᠠᠭ᠋ᠠᠭᠤᠯᠵᠤ ᠰᠠᠬᠢᠯᠭ᠎ᠠ ᠪᠠᠲᠤ ᠵᠢ ᠰᠠᠬᠢᠭᠤᠯᠬᠤ ᠬᠡᠷᠡᠭᠲᠡᠢ ᠃  ᠲᠣᠭᠲᠠᠭ᠋ᠠᠯ᠎ᠠᠴᠠ  ᠵᠥᠷᠢᠴᠡᠨ ᠢᠳᠡᠵᠦ ᠤᠤᠭᠤᠬᠤ ᠵᠢᠨ ᠵᠠᠭ᠋ᠠᠭ ᠬᠢᠵᠠᠭ᠋ᠠᠷ᠎ᠢ ᠰᠠᠢ᠌ᠲᠤᠷ ᠡᠵᠡᠮᠳᠡᠵᠦ ᠂  ᠲᠥᠪᠯᠡᠷᠡᠭᠦᠯᠦᠨ ᠴᠡᠭᠴᠡᠯᠡᠨ ᠵᠠᠰᠠᠬᠤ ᠵᠢ ᠣᠨᠣᠴᠠᠲᠠᠢ ᠥᠷᠨᠢᠭᠦᠯᠬᠦ ᠬᠡᠷᠡᠭᠲᠡᠢ ᠃  ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠨᠠᠢ᠌ᠳᠠᠪᠤᠷᠢᠵᠢᠭᠤᠯᠵᠤ ᠂  ᠳᠠᠷᠤᠯᠲᠠ ᠵᠢ ᠦᠨᠡᠨ ᠬᠦ᠌ ᠳᠣᠷᠣᠭᠰᠢ ᠳᠠᠮᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃

   ᠬᠤᠷᠠᠯ᠎ᠠᠴᠠ  ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ᠎ᠠᠴᠠ  ᠵᠠᠷᠯᠠᠨ ᠨᠡᠢ᠌ᠲᠡᠯᠡᠭᠰᠡᠨ ᠮᠠᠨ᠎ᠤ ᠣᠷᠣᠨ᠎ᠤ ᠦᠬᠠᠢ ᠬᠣᠲᠠ ᠵᠢᠨ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠠᠰᠠᠭᠤᠳᠠᠯ᠎ᠤᠨ ᠲᠣᠪᠣᠢ᠌ᠮ᠎ᠠ ᠨᠡᠢ᠌ᠲᠡᠯᠢᠭ ᠬᠡᠷᠡᠭ᠎ᠢ ᠴᠡᠭᠴᠡᠯᠡᠨ ᠰᠠᠢ᠌ᠵᠢᠷᠠᠭᠤᠯᠤᠭᠰᠠᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ ᠂  ᠭᠦᠨᠵᠡᠭᠡᠢ ᠲᠤᠩᠭ᠋ᠠᠨ ᠰᠡᠳᠬᠢᠵᠦ ᠰᠡᠷᠡᠮᠵᠢᠭᠦᠯᠦᠯ ᠣᠯᠵᠤ ᠂  ᠵᠣᠷᠢᠭᠲᠠᠢ᠎ᠪᠠᠷ ᠬᠠᠲᠠᠭᠤ᠎ᠲᠠᠢ᠎ᠨᠢ ᠬᠠᠯᠳᠠᠵᠤ ᠂ ᠦᠩᠭᠡᠨ  ᠲᠠᠯ᠎ᠠ ᠪᠠ ᠦᠨᠳᠦᠰᠦ᠎ᠠᠴᠠ᠎ᠨᠢ ᠵᠠᠰᠠᠬᠤ ᠠᠷᠭ᠎ᠠ ᠬᠡᠮᠵᠢᠶ᠎ᠡ ᠠᠪᠴᠤ ᠂  ᠦᠬᠠᠢ ᠵᠢᠴᠢ ᠲᠡᠭᠦᠨ᠎ᠤ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠢ ᠦᠨᠡᠨ ᠬᠦ᠌ ᠰᠠᠢ᠌ᠲᠤᠷ ᠠᠳᠬᠤᠬᠤ ᠬᠡᠷᠡᠭᠲᠡᠢ ᠃  ᠶᠡᠷᠦᠩᠬᠡᠢ᠌ᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ  ᠴᠢᠩᠭ᠋ᠠᠳᠬᠠᠵᠤ ᠂  ᠲᠦᠷᠦᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠬᠤ ᠂  ᠠᠵᠤ ᠦᠢ᠍ᠯᠡᠰ᠎ᠤᠨ ᠪᠦᠲᠦᠴᠡ᠎ᠳᠤ  ᠲᠣᠬᠢᠷᠠᠭᠤᠯᠤᠯᠲᠠ ᠬᠢᠬᠦ ᠂  ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠴᠡᠭᠴᠡᠯᠡᠨ ᠵᠠᠰᠠᠬᠤ ᠂  ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠂  ᠺᠠᠳ᠋ᠷ᠎ᠤᠨ ᠰᠤᠷᠲᠠᠯ᠎ᠢ ᠰᠠᠢ᠌ᠵᠢᠷᠠᠭᠤᠯᠬᠤ ᠵᠡᠷᠭᠡ ᠲᠠᠯ᠎ᠠ᠎ᠪᠠᠷ ᠬᠠᠮᠵᠢᠯᠴᠠᠨ ᠬᠦᠴᠦᠯᠡᠵᠦ ᠂  ᠡᠨᠡ ᠬᠦ᠌ 《  ᠬᠠᠭᠤᠴᠢᠨ ᠬᠦᠴᠢᠷ ᠠᠰᠠᠭᠤᠳᠠᠯ 》᠎ᠢ  ᠦᠨᠳᠦᠰᠦᠨ᠎ᠠᠴᠠ᠎ᠨᠢ ᠲᠤᠢ᠌ᠯᠪᠤᠷᠢᠲᠠᠢ ᠰᠢᠢ᠍ᠳᠪᠦᠷᠢᠯᠡᠬᠦ᠎ᠪᠠᠷ ᠴᠢᠷᠮᠠᠢ᠌ᠬᠤ ᠬᠡᠷᠡᠭᠲᠡᠢ ᠃  ᠲᠥᠪ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭ᠋ᠠᠵᠤ ᠂  ᠠᠵᠢᠯ ᠬᠢᠬᠦ ᠦᠭᠡᠢ ᠂  ᠤᠳᠠᠭ᠋ᠠᠨ ᠬᠢᠬᠦ ᠵᠢᠴᠢ ᠬᠤᠳᠠᠯ ᠬᠡᠯᠡᠵᠦ ᠬᠠᠭᠤᠷᠮᠠᠭᠯᠠᠨ ᠦᠢ᠍ᠯᠡᠳᠬᠦ ᠵᠢ  ᠴᠢᠩᠭ᠎ᠠ ᠵᠠᠯᠬᠠᠭ᠋ᠠᠨ ᠰᠢᠢ᠍ᠳᠬᠡᠵᠦ ᠂  ᠶᠠᠭ᠋ᠠᠬᠢᠭᠰᠠᠨ ᠴᠤ᠌ ᠢᠯᠳᠠᠷ ᠬᠠᠶᠠᠵᠤ ᠪᠤᠯᠬᠤ ᠦᠭᠡᠢ ᠭᠡᠵᠦ ᠴᠢᠬᠤᠯᠠᠴᠢᠯᠠᠵᠠᠢ ᠃

   ᠬᠤᠷᠠᠯ᠎ᠠᠴᠠ  ᠪᠠᠰᠠ ᠪᠤᠰᠤᠳ ᠵᠦᠢ᠍ᠯ᠎ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠪᠤᠭᠤᠲᠤ ᠬᠤᠲᠠ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ 《ᠬᠠᠮᠤᠭ᠎ᠤᠨ ᠪᠠᠭ᠎ᠠ ᠨᠢᠭᠡᠴᠢ》᠎ᠠᠴᠠ ᠭᠠᠷᠳᠠᠵᠤ ᠦᠨᠳᠦᠰᠦᠨ ᠱᠠᠲᠤᠨ᠎ᠤ ᠤᠰᠤᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ᠎ᠪᠠᠷ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠶ᠋ᠢᠴᠢᠯᠠᠵᠦ ᠪᠠᠶ᠋ᠢᠨ᠎ᠠ
2025 ᠣᠨ᠎ᠤ ᠥᠪᠥᠷ ᠮᠣᠩᠭᠣᠯ᠎ᠤᠨ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠣᠷᠣᠬ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠵᠠᠭ᠋ᠠᠷᠯᠠᠬᠤ ᠬᠤᠪᠢ ᠵᠢ ᠨᠡᠢ᠌ᠲᠡᠯᠡᠪᠡ ᠹᠢᠽᠢᠺ᠎ᠤᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 375 ᠲᠡᠦᠬᠡ ᠵᠢᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 418
ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠰᠢᠰᠲᠸᠮ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠭᠦ ᠬᠥᠮᠦᠵᠢᠯ᠎ᠤᠨ ᠬᠤᠷᠠᠯ ᠬᠤᠷᠠᠯᠳᠤᠵᠠᠢ ᠶᠣᠣ ᠶᠦᠩ ᠪᠦᠸᠸ ᠶᠠᠷᠢᠶ᠎ᠠ ᠲᠠᠯᠪᠢᠪᠠ
ᠴᠤᠤᠯ ᠭᠤᠣᠯ᠎ᠤᠨ ᠤᠰᠤᠨ ᠠᠰᠢᠭᠯᠠᠯᠲᠠ ᠵᠢᠨ ᠬᠦᠢ᠍ᠰᠦ ᠵᠢᠨ ᠳᠣᠣᠷᠠᠳᠤ ᠤᠷᠤᠰᠬᠠᠯ᠎ᠤᠨ ᠥᠪᠥᠷ ᠮᠣᠩᠭᠤᠯ᠎ᠤᠨ ᠤᠰᠤᠯᠠᠯᠲᠠ ᠵᠢᠨ ᠣᠷᠣᠨ᠎ᠤ ᠢᠨᠵᠸᠨ᠋ᠸᠷᠢᠩ ᠪᠠᠷᠢᠯᠭ᠎ᠠ ᠳᠠᠭᠤᠰᠴᠦ ᠰᠢᠯᠭ᠋ᠠᠨ ᠬᠤᠷᠢᠶᠠᠪᠠ
2025 ᠣᠨ᠎ᠳᠤ ᠬᠠᠲᠤᠨ ᠭᠣᠣᠯ᠎ᠤᠨ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠠᠵᠢᠯ ᠲᠡᠭᠦᠰ ᠠᠮᠵᠢᠯᠲᠠ᠎ᠲᠠᠢ ᠲᠡᠭᠦᠰᠪᠡ ᠬᠦᠮᠦᠷᠭᠡ᠎ᠶ᠋ᠢ ᠶᠡᠭᠦᠯᠡᠵᠦ᠍ ᠦᠶᠡᠷ᠎ᠢ ᠤᠭᠲᠤᠬᠤ ᠤᠰᠤᠨ ᠴᠥᠭᠥᠷᠥᠮ᠎ᠦᠨ ᠡᠯᠡᠰᠦ᠎ᠶᠢ ᠭᠠᠳᠠᠭᠰᠢᠯᠠᠭᠤᠯᠵᠤ ᠠᠮᠢ ᠠᠬᠤᠢ᠎ᠪᠠᠷ ᠤᠰᠤ ᠨᠥᠬᠥᠪᠦᠷᠢᠯᠡᠬᠦ ᠵᠡᠷᠭᠡ ᠣᠯᠠᠨ ᠲᠠᠯ᠎ᠠ᠎ᠪᠠᠷ ᠠᠰᠢᠭ᠋ ᠭᠥᠷᠳᠡᠬᠦ ᠬᠠᠷᠠᠯᠲᠠ᠎ᠶᠢ ᠪᠡᠶᠡᠯᠡᠭᠦᠯᠪᠡ
 
            