ᠶᠡᠷᠦᠩᠬᠡᠶ ᠱᠦᠵᠢ ᠰᠢ᠎ᠶ᠋ᠢᠨ ᠫᠢᠩ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠱᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ᠎ᠶ᠋ᠢᠨ ᠲᠥᠯᠥᠭᠡ᠂ ᠤᠰᠤᠨ ᠴᠥᠭᠦᠷᠥᠮ᠎ᠤᠨ ᠡᠯᠡᠰᠦ᠎ᠶ᠋ᠢ ᠭᠠᠳᠠᠭ᠍ᠰᠢᠯᠠᠭᠤᠯᠵᠤ ᠬᠤᠷᠠᠳᠠᠰᠣ᠎ᠶ᠋ᠢ ᠪᠠᠭᠠᠰᠭᠠᠬᠤ᠂ ᠳᠣᠤᠷᠠᠳᠤ ᠤᠷᠤᠰᠭᠠᠯ᠎ᠤᠨ ᠳᠤᠮᠳᠠ ᠤᠰᠤᠨ᠎ᠤ ᠭᠤᠤᠯ᠎ᠤᠨ ᠬᠤᠩᠭᠢᠯ᠎ᠤᠨ ᠤᠷᠤᠰᠭᠠᠯ ᠥᠩᠭᠡᠷᠡᠬᠦ᠌ ᠴᠢᠳᠠᠪᠤᠷᠢ᠎ᠶ᠋ᠢ ᠪᠠᠲᠤᠯᠠᠬᠤ᠂ ᠭᠤᠤᠯ᠎ᠤᠨ ᠠᠮᠠᠰᠠᠷ᠎ᠤᠨ ᠠᠮᠢ ᠠᠬᠤᠶ᠎ᠶ᠋ᠢ ᠦᠷᠭᠦᠯᠵᠢᠯᠡᠨ ᠰᠠᠢᠵᠢᠷᠠᠭᠤᠯᠬᠤ ᠪᠠ ᠭᠠᠩ ᠬᠠᠭ᠍ᠰᠠᠷᠠᠭᠠᠨ᠎ᠲᠠᠢ ᠲᠡᠮᠡᠴᠡᠵᠦ᠍ ᠤᠰᠤᠯᠠᠯᠲᠠ᠎ᠶ᠋ᠢ ᠪᠠᠲᠤᠯᠠᠬᠤ ᠵᠡᠷᠭᠡ ᠬᠠᠷᠠᠯᠲᠠ᠎ᠶ᠋ᠢ ᠪᠡᠶᠡᠯᠡᠭᠦᠯᠵᠦ᠍᠂ ᠤᠰᠤᠨ ᠠᠰᠢᠭ᠍ᠯᠠᠯᠲᠠ᠎ᠶᠢᠨ ᠶᠠᠮᠤᠨ᠎ᠠᠴᠠ ᠬᠠᠲᠤᠨ ᠭᠣᠣᠯ᠎ᠤᠨ ᠳᠤᠮᠳᠠ ᠤᠷᠤᠰᠬᠠᠯ᠎ᠤᠨ ᠤᠰᠤᠨ ᠴᠥᠭᠥᠷᠥᠮ᠎ᠲᠠᠢ ᠤᠶᠠᠯᠳᠤᠭᠤᠯᠤᠨ ᠬᠦᠮᠦᠷᠭᠡ᠎ᠶ᠋ᠢ ᠶᠡᠭᠦᠯᠡᠵᠦ᠍ ᠦᠶᠡᠷ᠎ᠦᠨ ᠬᠤᠭᠤᠴᠠᠭ᠎ᠠ᠎ᠶᠢ ᠤᠭᠲᠤᠵᠤ ᠂ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠢ ᠵᠣᠬᠢᠶᠠᠨ ᠪᠠᠢᠭᠤᠯᠵᠤ 6 ᠳ᠋ᠤᠭᠠᠷ ᠰᠠᠷ᠎ᠠ᠎ᠶ᠋ᠢᠨ 23 ᠤ ᠡᠳᠦᠷ᠎ᠠᠴᠠ 7 ᠳ᠋ᠤᠭᠠᠷ ᠰᠠᠷ᠎ᠠ᠎ᠶ᠋ᠢᠨ 10 ᠤ ᠡᠳᠦᠷ ᠪᠣᠯᠲᠠᠯ᠎ᠠ 2025 ᠣᠨ᠎ᠤ ᠬᠠᠲᠤᠨ ᠭᠤᠤᠯ᠎ᠤᠨ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ᠎ᠳᠦ 18 ᠡᠳᠦᠷ᠎ᠤᠨ ᠴᠠᠭ ᠬᠡᠷᠡᠭ᠌ᠰᠡᠵᠦ᠍᠂ ᠡᠨᠡ ᠬᠤᠭᠤᠴᠠᠭᠠᠨ᠎ᠳᠤ ᠱᠢᠶᠤᠤ ᠯᠠᠩ ᠳ᠋ᠢ ᠴᠥᠭᠦᠷᠥᠮ᠎ᠤᠨ ᠬᠠᠮᠤᠭ᠎ᠤᠨ ᠶᠡᠭᠡ ᠳᠣᠷᠣᠭ᠍ᠰᠢ ᠤᠷᠤᠰᠭᠤ ᠤᠷᠤᠰᠭᠠᠯ᠎ᠤᠨ ᠬᠡᠮᠵᠢᠶ᠎ᠡ ᠨᠢ ᠰᠸᠺᠦ᠋ᠨ᠋ᠲ ᠪᠦᠷᠢ 4820 ᠪᠣᠰᠤᠭ᠎ᠠ ᠳᠥᠷᠪᠡᠯᠵᠢᠨ ᠮᠧᠲᠷ᠎ᠲᠤ ᠬᠦᠷᠴᠦ᠍᠂ ᠬᠥᠮᠥᠷᠭᠡ᠎ᠡᠴᠡ ᠭᠠᠷᠭᠠᠬᠤ ᠬᠠᠮᠤᠭ ᠶᠡᠬᠡ ᠡᠯᠡᠰᠦᠨ᠎ᠦ ᠠᠭᠤᠯᠤᠭᠳᠠᠴᠠ᠎ᠶᠢᠨ ᠬᠡᠮᠵᠢᠶ᠎ᠡ ᠨᠢ ᠪᠣᠰᠣᠭ᠎ᠠ ᠳᠥᠷᠪᠡᠯᠵᠢᠨ ᠮᠧᠲᠷ ᠪᠦᠷᠢᠳᠦ 250 ᠺᠢᠯᠣᠭ᠌ᠷᠠᠮ ᠬᠦᠷᠴᠠᠢ ᠃ ᠣᠳᠣᠬᠠᠨ ᠪᠣᠯᠲᠠᠯ᠎ᠠ᠂ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠤᠰᠤᠨ᠎ᠤ ᠬᠡᠮᠵᠢᠶ᠎ᠡ᠎ᠶ᠋ᠢ ᠦᠨᠳᠦᠰᠦᠨ᠎ᠳᠡᠭᠡᠨ ᠳᠠᠯᠠᠢ᠎ᠳᠤ ᠣᠷᠣᠭᠤᠯᠵᠤ᠂ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠲᠣᠭ᠍ᠲᠠᠭ᠍ᠰᠠᠨ ᠬᠠᠷᠠᠯᠲᠠ᠎ᠶ᠋ᠢ ᠨᠢᠭᠡᠨᠲᠡ ᠪᠡᠶᠡᠯᠡᠭᠦᠯᠵᠦ᠍᠂ ᠬᠠᠲᠤᠨ ᠭᠤᠣᠯ᠎ᠤᠨ ᠳᠣᠣᠷᠠᠳᠤ ᠤᠷᠤᠰᠭᠠᠯ᠎ᠤᠨ ᠭᠤᠣᠯ᠎ᠤᠨ ᠪᠠᠢᠳᠠᠯ ᠲᠣᠭ᠍ᠲᠠᠭᠤᠨ ᠪᠣᠯᠵᠤ᠂ ᠭᠤᠣᠯ᠎ᠤᠨ ᠵᠠᠮ᠎ᠤᠨ ᠢᠨᠵᠧᠨᠧᠷᠢᠩ᠎ᠲᠤ ᠨᠡᠯᠢᠶᠡᠳ ᠶᠡᠭᠡ ᠲᠦᠭ᠌ᠰᠢᠭᠦᠷᠢᠲᠦ ᠪᠠᠢᠳᠠᠯ ᠭᠠᠷᠤᠭ᠍ᠰᠠᠨ ᠦᠭᠡᠢ᠃
ᠤᠰᠤᠨ ᠠᠱᠢᠭ᠍ᠯᠠᠯᠲᠠ᠎ᠶ᠋ᠢᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠤᠰᠤ ᠡᠯᠡᠰᠦᠨ᠎ᠤ ᠬᠠᠷᠢᠴᠠᠭ᠎ᠠ᠎ᠶ᠋ᠢ ᠴᠢᠩᠭ᠎ᠠ ᠠᠳᠭᠤᠨ ᠡᠨᠡ ᠬᠦ᠌ 《ᠵᠠᠩᠭᠢᠯᠠᠭ᠎ᠠ》᠎ᠶ᠋ᠢ ᠴᠢᠩᠭ᠎ᠠ ᠠᠳᠭᠤᠵᠤ᠂ ᠤᠰᠤᠨ ᠴᠥᠭᠦᠷᠥᠮ᠎ᠤᠨ ᠪᠦᠯᠦᠭ᠌ᠯᠡᠯ᠎ᠤᠨ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠱᠢᠨᠵᠢᠯᠡᠬᠦ᠌ ᠤᠬᠠᠭᠠᠨᠴᠢ᠎ᠪᠠᠷ ᠬᠡᠷᠡᠭ᠌ᠵᠢᠭᠦᠯᠵᠦ᠍᠂ ᠤᠰᠤᠨ ᠴᠥᠭᠦᠷᠥᠮ᠎ᠤᠨ ᠡᠯᠡᠰᠦ᠎ᠶ᠋ᠢ ᠭᠠᠳᠠᠭ᠍ᠰᠢᠯᠠᠭᠤᠯᠤᠨ ᠬᠤᠷᠠᠭ᠍ᠰᠠᠨᠢ ᠪᠠᠭᠠᠰᠭᠠᠬᠤ᠂ ᠳᠣᠤᠷᠠᠳᠤ ᠤᠷᠤᠰᠭᠠᠯ᠎ᠤᠨ ᠭᠤᠤᠯ᠎ᠤᠨ ᠵᠠᠮ᠎ᠤᠨ ᠤᠰᠤ᠎ᠶ᠋ᠢ ᠭᠤᠤᠯ᠎ᠤᠨ ᠬᠤᠩᠭᠢᠯ᠎ᠤᠨ ᠤᠷᠤᠰᠭᠠᠯ ᠥᠩᠭᠡᠷᠡᠬᠦ᠌ ᠴᠢᠳᠠᠪᠤᠷᠢ᠎ᠶ᠋ᠢ ᠪᠠᠲᠤᠯᠠᠬᠤ ᠵᠡᠷᠭᠡ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠬᠠᠮᠲᠤ ᠲᠤᠷᠱᠢᠯᠭ᠎ᠠ᠎ᠶ᠋ᠢᠨ ᠳ᠋ᠦᠩᠨᠡᠯᠲᠡ᠎ᠪᠠᠨ ᠴᠢᠩᠭᠠᠳᠭᠠᠵᠤ᠂ ᠲᠣᠬᠢᠷᠠᠭᠤᠯᠤᠨ ᠡᠵᠡᠮᠳᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠪᠣᠳᠠᠲᠤ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠨᠠᠷᠢᠨ ᠨᠢᠮᠪᠠᠶ ᠵᠣᠬᠢᠶᠠᠨ ᠪᠠᠢᠭᠤᠯᠵᠤ᠂ ᠪᠡᠯᠡᠳᠭᠡᠯ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠸᠠᠨ ᠵᠢᠶᠠ ᠵᠠᠢ᠂ ᠰᠠᠨ ᠮᠸᠨ ᠱᠢᠶᠠ ᠪᠣᠯᠤᠨ ᠱᠢᠶᠤᠤ ᠯᠠᠩ ᠳ᠋ᠢ ᠤᠰᠤᠨ ᠴᠥᠭᠦᠷᠥᠮ᠎ᠢ ᠳᠣᠭᠢᠷᠠᠭᠤᠯᠤᠨ ᠡᠵᠡᠮᠳᠡᠬᠦ᠌᠎ᠪᠠᠷ ᠭᠤᠤᠯ ᠪᠣᠯᠭᠠᠵᠤ᠂ ᠰᠠᠯᠪᠤᠷᠢ ᠤᠷᠤᠰᠭᠠᠯ ᠭᠦ᠋ ᠱᠢᠶᠠᠨ᠂ ᠯᠦ᠍ ᠬᠦᠨ ᠤᠰᠤᠨ ᠴᠥᠭᠦᠷᠥᠮ᠎ᠤᠨ ᠳᠣᠷᠣᠭ᠍ᠰᠢ ᠤᠰᠤ ᠢᠯᠡᠷᠡᠵᠦ᠍ ᠬᠠᠲᠤᠨ ᠭᠤᠤᠯ᠎ᠤᠨ ᠭᠤᠤᠯ ᠤᠷᠤᠰᠭᠠᠯ᠎ᠤᠨ ᠡᠯᠡᠰᠦ ᠶᠡᠭᠡ ᠤᠷᠤᠰᠭᠤ᠎ᠶ᠋ᠢ ᠬᠠᠮᠲᠤᠷᠠᠨ ᠳᠣᠭᠢᠷᠠᠭᠤᠯᠬᠤ ᠵᠠᠭ᠍ᠪᠤᠷ᠎ᠢ ᠠᠪᠴᠤ᠌᠂ ᠤᠰᠤᠨ ᠴᠥᠭᠦᠷᠥᠮ᠎ᠤᠨ ᠣᠯᠠᠨ ᠲᠦᠮᠡᠨ᠎ᠤ ᠶᠡᠷᠦᠩᠬᠡᠢ ᠦᠷ᠎ᠡ ᠠᠱᠢᠭ᠎ᠢ ᠭᠦᠢᠴᠡᠳ ᠪᠠᠳᠠᠷᠠᠭᠤᠯᠪᠠ; ᠤᠰᠤᠨ ᠱᠢᠨᠵᠢᠯᠡᠭᠡᠨ᠎ᠤ ᠬᠢᠨᠠᠨ ᠬᠡᠮᠵᠢᠬᠦ᠌ ᠤᠳᠠᠭ᠎ᠠ᠎ᠶ᠋ᠢ ᠨᠢᠭᠤᠴᠠᠯᠠᠵᠤ᠂ 30 ᠭᠠᠷᠤᠶ ᠬᠥᠮᠦᠨ᠎ᠢ ᠨᠡᠮᠡᠨ ᠲᠣᠮᠢᠯᠠᠵᠤ ᠵᠠᠮ ᠳᠠᠭᠠᠤ᠎ᠶ᠋ᠢᠨ ᠤᠰᠤᠨ ᠱᠢᠨᠵᠢᠯᠡᠭᠡᠨ᠎ᠤ ᠥᠷᠲᠡᠭᠡ᠎ᠶ᠋ᠢᠨ ᠬᠢᠨᠠᠨ ᠬᠡᠮᠵᠢᠯᠲᠡ᠎ᠶ᠋ᠢ ᠴᠢᠩᠭᠠᠳᠭᠠᠵᠤ᠂ 4 ᠬᠢᠨᠠᠨ ᠬᠡᠮᠵᠢᠬᠦ᠌ ᠠᠩᠭᠢ᠎ᠶ᠋ᠢ ᠲᠣᠮᠢᠯᠠᠨ ᠪᠠᠴᠢᠮ ᠪᠠᠢᠳᠠᠯ᠎ᠢ ᠠᠷᠭᠠᠴᠠᠭᠠᠬᠤ ᠬᠢᠨᠠᠨ ᠬᠡᠮᠵᠢᠯᠲᠡ᠎ᠶ᠋ᠢ ᠴᠢᠩᠭᠠᠳᠭᠠᠪᠠ;ᠲᠣᠬᠢᠷᠠᠭᠤᠯᠬᠤ ᠲᠤᠰᠭᠠᠶ ᠠᠩᠭᠢ᠎ᠶ᠋ᠢ ᠪᠠᠢᠭᠤᠯᠵᠤ᠂ ᠡᠳᠦᠷ ᠪᠦᠷᠢ ᠵᠥᠪᠳᠡᠯᠴᠡᠵᠦ᠍ ᠰᠤᠳᠤᠯᠤᠨ ᠮᠠᠭᠠᠳᠯᠠᠵᠤ᠂ ᠭᠤᠤᠯ ᠰᠠᠯᠪᠤᠷᠢ ᠤᠷᠤᠰᠭᠠᠯ᠎ᠤᠨ ᠤᠰᠤᠨ ᠴᠥᠭᠦᠷᠥᠮ᠎ᠤᠨ ᠤᠷᠤᠰᠭᠠᠯ᠎ᠤᠨ ᠬᠡᠮᠵᠢᠶ᠎ᠡ᠎ᠶ᠋ᠢ ᠨᠠᠷᠢᠨ ᠨᠢᠮᠪᠠᠶ ᠡᠵᠡᠮᠳᠡᠪᠡ᠃ ᠱᠠᠨ ᠰᠢ᠂ ᠱᠠᠨᠰᠢ᠂ ᠾᠧᠨᠠᠨ᠂ ᠱᠠᠨᠳᠦ᠋ᠩ ᠵᠡᠷᠭᠡ ᠮᠤᠵᠢ᠎ᠶ᠋ᠢᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠵᠢᠴᠢ ᠤᠰᠤᠨ ᠠᠱᠢᠭ᠍ᠯᠠᠯᠲᠠ᠎ᠶ᠋ᠢᠨ ᠬᠦᠢᠰᠦ ᠪᠠ ᠴᠠᠬᠢᠯᠭᠠᠨ᠎ᠤ ᠲᠣᠤᠷ᠎ᠤᠨ ᠬᠠᠮᠢᠶᠠᠷᠤᠯᠲᠠ᠎ᠶ᠋ᠢᠨ ᠨᠢᠭᠡᠴᠢ᠎ᠨᠦᠭᠦᠳ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ᠂ ᠢᠨᠵᠸᠨ᠋ᠸᠷᠢᠩ ᠪᠠ ᠠᠵᠢᠯᠲᠠᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ᠃
ᠡᠯ᠎ᠡ ᠲᠠᠯ᠎ᠠ᠎ᠶ᠋ᠢᠨ᠎ᠬᠢᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ ᠳᠠᠮᠵᠢᠭᠤᠯᠤᠨ᠂ ᠲᠣᠰ ᠤᠳᠠᠭᠠᠨ᠎ᠤ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠬᠦᠮᠦᠷᠭᠡ᠎ᠶ᠋ᠢ ᠶᠡᠭᠦᠯᠡᠵᠦ᠍ ᠦᠶᠡᠷ᠎ᠢ ᠤᠭᠲᠤᠬᠤ ᠂ ᠤᠰᠤᠨ ᠴᠥᠭᠦᠷᠥᠮ᠎ᠤᠨ ᠡᠯᠡᠰᠦ ᠭᠠᠳᠠᠭ᠍ᠰᠢᠯᠠᠭᠤᠯᠬᠤ᠂ ᠠᠮᠢ ᠠᠬᠤᠢ᠎ᠶ᠋ᠢᠨ ᠤᠰᠤ ᠨᠥᠬᠦᠪᠥᠷᠢᠯᠡᠬᠦ᠌ ᠪᠠ ᠭᠠᠩ ᠬᠠᠭ᠍ᠰᠠᠷᠠᠭᠠᠨ᠎ᠲᠠᠢ ᠲᠡᠮᠡᠴᠡᠵᠦ᠍ ᠤᠰᠤᠯᠠᠯᠲᠠ᠎ᠶ᠋ᠢ ᠪᠠᠲᠤᠯᠠᠬᠤ ᠵᠡᠷᠭᠡ ᠣᠯᠠᠨ ᠬᠠᠷᠠᠯᠲᠠ᠎ᠶ᠋ᠢ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠪᠡ᠃ ᠨᠢᠭᠡ᠎ᠳᠤ᠂ ᠬᠦᠮᠦᠷᠭᠡ᠎ᠶ᠋ᠢ ᠶᠡᠭᠦᠯᠡᠵᠦ᠍ ᠦᠶᠡᠷ᠎ᠢ ᠤᠭ᠍ᠲᠤᠨ᠎ᠠ᠃ ᠲᠣᠬᠢᠷᠠᠭᠤᠯᠬᠤ᠎ᠳᠤ ᠣᠷᠣᠯᠴᠠᠭ᠍ᠰᠠᠨ ᠱᠢᠶᠤᠤ ᠯᠠᠩ ᠳ᠋ᠢ᠂ ᠰᠠᠨ ᠮᠸᠨ ᠱᠢᠶᠠ ᠂ ᠸᠠᠨ ᠵᠢᠶᠠ ᠵᠠᠶ ᠵᠡᠷᠭᠡ ᠴᠥᠭᠦᠷᠥᠮ᠎ᠤᠨ ᠤᠰᠤᠨ ᠲᠦᠪᠱᠢᠨ᠎ᠢ ᠦᠶᠡᠷ᠎ᠤᠨ ᠤᠰᠤᠨ ᠲᠦᠪᠱᠢᠨ᠎ᠠᠴᠠ ᠳᠣᠷᠣᠭ᠍ᠰᠢ ᠪᠣᠯᠲᠠᠯ᠎ᠠ ᠪᠠᠭᠤᠷᠠᠭᠤᠯᠵᠤ᠂ ᠨᠡᠢᠲᠡ 33.6 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠬᠦᠮᠦᠷᠭᠡ᠎ᠶ᠋ᠢ ᠶᠡᠭᠦᠯᠡᠵᠦ᠍ ᠂ ᠦᠶᠡᠷ᠎ᠢ ᠠᠮᠤᠷ ᠲᠦᠪᠱᠢᠨ᠎ᠢᠶᠠᠷ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃ ᠬᠤᠶᠠᠷ᠎ᠲᠤ᠌᠂ ᠤᠰᠤᠨ ᠴᠥᠭᠥᠷᠥᠮ᠎ᠦᠨ ᠡᠯᠡᠰᠦ᠎ᠶᠢ ᠭᠠᠳᠠᠭᠰᠢᠯᠠᠭᠤᠯᠵᠤ ᠬᠤᠷᠠᠭᠰᠠᠨᠢ ᠪᠠᠭᠠᠰᠬᠠᠨ᠎ᠠ᠃ ᠰᠠᠨ ᠮᠧᠨ ᠱᠢᠶᠠ ᠤᠰᠤᠨ ᠴᠥᠬᠥᠷᠥᠮ᠎ᠦᠨ ᠣᠷᠣᠨ᠎ᠤ ᠴᠡᠪᠡᠷ ᠤᠷᠤᠰᠭᠠᠭ᠍ᠳᠠᠯ ᠨᠢ 0.53 ᠳ᠋ᠦᠩᠱᠢᠭᠤᠷ ᠳᠤᠨ ᠂ ᠱᠢᠶᠣᠣ ᠯᠠᠩ ᠳ᠋ᠢ ᠤᠰᠤᠨ ᠴᠥᠬᠥᠷᠥᠮ᠎ᠦᠨ ᠡᠯᠡᠰᠦ ᠭᠠᠳᠠᠭ᠍ᠰᠢᠯᠠᠭᠤᠯᠤᠭ᠍ᠰᠠᠨ ᠬᠡᠮᠵᠢᠶ᠎ᠡ ᠨᠢ 1.60 ᠳ᠋ᠦᠩᠱᠢᠭᠤᠷ ᠳᠤᠨ ᠂ ᠴᠥᠬᠥᠷᠥᠮ᠎ᠦᠨ ᠣᠷᠣᠨ᠎ᠤ ᠴᠡᠪᠡᠷ ᠤᠷᠤᠰᠭᠠᠭ᠍ᠳᠠᠯ ᠨᠢ 1.07 ᠳ᠋ᠦᠩᠱᠢᠭᠤᠷ ᠳᠤᠨ ᠪᠠᠢᠵᠤ ᠂ ᠤᠰᠤᠨ ᠴᠥᠬᠥᠷᠥᠮ᠎ᠦᠨ ᠲᠤᠨᠤᠮᠠᠯ ᠬᠡᠮᠵᠢᠶ᠎ᠡ᠎ᠶ᠋ᠢ ᠪᠦᠲᠦᠮᠵᠢᠲᠡᠢ᠎ᠪᠡᠷ ᠪᠠᠭᠠᠰᠭᠠᠵᠤ ᠂ ᠤᠰᠤᠨ ᠴᠥᠬᠥᠷᠥᠮ᠎ᠦᠨ ᠬᠡᠷᠡᠭ᠌ᠯᠡᠯᠲᠡ᠎ᠶ᠋ᠢᠨ ᠬᠤᠭᠤᠴᠠᠭ᠎ᠠ᠎ᠶ᠋ᠢ ᠤᠷᠲᠤᠳᠭᠠᠪᠠ ᠃ ᠭᠤᠷᠪᠠ᠎ᠳᠤ᠂ ᠳᠣᠣᠷᠠᠳᠤ ᠤᠷᠤᠰᠭᠠᠯ᠎ᠤᠨ ᠭᠤᠣᠯ᠎ᠤᠨ ᠵᠠᠮ᠎ᠤᠨ ᠳᠤᠮᠳᠠᠬᠢ ᠤᠰᠤᠨ᠎ᠤ ᠭᠤᠣᠯ᠎ᠤᠨ ᠬᠤᠩᠭᠢᠯ᠎ᠢ ᠪᠠᠷᠢᠮᠲᠠᠯᠠᠨ᠎ᠠ᠃ 2002 ᠣᠨ᠎ᠳᠤ ᠠᠩᠬ᠎ᠠ ᠤᠳᠠᠭ᠎ᠠ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠤᠭ᠍ᠰᠠᠨ᠎ᠠᠴᠠ ᠨᠠᠭᠠᠰᠢ᠂ ᠳᠣᠣᠷᠠᠳᠤ ᠤᠷᠤᠰᠬᠠᠯ᠎ᠤᠨ ᠭᠣᠣᠯ᠎ᠤᠨ ᠵᠠᠮ᠎ᠤᠨ ᠭᠣᠣᠯ ᠭᠤᠯᠳᠤᠷᠢᠯ᠎ᠢ ᠳᠤᠮᠳᠠᠴᠢ᠎ᠪᠠᠷ 3.1 ᠮᠧᠲᠷ ᠬᠡᠷᠴᠢᠵᠦ ᠂ ᠭᠤᠣᠯ ᠤᠷᠤᠰᠭᠠᠯ᠎ᠤᠨ ᠬᠠᠮᠤᠭ᠎ᠤᠨ ᠪᠠᠭ᠎ᠠ ᠤᠷᠤᠰᠭᠠᠯ ᠥᠩᠭᠡᠷᠡᠬᠦ᠌ ᠴᠢᠳᠠᠪᠤᠷᠢ᠎ᠨᠢ 2002 ᠣᠨ᠎ᠳᠤ ᠰᠸᠺᠦ᠋ᠨ᠋ᠲ ᠪᠦᠷᠢ 1800 ᠪᠣᠰᠤᠭ᠎ᠠ ᠳᠥᠷᠪᠡᠯᠵᠢᠨ ᠮᠧᠲᠷ ᠪᠠᠢᠭ᠍ᠰᠠᠨ᠎ᠠᠴᠠ ᠣᠳᠣᠬᠠᠨ᠎ᠳᠤ ᠰᠸᠺᠦ᠋ᠨ᠋ᠲ ᠪᠦᠷᠢ 5000 ᠪᠣᠰᠤᠭ᠎ᠠ ᠳᠥᠷᠪᠡᠯᠵᠢᠨ ᠮᠧᠲᠷ ᠣᠷᠴᠢᠮ ᠬᠦᠷᠲᠡᠯ᠎ᠡ ᠰᠡᠷᠭᠦᠭᠡᠪᠡ᠃ ᠲᠣᠰ ᠤᠳᠠᠭᠠᠨ᠎ᠤ ᠶᠡᠭᠡ ᠤᠷᠤᠰᠭᠠᠯ᠎ᠤᠨ ᠤᠷᠤᠰᠭᠠᠯ᠎ᠤᠨ ᠬᠡᠮᠵᠢᠶ᠎ᠡ᠎ᠪᠠᠷ ᠳᠠᠮᠵᠢᠭᠤᠯᠤᠨ᠂ ᠳᠣᠤᠷᠠᠳᠤ ᠤᠷᠤᠰᠭᠠᠯ᠎ᠤᠨ ᠳᠣᠲᠣᠷᠠᠬᠢ ᠤᠰᠤᠨ᠎ᠤ ᠭᠤᠤᠯ᠎ᠤᠨ ᠤᠷᠤᠰᠭᠠᠯ᠎ᠤᠨ ᠴᠢᠳᠠᠪᠤᠷᠢ᠎ᠶ᠋ᠢ ᠪᠦᠲᠦᠮᠵᠢᠲᠡᠶ ᠪᠠᠲᠤᠯᠠᠪᠠ᠃ ᠳᠥᠷᠪᠡ᠎ᠳᠤ᠂ ᠠᠮᠢ ᠠᠬᠤᠶ᠎ᠶ᠋ᠢ ᠰᠠᠢᠵᠢᠷᠠᠭᠤᠯᠤᠨ᠎ᠠ᠃ ᠬᠠᠲᠤᠨ ᠭᠤᠤᠯ᠎ᠤᠨ ᠭᠤᠤᠯ᠎ᠤᠨ ᠠᠮᠠᠰᠠᠷ᠎ᠤᠨ ᠭᠤᠷᠪᠠᠯᠵᠢᠨ ᠬᠤᠢᠭ᠎ᠤᠨ ᠨᠤᠭᠤ ᠭᠠᠵᠠᠷ᠎ᠤᠨ ᠠᠮᠢ ᠠᠬᠤᠶ᠎ᠶ᠋ᠢᠨ ᠤᠰᠤ ᠨᠥᠬᠦᠪᠥᠷᠢᠯᠡᠬᠦ᠌ ᠬᠡᠮᠵᠢᠶ᠎ᠡ ᠨᠢ ᠨᠡᠢᠲᠡ 1.5 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠠᠢᠵᠤ᠂ ᠭᠤᠷᠪᠠᠯᠵᠢᠨ ᠬᠤᠢᠭ᠎ᠤᠨ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠳᠡᠭᠡᠭ᠌ᠰᠢᠯᠡᠭᠦᠯᠬᠦ᠌᠎ᠳᠤ ᠪᠠᠲᠤᠯᠠᠭ᠎ᠠ ᠬᠠᠩᠭᠠᠪᠠ᠃ ᠡᠭᠦᠨ᠎ᠤ ᠬᠠᠮᠲᠤ᠌᠂ ᠭᠦ᠋ ᠱᠢᠶᠠᠨ᠂ ᠯᠦ᠍ ᠾᠦᠨ ᠤᠰᠤᠨ ᠴᠥᠭᠥᠷᠥᠮ᠎ᠦᠨ ᠳᠣᠷᠣᠭ᠍ᠰᠢ ᠤᠷᠤᠰᠬᠤ ᠴᠡᠪᠡᠷ ᠤᠰᠤ 0.43 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠢᠵᠤ᠂ ᠬᠠᠲᠤᠨ ᠭᠤᠣᠯ᠎ᠤᠨ ᠭᠤᠣᠯ ᠤᠷᠤᠰᠭᠠᠯ᠎ᠤᠨ ᠡᠯᠡᠰᠦ ᠶᠡᠭᠡ ᠤᠷᠤᠰᠭᠠᠬᠤ ᠤᠰᠤᠨ᠎ᠤ ᠤᠷᠤᠰᠭᠠᠯ᠎ᠢ ᠪᠦᠲᠦᠮᠵᠢᠲᠡᠢ ᠱᠢᠩᠭᠡᠷᠡᠭᠦᠯᠵᠦ᠍᠂ ᠠ᠋ᠢ ᠯᠦᠸᠸ ᠡᠾᠸ ᠭᠤᠣᠯ᠎ᠤᠨ ᠠᠮᠠᠨ᠎ᠳᠤ ᠲᠤᠩᠭᠠᠯᠠᠭ ᠤᠰᠤᠨ ᠪᠦᠰᠡ᠎ᠶ᠋ᠢ ᠪᠦᠷᠢᠯᠳᠦᠭᠦᠯᠵᠦ᠍᠂ ᠡᠯᠡᠰᠦ ᠶᠡᠭᠡ ᠤᠷᠤᠰᠭᠠᠯ᠎ᠤᠨ ᠭᠤᠣᠯ᠎ᠤᠨ ᠤᠰᠤᠨ᠎ᠤ ᠠᠮᠢᠳᠤ ᠪᠣᠳᠠᠰ ᠵᠢᠴᠢ ᠲᠡᠭᠦᠨ᠎ᠤ ᠣᠷᠣᠱᠢᠨ ᠠᠮᠢᠳᠤᠷᠠᠬᠤ ᠭᠠᠵᠠᠷ᠎ᠢ ᠨᠥᠯᠥᠭᠡᠯᠡᠬᠦ᠌᠎ᠶ᠋ᠢ ᠬᠥᠩᠭᠡᠷᠡᠭᠦᠯᠪᠡ᠃ ᠲᠠᠪᠤ᠎ᠳᠤ᠂ ᠭᠠᠩ ᠬᠠᠭ᠍ᠰᠠᠷᠠᠭᠠᠨ᠎ᠲᠠᠢ ᠲᠡᠮᠡᠴᠡᠵᠦ᠍ ᠤᠰᠤ ᠬᠡᠷᠡᠭ᠌ᠯᠡᠬᠦ᠌᠎ᠶ᠋ᠢ ᠪᠠᠲᠤᠯᠠᠨ᠎ᠠ᠃ ᠤᠰᠤ᠎ᠶ᠋ᠢ ᠲᠣᠬᠢᠷᠠᠭᠤᠯᠤᠨ ᠡᠯᠡᠰᠦ᠎ᠶ᠋ᠢ ᠲᠣᠬᠢᠷᠠᠭᠤᠯᠬᠤ ᠬᠤᠭᠤᠴᠠᠭᠠᠨ᠎ᠳᠤ᠂ ᠳᠣᠤᠷᠠᠳᠤ ᠤᠷᠤᠰᠭᠠᠯ᠎ᠤᠨ ᠾᠧᠨᠠᠨ᠂ ᠱᠠᠨᠳᠦ᠋ᠩ ᠵᠡᠷᠭᠡ ᠮᠤᠵᠢ᠎ᠶ᠋ᠢᠨ᠎ᠬᠢᠨ ᠬᠠᠲᠤᠨ ᠭᠤᠤᠯ᠎ᠤᠨ ᠤᠷᠤᠰᠭᠠᠯ᠎ᠤᠨ ᠬᠡᠮᠵᠢᠶ᠎ᠡ᠎ᠶ᠋ᠢ ᠠᠱᠢᠭ᠍ᠯᠠᠨ ᠨᠡᠮᠡᠭ᠌ᠳᠡᠭ᠌ᠰᠡᠨ ᠠᠱᠢᠭ᠍ᠲᠠᠶ ᠴᠠᠭ ᠲᠣᠬᠢᠶᠠᠯ᠎ᠢ ᠠᠱᠢᠭ᠍ᠯᠠᠨ᠂ ᠬᠠᠲᠤᠨ ᠭᠤᠤᠯ᠎ᠤᠨ ᠤᠰᠤ᠎ᠶ᠋ᠢ ᠲᠠᠲᠠᠬᠤ ᠡᠷᠴᠢᠮ᠎ᠢᠶᠠᠨ ᠴᠢᠩᠭᠠᠷᠠᠭᠤᠯᠵᠤ᠂ ᠨᠡᠢᠲᠡ 6.9 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠤᠰᠤ ᠣᠷᠣᠭᠤᠯᠤᠨ ᠠᠪᠴᠢᠷᠠᠵᠤ᠂ ᠭᠠᠩ ᠬᠠᠭ᠍ᠰᠠᠷᠠᠭᠠᠨ᠎ᠲᠠᠢ ᠲᠡᠮᠡᠴᠡᠵᠦ᠍ ᠤᠰᠤᠯᠠᠯᠲᠠ᠎ᠶ᠋ᠢ ᠬᠠᠮᠠᠭᠠᠯᠠᠨ ᠬᠠᠩᠭᠠᠯᠭ᠎ᠠ᠎ᠶ᠋ᠢ ᠪᠠᠲᠤᠯᠠᠬᠤ᠎ᠳᠤ ᠬᠦᠴᠦᠲᠡᠶ ᠳᠡᠮᠵᠢᠯᠭᠡ ᠬᠠᠩᠭᠠᠪᠠ᠃
ᠣᠳᠣᠬᠠᠨ᠎ᠳᠤ᠂ ᠪᠦᠬᠦ᠌ ᠤᠯᠤᠰ ᠶᠠᠭ ᠭᠤᠣᠯ ᠦᠶᠡᠷ᠎ᠤᠨ ᠬᠤᠭᠤᠴᠠᠭᠠᠨ᠎ᠳᠤ ᠣᠷᠣᠱᠢᠵᠤ ᠪᠠᠢᠬᠤ ᠪᠥᠭᠡᠳ ᠤᠳᠠᠯ ᠦᠭᠡᠢ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠬᠤ ᠭᠡᠵᠦ᠍ ᠪᠠᠢᠨ᠎ᠠ᠂ ᠤᠰᠤᠨ ᠠᠱᠢᠭ᠍ᠯᠠᠯᠲᠠ᠎ᠶ᠋ᠢᠨ ᠶᠠᠮᠤᠨ ᠬᠠᠳᠤᠨ ᠭᠤᠣᠯ᠎ᠤᠨ ᠪᠣᠷᠣᠭᠠᠨ᠎ᠤ ᠪᠠᠢᠳᠠᠯ ᠤᠰᠤᠨ᠎ᠤ ᠪᠠᠢᠳᠠᠯ ᠦᠶᠡᠷ᠎ᠤᠨ ᠪᠠᠢᠳᠠᠯ᠎ᠢ ᠦᠷᠭᠦᠯᠵᠢᠯᠡᠨ ᠨᠢᠭ᠍ᠲᠠ ᠠᠩᠬᠠᠷᠴᠤ᠌᠂ ᠭᠤᠣᠯᠯᠠᠭ᠍ᠴᠢ ᠢᠨᠵᠧᠨᠧᠷᠢᠩ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠡᠯ᠎ᠡ ᠵᠦᠢᠯ᠎ᠤᠨ ᠰᠡᠷᠭᠡᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠨᠠᠷᠢᠯᠢᠭ ᠨᠠᠢᠳᠠᠪᠤᠷᠢᠵᠢᠭᠤᠯᠵᠤ᠂ ᠬᠠᠳᠤᠨ ᠭᠤᠣᠯ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠪᠣᠯᠤᠨ᠎ᠠ᠃