ᠤᠷᠢᠳᠴᠢᠯᠠᠭ᠍ᠰᠠᠨ ᠮᠡᠳᠡᠭᠡ᠎ᠶ᠋ᠢ ᠦᠨᠳᠦᠰᠦᠯᠡᠪᠡᠯ ᠂ 16 ᠳ᠋ᠤᠭᠠᠷ ᠨᠣᠮᠧᠷᠲᠤ ᠲᠠᠢᠹᠸᠩ ᠰᠠᠯᠬᠢ 《 ᠲᠠᠪ 》 ᠤᠨ ᠨᠦᠯᠦᠭᠡ ᠪᠡᠷ 9 ᠳ᠋ᠤᠭᠡᠷ ᠰᠠᠷ᠎ᠠ᠎ᠶ᠋ᠢᠨ 7 ᠦ ᠡᠳᠦᠷ ᠠᠴᠠ 10 ᠦ ᠡᠳᠦᠷ ᠪᠣᠯᠲᠠᠯ᠎ᠠ ᠂ ᠭᠤᠸᠠᠩᠳᠦ᠋ᠩ᠂ ᠭᠤᠸᠠᠩᠰᠢ ᠳᠤ ᠨᠢᠭᠡᠨ ᠤᠳᠠᠭᠠᠨᠦ ᠬᠦᠴᠦᠲᠡᠢ ᠪᠣᠷᠣᠭᠠᠨ ᠣᠷᠣᠨ᠎ᠠ᠂ ᠶᠡᠬᠡ ᠡᠴᠡ ᠱᠢᠷᠦᠭᠦᠨ ᠪᠣᠷᠣᠭᠠᠨ᠎ᠢᠶᠠᠷ ᠭᠣᠣᠯᠯᠠᠵᠤ ᠂ ᠡᠭᠦᠨ ᠳᠤ ᠭᠤᠸᠠᠩᠳᠦ᠋ᠩ ᠦᠨ ᠪᠠᠷᠠᠭᠤᠨ ᠬᠡᠰᠡᠭ ᠪᠠ ᠵᠡᠭᠦᠨ ᠬᠡᠰᠡᠭ ᠦᠨ ᠳᠠᠯᠠᠶ ᠳᠠᠭᠠᠸ᠋ ᠂ ᠭᠤᠸᠠᠩᠰᠢ᠎ᠶ᠋ᠢᠨ ᠡᠮᠦᠨ᠎ᠡ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠱᠢᠷᠦᠭᠦᠨ ᠪᠣᠷᠣᠭᠠᠨ ᠣᠷᠣᠨ᠎ᠠ ; ᠭᠤᠸᠠᠩᠳᠦ᠋ᠩ᠎ᠦᠨ ᠳ᠋ᠦᠩ ᠵᠢᠶᠠᠩ ᠮᠥᠷᠡᠨ᠂ ᠬᠠᠨ ᠵᠢᠶᠠᠩ ᠮᠥᠷᠡᠨ᠂ ᠯᠦᠸᠧ ᠳ᠋ᠢᠩ ᠵᠢᠶᠠᠩ ᠮᠥᠷᠡᠨ᠂ ᠱᠢᠨ ᠱᠢᠩ ᠮᠥᠷᠡᠨ᠂ ᠭᠤᠸᠠᠩᠰᠢ ᠮᠤᠵᠢ᠎ᠶ᠋ᠢᠨ ᠰᠢ ᠵᠢᠶᠠᠩ ᠮᠥᠷᠡᠨ᠎ᠦ ᠭᠣᠣᠯ ᠤᠷᠤᠰᠭᠠᠯ ᠵᠢᠴᠢ ᠰᠠᠯᠪᠤᠷᠢ ᠤᠷᠤᠰᠭᠠᠯ ᠪᠣᠯᠬᠤ ᠢᠦᠶ ᠵᠢᠶᠠᠩ ᠮᠥᠷᠡᠨ᠎ᠦ ᠬᠣᠢᠲᠤ ᠤᠷᠤᠰᠭᠠᠯ ᠵᠡᠷᠭᠡ ᠭᠣᠣᠯ ᠮᠥᠷᠡᠨ᠎ᠳᠤ ᠢᠯᠡᠳᠳᠡ ᠤᠰᠤ ᠦᠰᠬᠦ ᠪᠠᠢᠳᠠᠯ ᠢᠯᠡᠷᠡᠵᠦ᠂ ᠱᠢᠷᠦᠭᠦᠨ ᠪᠣᠷᠣᠭᠠᠨ᠎ᠤ ᠣᠷᠣᠨ᠎ᠳᠤ ᠭᠤᠸᠠᠩᠳᠦ᠋ᠩ᠎ᠤᠨ ᠪᠠᠷᠠᠭᠤᠨ ᠬᠡᠰᠡᠭ ᠳᠠᠯᠠᠶ ᠳᠠᠭᠠᠸ᠋ ᠵᠢᠶᠠᠨ ᠵᠢᠶᠠᠩ ᠮᠥᠷᠡᠨ᠂ ᠮᠥᠸᠸ ᠶᠠᠩ ᠵᠢᠶᠠᠩ ᠮᠥᠷᠡᠨ᠂ ᠭᠣᠸᠠᠩᠰᠢᠶ᠋ᠢᠨ ᠡᠮᠦᠨ᠎ᠡ ᠬᠡᠰᠡᠭ ᠳᠠᠯᠠᠶ ᠳᠠᠭᠠᠸ᠋ ᠣᠷᠣᠨ᠎ᠤ ᠨᠠᠨ ᠯᠢᠦ ᠵᠢᠶᠠᠩ ᠮᠥᠷᠡᠨ᠂ ᠪᠠᠢ ᠱᠠ ᠾᠸ ᠭᠣᠣᠯ ᠵᠡᠷᠭᠡ ᠳᠤᠮᠳᠠ ᠵᠢᠵᠢᠭ ᠭᠣᠣᠯ ᠮᠥᠷᠡᠨ᠎ᠳᠤ ᠰᠡᠷᠡᠮᠵᠢ ᠤᠨ ᠱᠤᠭᠤᠮ ᠡᠴᠡ ᠳᠠᠪᠠᠭ᠍ᠰᠠᠨ ᠦᠶᠡᠷ ᠡᠭᠦᠰᠭᠦ ᠪᠣᠯᠣᠮᠵᠢ ᠲᠠᠢ ᠃
ᠤᠯᠤᠰ᠎ᠤᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ ᠲᠠᠢ ᠲᠡᠮᠡᠴᠡᠬᠦ᠌ ᠠᠵᠢᠯ᠎ᠤᠨ ᠶᠡᠷᠦᠩᠬᠡᠢ ᠬᠡᠯᠲᠡᠰ᠎ᠤᠨ ᠳᠡᠳ᠋ ᠶᠡᠷᠦᠩᠬᠡᠶ ᠵᠢᠯᠣᠭᠤᠳᠣᠭ᠍ᠴᠢ᠂ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠰᠠᠢᠳ ᠯᠢ ᠭᠦᠸᠧ ᠶᠢᠩ ᠲᠠᠢᠹᠸᠩ ᠰᠠᠯᠬᠢ 《ᠲᠠᠪ 》᠎ᠤᠨ ᠱᠢᠯᠵᠢᠬᠦ᠌ ᠵᠠᠮ ᠪᠠ ᠣᠷᠣᠨ ᠪᠦᠰᠡ᠎ᠶ᠋ᠢᠨ ᠪᠣᠷᠣᠭᠠᠨ᠎ᠤ ᠪᠠᠢᠳᠠᠯ ᠦᠶᠡᠷ᠎ᠤᠨ ᠪᠠᠢᠳᠠᠯ᠎ᠳᠤ ᠦᠵᠡᠭᠦᠯᠬᠦ᠌ ᠨᠥᠯᠥᠭᠡ ᠶ᠋ᠢ ᠨᠢᠭ᠍ᠲᠠ ᠠᠵᠢᠭ᠍ᠯᠠᠵᠤ᠂ ᠡᠯ᠎ᠡ ᠵᠦᠢᠯ᠎ᠤᠨ ᠰᠡᠷᠭᠡᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠡᠷᠲᠡᠬᠡᠨ ᠨᠠᠷᠢᠯᠢᠭ ᠪᠣᠳᠠᠲᠠᠶ ᠨᠠᠢᠳᠠᠪᠤᠷᠢᠵᠢᠭᠤᠯᠵᠤ᠂ ᠦᠶᠡᠷ᠎ᠢ ᠰᠡᠷᠭᠡᠢᠯᠡᠬᠦ᠌ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃ ᠤᠰᠤᠨ ᠠᠱᠢᠭ᠍ᠯᠠᠯᠲᠠ᠎ᠶᠢᠨ ᠶᠠᠮᠤᠨ ᠦᠷᠭᠦᠯᠵᠢᠯᠡᠨ ᠵᠥᠪᠳᠡᠯᠴᠡᠵᠦ᠍᠂ ᠲᠠᠢᠹᠧᠩ ᠰᠠᠯᠬᠢ 《ᠲᠠᠪ》 ᠤᠨ ᠱᠢᠷᠦᠭᠦᠨ ᠪᠣᠷᠣᠭᠠᠨ ᠦᠶᠡᠷ ᠢ᠋ ᠰᠡᠷᠭᠡᠢᠯᠡᠬᠦ᠌ ᠠᠵᠢᠯ᠎ᠢ᠋ ᠨᠠᠷᠢᠨ ᠨᠢᠮᠪᠠᠢ ᠪᠠᠢᠷᠢᠯᠠᠭᠤᠯᠪᠠ᠃ 9 ᠳ᠋ᠤᠭᠡᠷ ᠰᠠᠷ᠎ᠠ᠎ᠶ᠋ᠢᠨ 7᠎ᠤ ᠡᠳᠦᠷ᠎ᠤᠨ 10 ᠴᠠᠭ᠎ᠲᠤ ᠭᠤᠸᠠᠩᠳᠦ᠋ᠩ᠂ ᠭᠤᠸᠠᠩᠰᠢ ᠦᠶᠡᠷ᠎ᠤᠨ ᠭᠠᠮᠱᠢᠭ᠎ᠢ ᠰᠡᠷᠭᠡᠢᠯᠡᠬᠦ᠌Ⅳᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠶ᠋ᠢᠨ ᠳᠠᠭᠠᠤ ᠪᠠᠴᠢᠮ ᠪᠠᠢᠳᠠᠯ᠎ᠢ ᠠᠷᠭᠠᠴᠠᠭᠠᠬᠤ ᠳᠤ ᠴᠢᠭ᠌ᠯᠡᠭᠦᠯᠦᠨ ᠮᠡᠳᠡᠭ᠌ᠳᠡᠯ ᠪᠠᠭᠤᠯᠭᠠᠵᠤ᠂ ᠬᠤᠶᠠᠷ ᠮᠤᠵᠢ (ᠥᠪᠡᠷᠲᠡᠭᠡᠨ ᠵᠠᠰᠠᠬᠤ ᠣᠷᠣᠨ )᠎ᠶ᠋ᠢᠨ ᠤᠰᠤᠨ ᠠᠱᠢᠭ᠍ᠯᠠᠯᠲᠠ᠎ᠶ᠋ᠢᠨ ᠲᠢᠩᠬᠢᠮ ᠪᠠ ᠵᠦᠵᠢᠶᠠᠩ ᠮᠥᠷᠡᠨ᠎ᠤ ᠤᠰᠤᠨ ᠠᠱᠢᠭ᠍ᠯᠠᠯᠲᠠ᠎ᠶ᠋ᠢᠨ ᠵᠥᠪᠯᠡᠯ᠎ᠠᠴᠠ ᠪᠣᠷᠣᠭᠠᠨ᠎ᠤ ᠤᠰᠤᠨ᠎ᠤ ᠪᠠᠢᠳᠠᠯ ᠪᠠ ᠦᠶᠡᠷ᠎ᠤᠨ ᠪᠠᠢᠳᠠᠯ᠎ᠤᠨ ᠬᠥᠭ᠌ᠵᠢᠯᠲᠡ ᠬᠤᠪᠢᠷᠠᠯᠲᠠ᠎ᠶ᠋ᠢ ᠨᠢᠭ᠍ᠲᠠ ᠠᠩᠬᠠᠷᠴᠦ ᠂ ᠲᠠᠢᠹᠧᠩ ᠰᠠᠯᠬᠢᠨ᠎ᠤ ᠬᠥᠭ᠌ᠵᠢᠯᠲᠡ᠎ᠶ᠋ᠢᠨ ᠪᠠᠢᠳᠠᠯ ᠪᠠ ᠱᠢᠯᠵᠢᠮᠡᠯ ᠵᠠᠮ᠎ᠢ ᠨᠠᠷᠢᠨ ᠠᠩᠬᠠᠷᠴᠤ᠌᠂ ᠬᠢᠨᠠᠨ ᠬᠡᠮᠵᠢᠬᠦ᠌ ᠶ᠋ᠢ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠵᠥᠪᠳᠡᠯᠴᠡᠨ ᠰᠤᠳᠤᠯᠤᠨ ᠮᠠᠭᠠᠳᠯᠠᠬᠤ᠎ᠶ᠋ᠢ ᠴᠢᠩᠭᠠᠳᠭᠠᠵᠤ᠂ ᠤᠰᠤ ᠲᠣᠬᠢᠷᠠᠭᠤᠯᠬᠤ ᠢᠨᠵᠸᠨ᠋ᠸᠷᠢᠩ ᠢ ᠱᠢᠨᠵᠢᠯᠡᠬᠦ᠌ ᠤᠬᠠᠭᠠᠨᠴᠢ ᠪᠠᠷ ᠨᠠᠷᠢᠯᠢᠭ ᠲᠣᠬᠢᠷᠠᠭᠤᠯᠵᠤ᠂ ᠤᠰᠤᠨ ᠴᠥᠭᠦᠷᠥᠮ ᠪᠠᠢᠭᠤᠯᠬᠤ ᠵᠢᠴᠢ ᠪᠠᠢᠭᠤᠯᠵᠤ ᠪᠠᠢᠭ᠎ᠠ ᠢᠨᠵᠸᠨ᠋ᠸᠷᠢᠩ᠎ᠤᠨ ᠦᠶᠡᠷ᠎ᠢ ᠰᠡᠷᠭᠡᠢᠯᠡᠬᠦ᠌ ᠬᠠᠷᠢᠭᠤᠴᠠᠯᠭ᠎ᠠ ᠪᠣᠯᠤᠨ ᠦᠶᠡᠷ᠎ᠢ ᠠᠮᠤᠷ ᠲᠦᠪᠱᠢᠨ᠎ᠢᠶᠠᠷ ᠥᠩᠭᠡᠷᠡᠭᠦᠯᠬᠦ᠌ ᠠᠷᠭ᠎ᠠ ᠬᠡᠮᠵᠢᠶ᠎ᠡ᠎ᠶ᠋ᠢ ᠦᠨᠡᠨ ᠬᠦ᠌ ᠨᠠᠢᠳᠠᠪᠤᠷᠢᠵᠢᠭᠤᠯᠵᠤ᠂ ᠬᠠᠱᠢᠯᠭ᠎ᠠ ᠳᠠᠯᠠᠩ᠎ᠢ ᠲᠣᠭᠤᠷᠢᠨ ᠪᠠᠢᠴᠠᠭᠠᠵᠤ ᠰᠡᠷᠭᠡᠢᠯᠡᠨ ᠬᠠᠮᠠᠭᠠᠯᠠᠬᠤ᠎ᠶ᠋ᠢ ᠴᠢᠩᠭᠠᠳᠭᠠᠵᠤ᠂ ᠳᠤᠮᠳᠠ ᠵᠢᠵᠢᠭ ᠭᠤᠤᠯ ᠮᠥᠷᠡᠨ᠎ᠤ ᠦᠶᠡᠷ᠂ ᠠᠭᠤᠯᠠᠨ ᠦᠶᠡᠷ ᠤᠨ ᠭᠠᠮᠱᠢᠭ᠂ ᠬᠤᠲᠠ᠎ᠶ᠋ᠢᠨ ᠤᠰᠤᠲᠤᠯ᠎ᠢ ᠰᠡᠷᠭᠡᠢᠯᠡᠬᠦ᠌ ᠵᠡᠷᠭᠡ ᠠᠵᠢᠯ᠎ᠢ ᠰᠠᠢᠲᠤᠷ ᠬᠢᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭ᠋ᠠᠷᠳᠠᠪᠠ᠃
ᠤᠰᠤᠨ ᠠᠱᠢᠭ᠍ᠯᠠᠯᠳᠠ᠎ᠶ᠋ᠢᠨ ᠶᠠᠮᠤᠨ᠎ᠤ ᠵᠦᠵᠢᠶᠠᠩ ᠮᠦᠷᠡᠨ᠎ᠤ ᠤᠰᠤᠨ ᠠᠱᠢᠭ᠍ᠯᠠᠯᠳᠠ᠎ᠶ᠋ᠢᠨ ᠵᠦᠪᠯᠡᠯ᠎ᠨᠢ ᠦᠶᠡᠷ᠎ᠤᠨ ᠤᠰᠤ ᠰᠡᠷᠭᠡᠢᠯᠡᠬᠦ᠌Ⅲᠲᠡᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠦᠰᠦᠯ᠎ᠢ ᠬᠡᠷᠡᠭ᠌ᠵᠢᠬᠦᠯᠵᠤ᠂ ᠳ᠋ᠠ ᠲᠧᠩ ᠱᠢᠶᠠ ᠬᠠᠪᠴᠢᠯ ᠵᠡᠷᠭᠡ ᠭᠤᠤᠯ ᠤᠰᠤᠨ ᠴᠦᠬᠦᠷᠦᠮ᠎ᠳᠤ ᠤᠰᠤ ᠭᠠᠷᠭᠠᠬᠤ ᠪᠡᠯᠡᠳᠭᠡᠯ᠂ ᠬᠥᠮᠦᠷᠭᠡ ᠭᠠᠷᠭᠠᠵᠤ ᠤᠰᠤ ᠵᠠᠯᠠᠬᠤ᠎ᠶ᠋ᠢ ᠤᠷᠢᠳᠴᠢᠯᠠᠨ ᠲᠤᠬᠢᠷᠠᠭᠤᠯᠪᠠ᠃ ᠤᠰᠤᠨ ᠠᠱᠢᠭ᠍ᠯᠠᠯᠲᠠ᠎ᠶ᠋ᠢᠨ ᠶᠠᠮᠤᠨ᠎ᠠᠴᠠ 2 ᠠᠵᠢᠯᠯᠠᠬᠤ ᠳᠤᠭᠤᠢᠯᠠᠩ ᠲᠣᠮᠢᠯᠠᠨ ᠭᠤᠸᠠᠩᠳᠦ᠋ᠩ ᠭᠤᠸᠠᠩᠰᠢ᠎ᠳᠤ ᠣᠴᠢᠭᠤᠯᠵᠤ ᠲᠠᠢᠹᠧᠩ ᠰᠠᠯᠬᠢ《ᠲᠠᠪ 》᠎ᠤᠨ ᠱᠢᠷᠦᠭᠦᠨ ᠪᠣᠷᠣᠭᠠᠨ᠎ᠤ ᠦᠶᠡᠷ ᠰᠡᠷᠭᠡᠢᠯᠡᠬᠦ᠌ ᠠᠵᠢᠯ᠎ᠢ ᠬᠠᠪᠰᠤᠷᠤᠨ ᠵᠢᠯᠣᠭᠤᠳᠪᠠ᠃
ᠬᠠᠷᠢᠭᠤᠴᠠᠭ᠍ᠰᠠᠨ ᠨᠠᠢᠷᠠᠭᠤᠯᠤᠭ᠍ᠴᠢ᠄ ᠭᠤᠤ ᠪᠥᠸᠧ