ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠪᠤᠭᠤᠲᠤ ᠬᠤᠲᠠ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ 《ᠬᠠᠮᠤᠭ᠎ᠤᠨ ᠪᠠᠭ᠎ᠠ ᠨᠢᠭᠡᠴᠢ》᠎ᠠᠴᠠ ᠭᠠᠷᠳᠠᠵᠤ ᠦᠨᠳᠦᠰᠦᠨ ᠱᠠᠲᠤᠨ᠎ᠤ ᠤᠰᠤᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ᠎ᠪᠠᠷ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠶ᠋ᠢᠴᠢᠯᠠᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2025-06-28

   ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ ᠬᠠᠮᠤᠭ᠎ᠤᠨ ᠪᠠᠭ᠎ᠠ ᠨᠢᠭᠡᠴᠢ ᠵᠢᠨ ᠬᠥᠳᠡᠭᠡ ᠲᠣᠰᠬᠤᠨ᠎ᠤ ᠤᠰᠤ ᠬᠡᠷᠡᠭᠯᠡᠬᠦ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ᠎ᠠᠴᠠ ᠭᠠᠷᠳᠠᠵᠤ᠂  ᠲᠠᠷᠢᠶᠠᠯᠠᠩ᠎ᠤᠨ ᠤᠰᠤ ᠬᠡᠷᠡᠭᠯᠡᠬᠦ ᠵᠢ ᠨᠠᠷᠢᠯᠢᠭᠵᠢᠭᠤᠯᠤᠨ ᠬᠠᠮᠢᠶᠠᠷᠬᠤ ᠬᠢᠷᠢ ᠲᠦᠪᠰᠢᠨ᠎ᠢ ᠳᠡᠭᠡᠭᠰᠢᠯᠡᠭᠦᠯᠬᠦ — ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠤᠲᠠ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠰᠢᠨ᠎ᠡ ᠵᠢ ᠡᠭᠦᠳᠬᠦ ᠵᠠᠮ ᠵᠶ᠋ᠠᠷ ᠵᠠᠮᠨᠠᠪᠠ᠃

  2024 ᠣᠨ᠎ᠳᠤ᠂  ᠪᠤᠭᠤᠲᠤ ᠬᠤᠲᠠ ᠵᠢᠨ ᠵᠢᠥ ᠶᠤᠸᠠᠨ ᠲᠣᠭᠤᠷᠢᠭ᠎ᠤᠨ ᠰᠠᠨ ᠬᠤ᠌ ᠾᠧ ᠤᠰᠤᠯᠠᠯᠲᠠ ᠵᠢᠨ ᠣᠷᠣᠨ᠎ᠤ ᠤᠰᠤᠯᠠᠯᠲᠠ ᠵᠢᠨ ᠣᠷᠣᠨ᠎ᠤ ᠳᠣᠲᠣᠷᠠᠬᠢ ᠬᠣᠷᠢᠨᠭᠡᠷ ᠪᠠᠯᠭ᠋ᠠᠰᠤ ᠪᠣᠯᠤᠨ ᠬᠤᠶᠠᠷ ᠬᠤᠳᠳᠤᠭ ᠪᠠᠯᠭ᠋ᠠᠰᠤ᠎ᠪᠠᠷ ᠲᠤᠷᠰᠢᠯᠲᠠ ᠵᠢᠨ ᠴᠡᠭ ᠪᠣᠯᠭ᠋ᠠᠵᠤ᠂  ᠬᠥᠳᠡᠭᠡ ᠲᠣᠰᠬᠤᠨ᠎ᠤ ᠤᠰᠤ ᠬᠡᠷᠡᠭᠯᠡᠬᠦ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠢ ᠵᠣᠬᠢᠶᠠᠨ ᠪᠠᠶ᠋ᠢᠭᠤᠯᠬᠤ ᠠᠵᠢᠯ᠎ᠢ ᠥᠷᠨᠢᠭᠦᠯᠬᠦ ᠵᠢᠨ ᠬᠠᠮᠲᠤ ᠤᠰᠤ ᠠᠷᠪᠢᠯᠠᠬᠤ ᠱᠠᠩᠨᠠᠯ ᠨᠥᠬᠦᠪᠥᠷᠢ᠎ᠪᠠᠷ ᠬᠥᠰᠢᠭᠦᠷᠭᠡ ᠪᠣᠯᠭ᠋ᠠᠵᠤ᠂  ᠤᠰᠤᠯᠠᠯᠲᠠ ᠵᠢᠨ ᠤᠰᠤ ᠬᠡᠷᠡᠭᠯᠡᠬᠦ ᠵᠢ ᠵᠢᠷᠤᠮᠵᠢᠭᠤᠯᠤᠨ ᠬᠠᠮᠢᠶᠠᠷᠬᠤ ᠵᠢ ᠠᠬᠢᠭᠤᠯᠵᠤ᠂  ᠲᠣᠰᠬᠤᠨ᠎ᠤ ᠠᠷᠠᠳ᠎ᠤᠨ ᠤᠰᠤ ᠬᠡᠷᠡᠭᠯᠡᠬᠦ ᠬᠤᠭᠤᠯᠠᠢ ᠤᠰᠤ ᠵᠢ ᠥᠪᠡᠷᠲᠡᠭᠡᠨ ᠵᠠᠰᠠᠬᠤ᠎ᠳᠤ ᠬᠦᠴᠦᠨ ᠨᠡᠮᠡᠷᠢᠯᠡᠵᠦ᠂  ᠲᠠᠷᠢᠶᠠᠯᠠᠩ᠎ᠤᠨ ᠤᠰᠤ ᠠᠷᠪᠢᠯᠠᠬᠤ ᠤᠨᠠᠯᠲᠠ ᠵᠢ ᠨᠡᠮᠡᠭᠳᠡᠭᠦᠯᠬᠦ ᠵᠢ ᠠᠬᠢᠭᠤᠯᠪᠠ᠃

   ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠬᠡᠯᠪᠡᠷᠢ ᠵᠢᠨ ᠰᠢᠨ᠎ᠡ ᠵᠢ ᠡᠭᠦᠳᠦᠨ᠎ᠡ

   ᠣᠷᠳᠣ ᠬᠤᠭᠤᠴᠠᠭ᠋ᠠᠨ᠎ᠤ ᠲᠤᠷᠰᠢ᠂  ᠰᠠᠨ ᠬᠤ᠌ ᠾᠧ ᠤᠰᠤᠯᠠᠯᠲᠠ ᠵᠢᠨ ᠣᠷᠣᠨ᠎ᠤ ᠭᠤᠤᠯᠯᠠᠭᠴᠢ ᠠᠷᠭ᠎ᠠ ᠵᠠᠮ᠎ᠠᠴᠠ ᠳᠡᠭᠡᠭᠰᠢᠬᠢ ᠬᠡᠰᠡᠭ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠭᠤᠤᠯ ᠴᠣᠭᠴᠠ ᠪᠣᠯ ᠰᠠᠨ ᠬᠤ᠌ ᠾᠧ ᠤᠰᠤᠯᠠᠯᠲᠠ ᠵᠢᠨ ᠣᠷᠣᠨ᠎ᠤ ᠬᠠᠮᠢᠶᠠᠷᠴᠤ ᠬᠠᠮᠠᠭ᠋ᠠᠯᠠᠬᠤ ᠲᠥᠪ ᠪᠠᠶ᠋ᠢᠵᠤ᠂  ᠭᠤᠤᠯᠯᠠᠭᠴᠢ ᠠᠷᠭ᠎ᠠ ᠵᠠᠮ᠎ᠠᠴᠠ ᠳᠣᠷᠣᠭᠰᠢᠬᠢ ᠠᠵᠢᠯᠯᠠᠭ᠋ᠠᠨ᠎ᠤ ᠬᠠᠮᠢᠶᠠᠷᠤᠯᠲᠠ ᠵᠢ ᠭᠠᠴᠠᠭ᠋ᠠᠨ᠎ᠤ ᠠᠷᠠᠳ᠎ᠤᠨ ᠵᠥᠪᠯᠡᠯ᠎ᠠᠴᠠ ᠬᠠᠷᠢᠭᠤᠴᠠᠵᠤ᠂  ᠶᠡᠷᠦ᠎ᠳᠡᠭᠡᠨ ᠤᠰᠤᠨ᠎ᠤ ᠬᠠᠮᠢᠶᠠᠷᠤᠭᠴᠢ᠎ᠳᠤ ᠨᠠᠶ᠋ᠢᠳᠠᠵᠤ ᠪᠣᠳᠠᠲᠠᠶ ᠬᠠᠮᠢᠶᠠᠷᠤᠨ ᠬᠠᠮᠠᠭ᠋ᠠᠯᠠᠵᠤ᠂  ᠤᠰᠤ ᠬᠡᠷᠡᠭᠯᠡᠬᠦ ᠬᠠᠮᠢᠶᠠᠷᠤᠯᠲᠠ ᠨᠡᠯᠢᠶᠡᠳ ᠪᠦᠳᠦᠭᠦᠯᠢᠭ᠂  ᠤᠰᠤᠨ᠎ᠤ ᠰᠦᠢ᠍ᠳᠬᠡᠯ ᠬᠤᠷᠢᠶᠠᠬᠤ ᠨᠣᠷᠮ᠎ᠠ ᠨᠡᠯᠢᠶᠡᠳ ᠳᠣᠤᠷ᠎ᠠ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃  ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂  ᠵᠢᠥ ᠶᠤᠸᠠᠨ ᠲᠣᠭᠤᠷᠢᠭ᠎ᠤᠨ᠎ᠬᠢᠨ ᠬᠤᠶᠠᠷ ᠬᠤᠳᠳᠤᠭ ᠪᠠᠯᠭ᠋ᠠᠰᠤᠨ᠎ᠳᠤ ᠲᠣᠰᠬᠤᠨ ᠵᠶ᠋ᠠᠷ ᠨᠢᠭᠡᠴᠢ ᠪᠣᠯᠭ᠋ᠠᠨ ᠲᠣᠰᠬᠤᠨ᠎ᠤ ᠱᠠᠲᠤᠨ᠎ᠤ ᠤᠰᠤ ᠬᠡᠷᠡᠭᠯᠡᠬᠦ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠵᠤ᠂  ᠬᠤᠷᠢᠨᠭᠡᠷ ᠪᠠᠯᠭ᠋ᠠᠰᠤᠨ᠎ᠳᠤ ᠺᠣᠮᠫᠠᠨᠢᠴᠢᠯᠠᠭᠰᠠᠨ ᠡᠵᠡᠩᠨᠡᠯᠲᠡ ᠵᠢᠨ ᠬᠡᠯᠪᠡᠷᠢ ᠵᠢ ᠠᠪᠴᠤ᠂  ᠤᠰᠤ ᠬᠡᠷᠡᠭᠯᠡᠬᠦ ᠬᠠᠮᠢᠶᠠᠷᠤᠯᠲᠠ ᠵᠢᠨ ᠬᠦᠴᠢᠷᠳᠡᠯ᠎ᠢ ᠰᠢᠢ᠍ᠳᠪᠦᠷᠢᠯᠡᠪᠡ᠃

   ᠬᠤᠶᠠᠷ ᠬᠤᠳᠳᠤᠭ ᠪᠠᠯᠭ᠋ᠠᠰᠤᠨ᠎ᠤ ᠮᠢᠨ ᠱᠧᠩ ᠲᠣᠰᠬᠤᠨ᠎ᠤ ᠬᠠᠷᠢᠶᠠᠨ᠎ᠳᠤ 9 ᠳᠤᠭᠤᠶ᠋ᠢᠯᠠᠩ ᠪᠠᠭᠲᠠᠵᠤ᠂  ᠤᠰᠤᠯᠠᠯᠲᠠ ᠵᠢᠨ ᠣᠷᠣᠨ᠎ᠤ ᠲᠠᠯᠠᠪᠠᠢ᠎ᠨᠢ 1.6 ᠲᠦᠮᠡᠨ ᠮᠦ᠍᠎ᠳᠤ ᠬᠦᠷᠴᠡᠢ᠃ 2024 ᠣᠨ᠎ᠳᠤ᠂  ᠵᠢᠥ ᠶᠤᠸᠠᠨ ᠲᠣᠭᠤᠷᠢᠭ᠎ᠤᠨ᠎ᠬᠢᠨ ᠮᠢᠨ ᠱᠧᠩ ᠲᠣᠰᠬᠤᠨ᠎ᠢ ᠬᠦᠳᠦᠯᠦᠨ ᠵᠢᠯᠣᠭᠤᠳᠴᠤ ᠲᠣᠰᠬᠤᠨ᠎ᠤ ᠲᠠᠷᠢᠶᠠᠯᠠᠩ᠎ᠤᠨ ᠤᠰᠤᠯᠠᠯᠲᠠ ᠵᠢᠨ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠲᠤᠷᠰᠢᠯᠲᠠ ᠵᠢᠨ ᠴᠡᠭ ᠵᠶ᠋ᠠᠷ ᠵᠣᠬᠢᠶᠠᠨ ᠪᠠᠶ᠋ᠢᠭᠤᠯᠵᠤ᠂  ᠲᠣᠰᠬᠤᠨ᠎ᠤ ᠨᠠᠮ᠎ᠤᠨ ᠡᠭᠦᠷ᠎ᠤᠨ ᠱᠦᠵᠢ᠂  ᠲᠣᠰᠬᠤᠨ᠎ᠤ ᠳᠤᠭᠤᠶ᠋ᠢᠯᠠᠩ᠎ᠤᠨ ᠡᠷᠬᠢᠯᠡᠭᠴᠢ ᠪᠣᠯᠤᠨ ᠲᠣᠰᠬᠤᠨ᠎ᠤ ᠱᠠᠲᠤᠨ᠎ᠤ ᠤᠰᠤᠨ᠎ᠤ ᠬᠠᠮᠢᠶᠠᠷᠤᠭᠴᠢ᠎ᠪᠠᠷ ᠪᠣᠷᠣ ᠲᠥᠯᠥᠪ ᠪᠣᠯᠭ᠋ᠠᠭᠰᠠᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠵᠤ᠂  ᠤᠰᠤᠯᠠᠯᠲᠠ ᠵᠢᠨ ᠲᠠᠯᠠᠪᠠᠢ ᠵᠢᠴᠢ ᠲᠠᠷᠢᠮᠠᠯ᠎ᠤᠨ ᠪᠦᠲᠦᠴᠡ ᠵᠢ ᠪᠦᠷᠢᠳᠬᠡᠬᠦ ᠵᠢ ᠬᠠᠷᠢᠭᠤᠴᠠᠵᠤ᠂  ᠣᠨ᠎ᠤ ᠤᠰᠤᠯᠠᠯᠲᠠ ᠵᠢᠨ ᠤᠰᠤ ᠬᠡᠷᠡᠭᠯᠡᠬᠦ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠵᠤ ᠳᠡᠭᠡᠭᠰᠢ ᠮᠡᠳᠡᠭᠦᠯᠵᠦ᠂  ᠤᠰᠤ ᠬᠡᠷᠡᠭᠯᠡᠬᠦ ᠵᠥᠷᠢᠴᠡᠯ᠎ᠢ ᠵᠣᠬᠢᠴᠠᠭᠤᠯᠵᠤ᠂  ᠢᠨᠵᠸᠨ᠋ᠸᠷᠢᠩ᠎ᠢ ᠲᠣᠭᠤᠷᠢᠨ ᠪᠠᠶ᠋ᠢᠴᠠᠭ᠋ᠠᠵᠤ ᠬᠠᠮᠠᠭ᠋ᠠᠯᠠᠬᠤ ᠠᠵᠢᠯ᠎ᠢ ᠴᠠᠭ ᠲᠤᠬᠠᠢ᠎ᠳᠤᠨᠢ ᠥᠷᠨᠢᠭᠦᠯᠪᠡ᠃

   ᠬᠤᠷᠢᠨᠭᠡᠷ ᠪᠠᠯᠭ᠋ᠠᠰᠤ ᠺᠣᠮᠫᠠᠨᠢᠴᠢᠯᠠᠭᠰᠠᠨ ᠡᠵᠡᠩᠨᠡᠯᠲᠡ ᠵᠢᠨ ᠠᠷᠭ᠎ᠠ ᠬᠡᠯᠪᠡᠷᠢ ᠵᠢ ᠠᠪᠴᠤ᠂  ᠥᠪᠥᠷ ᠮᠣᠩᠭᠤᠯ᠎ᠤᠨ ᠯᠢᠨ ᠴᠦᠨ ᠪᠠᠷᠢᠯᠭ᠎ᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠎ᠳᠤ ᠲᠦᠰᠢᠭᠯᠡᠨ᠂  ᠴᠤᠷ ᠪᠤᠲᠠ ᠲᠣᠰᠬᠤᠨ᠂  ᠳ᠋ᠤᠸᠠᠨ ᠰᠧ ᠭᠧ ᠳ᠋ᠦ᠋ ᠲᠣᠰᠬᠤᠨ᠂  ᠳᠦᠭᠦᠮ ᠨᠠᠭᠤᠷ᠂  ᠱᠠᠨ ᠶᠠᠩ ᠭᠧ ᠳ᠋ᠦ᠋ ᠲᠣᠰᠬᠤᠨ ᠵᠡᠷᠭᠡ 4 ᠲᠣᠰᠬᠤᠨ᠎ᠳᠤ ᠲᠠᠷᠢᠶᠠᠯᠠᠩ᠎ᠤᠨ ᠤᠰᠤᠯᠠᠯᠲᠠ ᠵᠢᠨ ᠵᠢᠷᠤᠮᠵᠢᠭᠰᠠᠨ ᠬᠠᠮᠢᠶᠠᠷᠤᠯᠲᠠ ᠵᠢ ᠳᠡᠯᠭᠡᠷᠡᠭᠦᠯᠵᠦ᠂  ᠤᠰᠤᠯᠠᠯᠲᠠ ᠵᠢᠨ ᠲᠠᠯᠠᠪᠠᠢ᠎ᠨᠢ 2.4 ᠲᠦᠮᠡᠨ ᠮᠦ᠍᠎ᠳᠤ ᠬᠤᠯᠪᠣᠭᠳᠠᠨ᠎ᠠ᠃  ᠺᠣᠮᠫᠠᠨᠢ᠎ᠨᠢ ᠲᠦᠷᠢᠮ᠎ᠤᠨ ᠲᠠᠯ᠎ᠠ᠎ᠪᠠᠷ ᠬᠠᠮᠢᠶᠠᠷᠤᠯᠲᠠ ᠵᠢᠨ ᠠᠵᠢᠯᠲᠠᠨ᠎ᠤ ᠪᠦᠲᠦᠴᠡ ᠵᠢᠴᠢ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂  ᠤᠰᠤᠯᠠᠯᠲᠠ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠂  ᠲᠤᠬᠠᠶ ᠵᠢᠨ ᠭᠠᠵᠠᠷ᠎ᠠᠴᠠ ᠠᠵᠢᠯ᠎ᠤᠨ ᠲᠤᠷᠰᠢᠯᠭ᠎ᠠ᠎ᠪᠠᠷ ᠪᠠᠶᠠᠯᠢᠭ᠂  ᠣᠯᠠᠨ ᠲᠦᠮᠡᠨ᠎ᠤ ᠰᠠᠭᠤᠷᠢ᠎ᠪᠠᠷ ᠪᠠᠲᠤ ᠪᠠᠬᠢ ᠲᠦᠭᠦᠬᠡᠶ ᠤᠰᠤᠨ᠎ᠤ ᠬᠠᠮᠢᠶᠠᠷᠤᠭᠴᠢ ᠵᠢ ᠰᠣᠩᠭᠤᠨ ᠤᠰᠤᠨ᠎ᠤ ᠰᠦᠢ᠍ᠳᠬᠡᠯ᠎ᠢ ᠪᠤᠳᠤᠵᠤ ᠬᠤᠷᠢᠶᠠᠬᠤ ᠵᠢᠴᠢ ᠤᠰᠤ ᠲᠠᠯᠪᠢᠬᠤ ᠠᠵᠢᠯ᠎ᠢ ᠬᠠᠷᠢᠭᠤᠴᠠᠭᠤᠯᠪᠠ᠃  ᠺᠣᠮᠫᠠᠨᠢ ᠵᠢᠨ ᠬᠠᠷᠢᠭᠤᠴᠠᠯᠭ᠋ᠠᠲᠠᠨ ᠳ᠋ᠧᠦ ᠴᠧᠩ ᠯᠢᠨ ᠬᠡᠯᠡᠭᠰᠡᠨ᠎ᠨᠢ᠄ 《ᠥᠩᠭᠡᠷᠡᠭᠰᠡᠨ᠎ᠳᠤ ᠬᠠᠮᠢᠶᠠᠷᠤᠯᠲᠠ ᠡᠮᠬᠢ ᠵᠠᠮᠪᠠᠷᠠᠭ᠎ᠠ ᠦᠭᠡᠢ᠂  ᠤᠴᠢᠷ᠎ᠨᠢ ᠨᠢᠭᠡᠳᠦᠯᠲᠡᠶ ᠬᠠᠮᠢᠶᠠᠷᠤᠯᠲᠠ ᠵᠢᠨ ᠰᠠᠯᠠᠭ᠎ᠠ ᠮᠥᠴᠢᠷ ᠳᠤᠲᠠᠭᠳᠠᠵᠤ ᠪᠠᠶ᠋ᠢᠵᠠᠶ᠂  ᠤᠰᠤᠯᠠᠯᠲᠠ ᠵᠢᠨ ᠬᠤᠭᠤᠴᠠᠭ᠋ᠠᠨ᠎ᠳᠤ ᠲᠣᠰᠬᠤᠨ᠎ᠤ ᠠᠷᠠᠳ᠎ᠤᠨ ᠤᠰᠤ ᠬᠡᠷᠡᠭᠯᠡᠬᠦ ᠵᠥᠷᠢᠴᠡᠯ ᠶᠡᠭᠡ ᠪᠠᠢ᠌ᠵᠠᠢ᠃  ᠣᠳᠣ ᠪᠢᠳᠡ ᠪᠣᠯ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠨᠢᠭᠡᠴᠢ ᠪᠣᠯᠤᠨ ᠲᠣᠰᠬᠤᠨ᠎ᠤ ᠠᠷᠠᠳ᠎ᠤᠨ ᠬᠤᠭᠤᠷᠣᠨᠳᠣᠬᠢ 〈ᠭᠤᠯᠭᠤᠭᠤᠷ ᠡᠳ᠋〉᠂  ᠨᠢᠭᠡ ᠲᠠᠯ᠎ᠠ᠎ᠪᠠᠷ ᠡᠮᠬᠢ ᠵᠢᠷᠤᠮ᠎ᠲᠠᠢ ᠤᠰᠤᠯᠠᠬᠤ ᠵᠢ ᠦᠨᠡᠨ ᠬᠦ᠌ ᠪᠠᠲᠤᠯᠠᠵᠤ᠂  ᠨᠥᠭᠦᠭᠡ ᠲᠠᠯ᠎ᠠ᠎ᠪᠠᠷ ᠤᠰᠤᠨ᠎ᠤ ᠰᠦᠢ᠍ᠳᠬᠡᠯ᠎ᠢ ᠪᠦᠷᠢᠨ ᠬᠤᠷᠢᠶᠠᠨ᠎ᠠ᠃

   ᠱᠠᠩᠨᠠᠯ ᠵᠶ᠋ᠠᠷ ᠤᠰᠤ ᠠᠷᠪᠢᠯᠠᠬᠤ ᠵᠢ ᠳᠠᠢ᠌ᠴᠢᠯᠠᠨ᠎ᠠ

  2024 ᠣᠨ᠎ᠳᠤ᠂  ᠵᠢᠥ ᠶᠤᠸᠠᠨ ᠲᠣᠭᠤᠷᠢᠭ᠎ᠤᠨ᠎ᠬᠢᠨ ᠮᠦ᠍ ᠪᠦᠷᠢ᠎ᠳᠤ 80 ᠲᠥᠭᠦᠷᠢᠭ᠎ᠤᠨ ᠱᠠᠩᠨᠠᠵᠤ ᠨᠥᠬᠦᠪᠥᠷᠢᠯᠡᠬᠦ ᠪᠠᠷᠢᠮᠵᠢᠶ᠎ᠠ᠎ᠪᠠᠷ ᠮᠢᠨ ᠱᠧᠩ ᠲᠣᠰᠬᠤᠨ᠎ᠤ ᠠᠷᠠᠳ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠳᠤᠰᠤᠯᠭ᠋ᠠᠨ ᠤᠰᠤᠯᠠᠬᠤ ᠲᠥᠬᠦᠭᠡᠷᠦᠮᠵᠢ ᠵᠢ 0.75 ᠲᠦᠮᠡᠨ ᠮᠥ᠍ ᠪᠥᠲᠥᠭᠡᠨ ᠪᠠᠶ᠋ᠢᠭᠤᠯᠬᠤ ᠵᠢᠨ ᠬᠠᠮᠲᠤ ᠲᠣᠰᠬᠤᠨ᠎ᠳᠤ 59.6 ᠲᠦᠮᠡᠨ ᠲᠥᠭᠦᠷᠢᠭ᠎ᠤᠨ ᠤᠰᠤ ᠠᠷᠪᠢᠯᠠᠬᠤ ᠢᠨᠵᠧᠨᠧᠷᠢᠩ᠎ᠤᠨ ᠱᠠᠩᠨᠠᠵᠤ ᠨᠥᠬᠦᠪᠥᠷᠢᠯᠡᠬᠦ ᠡᠳ᠋ ᠪᠣᠳᠠᠰ᠎ᠢ ᠣᠯᠭᠤᠵᠤ᠂  ᠲᠣᠰᠬᠤᠨ᠎ᠤ ᠠᠷᠠᠳ᠎ᠲᠤ ᠳᠤᠰᠤᠯᠭ᠋ᠠᠨ ᠤᠰᠤᠯᠠᠬᠤ ᠪᠦᠰᠡ᠂  ᠰᠢᠯᠵᠢᠮᠡᠯ ᠬᠡᠯᠪᠡᠷᠢ ᠵᠢᠨ ᠬᠠᠲᠤᠨ ᠭᠤᠤᠯ᠎ᠤᠨ ᠤᠰᠤ ᠵᠢ ᠰᠢᠭᠤᠳ ᠱᠦᠭᠦᠬᠦ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠤᠰᠤᠯᠠᠯᠲᠠ ᠵᠢᠨ ᠲᠥᠬᠦᠭᠡᠷᠦᠮᠵᠢ ᠵᠡᠷᠭᠡ ᠵᠢ ᠢᠵᠢ ᠪᠥᠷᠢᠳᠦᠭᠦᠯᠪᠡ᠃  ᠲᠡᠷᠢᠭᠦᠨ᠎ᠤ ᠤᠰᠤᠯᠠᠯᠲᠠ ᠵᠢᠨ ᠲᠥᠬᠦᠭᠡᠷᠦᠮᠵᠢ ᠵᠢ ᠬᠡᠷᠡᠭᠯᠡᠭᠰᠡᠨ᠎ᠤ ᠲᠠᠷᠠᠭ᠎ᠠ᠂  ᠬᠡᠷᠡᠭᠴᠡᠭᠡ ᠶᠣᠰᠣᠭ᠋ᠠᠷ ᠤᠰᠤᠯᠠᠬᠤ᠂  ᠤᠨᠢᠨ ᠳᠡᠭᠡᠷ᠎ᠡ᠎ᠨᠢ ᠪᠤᠷᠳᠤᠭᠤᠷ ᠣᠷᠣᠭᠤᠯᠬᠤ ᠵᠢ ᠪᠡᠶᠡᠯᠡᠭᠦᠯᠵᠦ᠂  ᠪᠤᠷᠳᠤᠭᠤᠷ ᠪᠠ ᠤᠰᠤᠯᠠᠯᠲᠠ᠎ᠳᠤ ᠬᠡᠷᠡᠭᠯᠡᠬᠦ ᠤᠰᠤ ᠵᠢ ᠠᠷᠪᠢᠯᠠᠭᠰᠠᠨ ᠵᠶ᠋ᠠᠷ ᠪᠠᠷᠠᠬᠤ ᠦᠭᠡᠢ ᠪᠠᠰᠠ ᠬᠥᠮᠦᠨ᠎ᠤ ᠬᠦᠴᠦᠨ᠎ᠤ ᠥᠪᠡᠷ᠎ᠤᠨ ᠦᠷᠳᠡᠭ᠎ᠢ ᠶᠡᠭᠡ ᠬᠡᠮᠵᠢᠶ᠎ᠡ᠎ᠪᠠᠷ ᠠᠷᠪᠢᠯᠠᠪᠠ᠃

  《ᠥᠩᠭᠡᠷᠡᠭᠰᠡᠨ᠎ᠳᠤ ᠪᠢᠳᠡ ᠵᠢᠯ ᠪᠦᠷᠢ ᠬᠣᠶᠠᠷ ᠭᠤᠷᠪᠠ ᠤᠳᠠᠭ᠎ᠠ ᠲᠠᠷᠢᠶ᠎ᠠ ᠤᠰᠤᠯᠠᠳᠠᠭ ᠪᠠᠢ᠌ᠵᠠᠢ᠂  ᠰᠤᠪᠠᠭ᠎ᠤᠨ ᠬᠠᠰᠢᠯᠭ᠎ᠠ᠎ᠳᠤ ᠰᠡᠲᠡᠷᠬᠡᠢ ᠵᠢ ᠨᠡᠭᠡᠭᠡᠪᠡᠯ ᠬᠠᠮᠢᠶᠠᠷᠬᠤ ᠦᠭᠡᠢ ᠪᠠᠢ᠌ᠳᠠᠭ᠂  ᠨᠢᠭᠡ ᠤᠳᠠᠭ᠎ᠠ ᠵᠢᠨ ᠤᠰᠤᠨ᠎ᠤ ᠬᠡᠮᠵᠢᠶ᠎ᠡ᠎ᠨᠢ 200 ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂  ᠮᠠᠰᠢ ᠤᠯᠠᠨ ᠤᠰᠤ ᠵᠢ ᠪᠦᠷ ᠰᠦᠢ᠍ᠳᠬᠡᠳᠡᠭ ᠪᠠᠢ᠌ᠵᠠᠢ᠃  ᠣᠳᠣ ᠳᠤᠰᠤᠯᠭ᠋ᠠᠨ ᠤᠰᠤᠯᠠᠬᠤ ᠪᠦᠰᠡ᠎ᠳᠤ ᠣᠷᠣᠵᠤ᠂  ᠰᠢᠭᠤᠳ ᠱᠦᠭᠦᠬᠦ ᠮᠠᠰᠢᠨ ᠬᠡᠷᠡᠭᠯᠡᠵᠦ᠂  ᠵᠢᠯ ᠪᠦᠷᠢ ᠲᠠᠪᠤ ᠵᠢᠷᠭᠤᠭ᠎ᠠ ᠤᠳᠠᠭ᠎ᠠ ᠤᠰᠤᠯᠠᠵᠤ᠂  ᠤᠳᠠᠭ᠎ᠠ ᠪᠦᠷᠢ ᠳᠥᠴᠢ ᠲᠠᠪᠢᠨ ᠪᠣᠰᠤᠭ᠎ᠠ ᠳᠥᠷᠪᠡᠯᠵᠢᠨ ᠮᠸᠲᠷ᠎ᠤᠨ ᠤᠰᠤ ᠬᠡᠷᠡᠭᠯᠡᠪᠡᠯ ᠬᠦᠷᠴᠢᠬᠡᠨ᠎ᠡ᠂  ᠪᠠᠭ᠎ᠠ ᠪᠤᠰᠤ ᠤᠰᠤ ᠵᠢ ᠠᠷᠪᠢᠯᠠᠪᠠ》 ᠭᠡᠵᠦ ᠬᠤᠶᠠᠷ ᠬᠤᠳᠳᠤᠭ ᠪᠠᠯᠭ᠋ᠠᠰᠤᠨ᠎ᠤ ᠮᠢᠨ ᠱᠧᠩ ᠲᠤᠰᠬᠤᠨ᠎ᠤ ᠺᠠᠳ᠋ᠷ ᠭᠦᠸᠧ ᠬᠤ᠌ ᠶᠦᠨ ᠬᠡᠯᠡᠪᠡ᠃

   ᠲᠣᠰᠬᠤᠨ᠎ᠤ ᠱᠠᠲᠤᠨ᠎ᠤ ᠤᠰᠤ ᠬᠡᠷᠡᠭᠯᠡᠬᠦ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠠᠮᠢᠶᠠᠷᠤᠯᠲᠠ ᠵᠢᠨ ᠳᠣᠤᠷ᠎ᠠ᠂  ᠤᠰᠤᠯᠠᠯᠲᠠ᠎ᠳᠤ ᠬᠡᠷᠡᠭᠯᠡᠬᠦ ᠤᠰᠤᠨ᠎ᠤ ᠬᠤᠷᠣᠭᠳᠠᠯ᠎ᠢ ᠶᠡᠭᠡ ᠬᠡᠮᠵᠢᠶ᠎ᠡ᠎ᠪᠠᠷ ᠪᠠᠭᠤᠷᠠᠭᠤᠯᠵᠤ᠂  ᠲᠣᠰᠬᠤᠨ᠎ᠤ ᠠᠷᠠᠳ᠎ᠤᠨ ᠤᠰᠤ ᠠᠷᠪᠢᠯᠠᠬᠤ ᠢᠳᠡᠪᠬᠢᠵᠢᠯ ᠴᠦ᠍ ᠢᠯᠡᠳᠲᠡ ᠳᠡᠭᠡᠭᠰᠢᠯᠡᠪᠡ᠃ 《ᠵᠢᠵᠢᠭ ᠱᠠᠩᠨᠠᠯ ᠨᠦᠬᠦᠪᠦᠷᠢ》 ᠬᠥᠰᠢᠭᠦᠷᠭᠡ᠂  ᠲᠠᠷᠢᠶᠠᠯᠠᠩ᠎ᠤᠨ ᠤᠰᠤᠯᠠᠯᠲᠠ ᠵᠢᠨ ᠤᠰᠤ ᠠᠷᠪᠢᠯᠠᠬᠤ ᠵᠢ ᠬᠥᠳᠡᠯᠭᠡᠵᠡᠢ᠃

   ᠵᠢᠥ ᠶᠤᠸᠠᠨ ᠲᠣᠭᠤᠷᠢᠭ ᠪᠣᠯ ᠪᠤᠭᠤᠲᠤ ᠬᠤᠳᠠ ᠵᠢᠨ ᠬᠥᠳᠡᠭᠡ ᠲᠣᠰᠬᠤᠨ᠎ᠤ ᠤᠰᠤ ᠬᠡᠷᠡᠭᠯᠡᠬᠦ ᠵᠢ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠠᠬᠢᠭᠤᠯᠤᠭᠰᠠᠨ ᠨᠡᠶ᠋ᠢᠲᠡᠯᠢᠭ ᠵᠢᠱ᠌ᠢᠶ᠎ᠡ ᠪᠣᠯᠤᠨ᠎ᠠ᠂  ᠮᠥᠨᠴᠦ ᠪᠤᠭᠤᠲᠤ ᠵᠢᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠭᠰᠡᠨ ᠬᠤᠷᠢᠶᠠᠩᠭᠤᠢ ᠳᠦᠷᠰᠦ ᠪᠣᠯᠤᠨ᠎ᠠ᠃  ᠣᠶ᠋ᠢᠷ᠎ᠠ ᠵᠢᠨ ᠵᠢᠯ᠎ᠠᠴᠠ ᠨᠠᠭ᠋ᠠᠰᠢ᠂  ᠪᠤᠭᠤᠲᠤ ᠬᠤᠲᠠ ᠡᠯ᠎ᠡ ᠬᠤᠰᠢᠭᠤ ᠰᠢᠶᠠᠨ ᠲᠣᠭᠤᠷᠢᠭ᠎ᠢ ᠵᠣᠬᠢᠶᠠᠨ ᠪᠠᠶ᠋ᠢᠭᠤᠯᠤᠨ ᠶᠡᠷᠦᠩᠬᠡᠶ ᠬᠡᠮᠵᠢᠶ᠎ᠡ ᠵᠢ ᠡᠵᠡᠮᠳᠡᠵᠦ ᠲᠣᠭᠲᠠᠭᠰᠠᠨ ᠨᠣᠷᠮ᠎ᠠ᠎ᠪᠠᠷ ᠬᠠᠮᠢᠶᠠᠷᠬᠤ᠂  ᠨᠠᠷᠢᠯᠢᠭ ᠣᠨᠣᠴᠠᠲᠠᠶ᠎ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ᠂  ᠲᠠᠷᠢᠶᠠᠯᠠᠩ᠎ᠤᠨ ᠤᠰᠤ ᠬᠡᠷᠡᠭᠯᠡᠬᠦ ᠵᠢ ᠵᠥᠪᠳᠡᠯᠴᠡᠬᠦ ᠤᠰᠤᠨ᠎ᠤ ᠦᠨ᠎ᠡ᠂  ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠡᠷᠭᠡ ᠲᠦᠷᠢᠮ᠎ᠢ ᠵᠠᠯᠭ᠋ᠠᠭ᠎ᠠ᠎ᠪᠠᠷ ᠲᠣᠭᠲᠠᠭ᠋ᠠᠨ ᠨᠡᠶ᠋ᠢᠲᠡᠯᠡᠵᠦ᠂  ᠲᠠᠷᠢᠶᠠᠯᠠᠩ᠎ᠤᠨ ᠤᠰᠤ ᠬᠡᠷᠡᠭᠯᠡᠬᠦ ᠵᠢ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ᠂  ᠪᠥᠬᠦ ᠬᠤᠲᠠ᠎ᠳᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠪᠠᠯᠠ ᠮᠥᠩᠭᠦ ᠵᠢ 3192 ᠲᠦᠮᠡᠨ ᠲᠥᠭᠦᠷᠢᠭ ᠴᠢᠷᠮᠠᠶ᠋ᠢᠨ ᠣᠯᠵᠤ ᠪᠠᠶ᠋ᠢᠭ᠋ᠠᠳ ᠤᠰᠤ ᠠᠷᠪᠢᠯᠠᠬᠤ ᠱᠠᠩᠨᠠᠯ ᠨᠥᠬᠦᠪᠥᠷᠢ ᠵᠢᠨ ᠠᠵᠢᠯ᠎ᠢ ᠥᠷᠨᠢᠭᠦᠯᠬᠦ᠎ᠳᠤ ᠬᠡᠷᠡᠭᠯᠡᠵᠦ᠂  ᠲᠣᠰᠬᠤᠨ᠎ᠤ ᠠᠷᠠᠳ᠎ᠤᠨ ᠤᠰᠤ ᠠᠷᠪᠢᠯᠠᠬᠤ ᠢᠳᠡᠪᠬᠢᠵᠢᠯ᠎ᠢ ᠢᠯᠡᠳᠲᠡ ᠳᠡᠭᠡᠭᠰᠢᠯᠡᠭᠦᠯᠵᠦ᠂  ᠬᠥᠳᠡᠭᠡ ᠲᠣᠰᠬᠤᠨ᠎ᠤ ᠤᠰᠤ ᠬᠡᠷᠡᠭᠯᠡᠬᠦ ᠬᠠᠮᠢᠶᠠᠷᠤᠯᠲᠠ ᠵᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃

 

ᠢᠷᠡᠯᠲᠡ᠄ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ
          
ᠬᠠᠮᠢᠶ᠎ᠡ ᠪᠦᠬᠦᠢ ᠰᠣᠨᠢᠨ
2025 ᠣᠨ᠎ᠤ ᠥᠪᠥᠷ ᠮᠣᠩᠭᠣᠯ᠎ᠤᠨ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠣᠷᠣᠬ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠠᠮᠤᠭ᠎ᠤᠨ ᠳᠣᠣᠷ᠎ᠠ ᠬᠢᠵᠠᠭ᠋ᠠᠷᠯᠠᠬᠤ ᠬᠤᠪᠢ ᠵᠢ ᠨᠡᠢ᠌ᠲᠡᠯᠡᠪᠡ ᠹᠢᠽᠢᠺ᠎ᠤᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 375 ᠲᠡᠦᠬᠡ ᠵᠢᠨ ᠲᠥᠷᠥᠯ᠎ᠤᠨ ᠵᠢᠩᠬᠢᠨᠢ ᠠᠩᠭᠢ᠎ᠳᠤ ᠡᠯᠰᠡᠬᠦ ᠬᠠᠮᠤᠭ᠎ᠤᠨ ᠳᠣᠣᠷ᠎ᠠ ᠬᠤᠪᠢ 418
ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠰᠢᠰᠲᠸᠮ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠭᠦ ᠬᠥᠮᠦᠵᠢᠯ᠎ᠤᠨ ᠬᠤᠷᠠᠯ ᠬᠤᠷᠠᠯᠳᠤᠵᠠᠢ ᠶᠣᠣ ᠶᠦᠩ ᠪᠦᠸᠸ ᠶᠠᠷᠢᠶ᠎ᠠ ᠲᠠᠯᠪᠢᠪᠠ
ᠴᠤᠤᠯ ᠭᠤᠣᠯ᠎ᠤᠨ ᠤᠰᠤᠨ ᠠᠰᠢᠭᠯᠠᠯᠲᠠ ᠵᠢᠨ ᠬᠦᠢ᠍ᠰᠦ ᠵᠢᠨ ᠳᠣᠣᠷᠠᠳᠤ ᠤᠷᠤᠰᠬᠠᠯ᠎ᠤᠨ ᠥᠪᠥᠷ ᠮᠣᠩᠭᠤᠯ᠎ᠤᠨ ᠤᠰᠤᠯᠠᠯᠲᠠ ᠵᠢᠨ ᠣᠷᠣᠨ᠎ᠤ ᠢᠨᠵᠸᠨ᠋ᠸᠷᠢᠩ ᠪᠠᠷᠢᠯᠭ᠎ᠠ ᠳᠠᠭᠤᠰᠴᠦ ᠰᠢᠯᠭ᠋ᠠᠨ ᠬᠤᠷᠢᠶᠠᠪᠠ
2025 ᠣᠨ᠎ᠳᠤ ᠬᠠᠲᠤᠨ ᠭᠣᠣᠯ᠎ᠤᠨ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠠᠵᠢᠯ ᠲᠡᠭᠦᠰ ᠠᠮᠵᠢᠯᠲᠠ᠎ᠲᠠᠢ ᠲᠡᠭᠦᠰᠪᠡ ᠬᠦᠮᠦᠷᠭᠡ᠎ᠶ᠋ᠢ ᠶᠡᠭᠦᠯᠡᠵᠦ᠍ ᠦᠶᠡᠷ᠎ᠢ ᠤᠭᠲᠤᠬᠤ ᠤᠰᠤᠨ ᠴᠥᠭᠥᠷᠥᠮ᠎ᠦᠨ ᠡᠯᠡᠰᠦ᠎ᠶᠢ ᠭᠠᠳᠠᠭᠰᠢᠯᠠᠭᠤᠯᠵᠤ ᠠᠮᠢ ᠠᠬᠤᠢ᠎ᠪᠠᠷ ᠤᠰᠤ ᠨᠥᠬᠥᠪᠦᠷᠢᠯᠡᠬᠦ ᠵᠡᠷᠭᠡ ᠣᠯᠠᠨ ᠲᠠᠯ᠎ᠠ᠎ᠪᠠᠷ ᠠᠰᠢᠭ᠋ ᠭᠥᠷᠳᠡᠬᠦ ᠬᠠᠷᠠᠯᠲᠠ᠎ᠶᠢ ᠪᠡᠶᠡᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠤᠰᠤᠨ ᠠᠰᠢᠭᠯᠠᠯᠲᠠ ᠵᠢᠨ ᠲᠢᠩᠬᠢᠮ᠎ᠤᠨ ᠲᠥᠯᠥᠭᠡᠯᠡᠭᠴᠢᠳ᠎ᠤᠨ ᠠᠩᠭᠢ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠵᠠᠯᠠᠭᠤ ᠺᠠᠳ᠋ᠷᠴᠤᠳ᠎ᠤᠨ 《ᠦᠨᠳᠦᠰᠦᠨ ᠬᠥᠭ ᠠᠶᠠᠰ᠎ᠢ ᠭᠦᠨᠵᠡᠭᠡᠢ ᠰᠤᠳᠤᠯᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ》 ᠮᠡᠳᠡᠯᠭᠡ ᠵᠢᠨ ᠤᠷᠤᠯᠳᠤᠭ᠋ᠠᠨ᠎ᠤ ᠬᠠᠭ᠋ᠠᠰ ᠰᠢᠢ᠍ᠳᠪᠦᠷᠢᠲᠦ ᠤᠷᠤᠯᠳᠤᠭ᠋ᠠᠨ᠎ᠳᠤ ᠠᠮᠵᠢᠯᠲᠠᠲᠠᠢ ᠲᠠᠪᠰᠢᠪᠠ
 
            