ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠱᠧᠩ ᠱᠢᠶᠣᠣ ᠶᠢᠤ ᠡᠩ᠎ᠤᠨ ᠨᠠᠮ᠎ᠤᠨ ᠭᠡᠱᠢᠭᠦᠨ᠎ᠤ ᠬᠤᠪᠢ᠎ᠪᠠᠷ ᠠᠯᠪᠠᠨ ᠭᠡᠷ᠎ᠤᠨ ᠨᠠᠮ᠎ᠤᠨ ᠡᠭᠦᠷ᠎ᠤᠨ ᠬᠠᠮᠲᠤ᠎ᠶ᠋ᠢᠨ ᠰᠤᠷᠤᠯᠴᠠᠯᠭ᠎ᠠ ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-09-08

  9 ᠳ᠋ᠦ᠍ᠭᠡᠷ ᠰᠠᠷ᠎ᠠ᠎ᠶ᠋ᠢᠨ 8 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠱᠢᠶᠣᠣ ᠶᠢᠥ ᠡᠩ᠎ᠤᠨ ᠨᠠᠮ᠎ᠤᠨ ᠭᠡᠱᠢᠭᠦᠨ᠎ᠤ ᠬᠤᠪᠢ᠎ᠪᠠᠷ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠠᠯᠪᠠᠨ ᠬᠡᠷ᠎ᠤᠨ ᠨᠠᠮ᠎ᠤᠨ ᠡᠭᠦᠷ᠎ᠤᠨ ᠬᠠᠮᠲᠤ᠎ᠶ᠋ᠢᠨ ᠰᠤᠷᠤᠯᠴᠠᠯᠭ᠎ᠠ ᠎ᠳᠤ ᠣᠷᠣᠯᠴᠠᠵᠤ᠂ ᠶᠡᠷᠦᠩᠬᠡᠶ ᠱᠦᠵᠢ ᠰᠢ ᠎ᠶ᠋ᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ᠎ᠶ᠋ᠢᠨ ᠲᠣᠭᠤᠷᠢᠨ᠎ᠳᠤ᠂ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠢᠷᠢᠯᠠᠭᠤᠯᠤᠯᠲᠠ ᠱᠠᠭᠠᠷᠳᠠᠯᠭ᠎ᠠ ᠎ᠶ᠋ᠢ ᠲᠡᠷᠡ ᠶᠣᠰᠣᠭᠠᠷ᠎ᠨᠢ ᠨᠠᠢᠳᠠᠪᠤᠷᠢᠵᠢᠭᠤᠯᠵᠤ ᠨᠠᠮ᠎ᠤᠨ ᠭᠡᠱᠢᠭᠦᠳ ᠎ᠲᠠᠢ ᠦᠵᠡᠯ ᠰᠠᠨᠠᠭ᠎ᠠ ᠎ᠪᠠᠨ ᠰᠣᠯᠢᠯᠴᠠᠵᠤ᠂ ᠰᠤᠷᠤᠯᠴᠠᠭ᠍ᠰᠠᠨ ᠲᠥᠷᠥᠭ᠌ᠳᠡᠯ᠎ᠢᠶᠠᠨ ᠠᠭᠤᠵᠢᠷᠠᠲᠠᠯ᠎ᠠ ᠶᠠᠷᠢᠯᠴᠠᠪᠠ᠃

  ᠱᠧᠩ ᠱᠢᠶᠣᠣ ᠶᠢᠤ᠂ ᠠᠯᠪᠠᠨ ᠭᠡᠷ ᠪᠣᠯ ᠲᠢᠩᠬᠢᠮ᠎ᠤᠨ ᠱᠢᠰᠲᠸᠮᠲᠦ ᠠᠵᠢᠯ᠎ᠤᠨ ᠥᠨᠳᠥᠷ ᠪᠦᠲᠦᠮᠵᠢᠲᠡᠶ ᠠᠵᠢᠯᠯᠠᠭᠠᠨ᠎ᠢ ᠳᠥᠯᠭᠢᠨ ᠠᠬᠢᠭᠤᠯᠬᠤ ᠲᠥᠪ ᠰᠠᠯᠠᠭ᠎ᠠ ᠮᠥᠴᠢᠷ ᠮᠥᠨ᠂ ᠪᠠᠰᠠ ᠴᠤ᠌ ᠲᠢᠩᠬᠢᠮ᠎ᠤᠨ ᠱᠢᠰᠲᠸᠮᠲᠦ ᠰᠤᠷᠲᠠᠯ᠎ᠤᠨ ᠪᠠᠢᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠲᠠᠯ᠎ᠠ ᠮᠥᠨ᠂ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠂ ᠨᠠᠮ ᠪᠠ ᠣᠯᠠᠨ ᠲᠦᠮᠡᠨ᠎ᠤ ᠬᠠᠷᠢᠴᠠᠭ᠎ᠠ ᠎ᠶ᠋ᠢᠨ ᠳᠤᠯᠠᠭᠠᠨ ᠎ᠤ ᠬᠡᠮᠵᠢᠶ᠎ᠡ᠂ ᠺᠠᠳ᠋ᠷ᠎ᠤᠨ ᠡᠩᠨᠡᠭᠡ᠎ᠶ᠋ᠢᠨ ᠴᠡᠪᠡᠷᠴᠡ᠎ᠶ᠋ᠢ ᠱᠢᠭᠤᠳ ᠲᠣᠭ᠍ᠲᠠᠭᠠᠵᠤ ᠪᠠᠢᠳᠠᠭ᠂ ᠡᠷᠬᠡᠪᠰᠢ ᠰᠤᠷᠲᠠᠯ᠎ᠤᠨ ᠪᠠᠢᠭᠤᠯᠤᠯᠲᠠ᠎ᠶ᠋ᠢ ᠡᠭᠦᠷᠢᠳᠡ ᠵᠤᠬ᠍ᠰᠤᠰᠢ ᠦᠭᠡᠢ ᠬᠢᠬᠦ᠌ ᠤᠯᠤᠰ ᠲᠥᠷᠥ ᠎ᠶ᠋ᠢᠨ ᠲᠣᠭ᠍ᠲᠠᠯ ᠬᠦᠴᠦᠨ᠎ᠢᠶᠠᠨ ᠢᠮᠠᠭ᠍ᠲᠠ ᠪᠠᠷᠢᠮᠲᠠᠯᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ᠂ ᠣᠷᠳᠣ ᠬᠤᠭᠤᠴᠠᠭ᠎ᠠ ᠎ᠪᠠᠷ ᠪᠦᠲᠦᠮᠵᠢᠲᠡᠶ ᠪᠠᠢᠯᠭᠠᠬᠤ᠎ᠶ᠋ᠢ ᠳᠥᠯᠭᠢᠨ ᠠᠬᠢᠭᠤᠯᠬᠤ ᠬᠡᠷᠡᠭ᠌ᠲᠡᠶ᠃ ᠨᠢᠭᠡ᠎ᠳᠤ ᠂《ᠬᠡᠷᠬᠢᠨ ᠦᠵᠡᠬᠦ᠌》 ᠭᠡᠳᠡᠭ ᠠᠰᠠᠭᠤᠳᠠᠯ ᠎ᠢ ᠰᠠᠢᠲᠤᠷ ᠰᠢᠢ᠍ᠳᠪᠦᠷᠢᠯᠡᠨ᠎ᠡ ᠃ ᠰᠤᠷᠲᠠᠯ᠎ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠎ᠪᠠᠨ ᠨᠠᠮᠴᠢ ᠴᠢᠨᠠᠷ᠎ᠤᠨ ᠠᠰᠠᠭᠤᠳᠠᠯ ᠮᠥᠨ᠂ ᠨᠠᠮ ᠪᠠ ᠠᠷᠠᠳ ᠤᠯᠠᠨ᠎ᠤ ᠬᠤᠭᠤᠷᠣᠨᠳᠣᠬᠢ ᠬᠠᠷᠢᠴᠠᠭ᠎ᠠ᠎ᠶ᠋ᠢᠨ ᠠᠰᠠᠭᠤᠳᠠᠯ ᠪᠣᠯ ᠭᠤᠣᠯᠳᠠᠯᠭ᠎ᠠ  ᠮᠥᠨ᠂ ᠤᠯᠠᠨ ᠲᠦᠮᠡᠨ᠎ᠲᠠᠢ ᠨᠢᠭ᠍ᠲᠠ ᠬᠠᠷᠢᠯᠴᠠᠬᠤ ᠪᠣᠯ ᠮᠠᠨ᠎ᠤ ᠨᠠᠮ᠎ᠤᠨ ᠬᠠᠮᠤᠭ᠎ᠤᠨ ᠶᠡᠭᠡ ᠤᠯᠤᠰ ᠲᠦᠷᠦ᠍᠎ᠶ᠋ᠢᠨ ᠳᠠᠪᠠᠭᠤᠯᠢᠭ ᠮᠥᠨ᠂ ᠠᠷᠠᠳ ᠲᠦᠮᠡᠨ᠎ᠢ ᠢᠮᠠᠭ᠍ᠲᠠ ᠰᠡᠳᠭᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠤ ᠵᠣᠭ᠍ᠰᠣᠯᠲᠠ᠎ᠳᠤ ᠪᠠᠲᠤ ᠵᠣᠭ᠍ᠰᠣᠵᠤ᠂ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ᠎ᠶ᠋ᠢ ᠵᠤᠵᠠᠭᠠᠳᠭᠠᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭ᠎ᠠ ᠪᠣᠯ ᠤᠰᠤᠨ ᠠᠱᠢᠭ᠍ᠯᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠱᠠᠲᠤ ᠦᠶ᠎ᠡ ᠪᠣᠯᠤᠨ᠎ᠠ᠂ ᠣᠳᠣᠬᠠᠨ᠎ᠳᠤ ᠲᠦᠢᠯ᠎ᠤᠨ ᠠᠭᠤᠷ ᠠᠮᠢᠰᠭᠤᠯ ᠤᠯᠠᠨ ᠡᠭᠦᠰᠭᠦ᠂ ᠠᠮᠢ ᠠᠬᠤᠢ᠎ᠶ᠋ᠢ ᠰᠡᠷᠭᠦᠭᠡᠨ ᠵᠠᠰᠠᠬᠤ ᠪᠣᠭᠤᠮᠲᠠ ᠱᠢᠪᠲᠤᠯᠬᠤ ᠬᠤᠭᠤᠴᠠᠭᠠᠨ᠎ᠳᠤ ᠣᠷᠣᠬᠤ᠂ ᠪᠠᠢᠭᠤᠯᠤᠮᠵᠢ ᠲᠣᠭ᠍ᠲᠠᠴᠠ᠎ᠳᠤ ᠲᠦᠭ᠌ᠵᠢᠷᠡᠯ ᠣᠷᠤᠱᠢᠬᠤ ᠵᠡᠷᠭᠡ ᠠᠰᠠᠭᠤᠳᠠᠯ᠎ᠳᠤ ᠲᠤᠯᠭᠠᠷᠠᠵᠤ ᠪᠠᠢᠨ᠎ᠠ᠂ ᠲᠣᠬᠢᠶᠠᠯ ᠪᠠ ᠥᠷᠢᠰᠥᠯᠳᠦᠭᠡᠨ ᠵᠡᠷᠭᠡ ᠪᠡᠷ ᠣᠷᠣᠱᠢᠵᠤ᠂ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠰᠤᠨ᠎ᠤ ᠡᠬᠢ ᠪᠠᠶᠠᠯᠢᠭ᠎ᠢ ᠲᠤᠬᠢᠷᠠᠭᠤᠯᠬᠤ ᠲᠣᠣᠷ᠂ ᠤᠰᠤᠨ᠎ᠤ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠲᠣᠣᠷ᠂ ᠤᠰᠤᠨ᠎ᠤ ᠠᠮᠢ ᠠᠬᠤᠢ ᠎ᠶ᠋ᠢ ᠵᠠᠰᠠᠬᠤ ᠲᠣᠣᠷ ᠪᠠ ᠤᠰᠤᠨ᠎ᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠎ᠶ᠋ᠢᠨ ᠲᠣᠣᠷ ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠪᠦᠲᠦᠭᠡᠨ ᠪᠠᠢᠭᠤᠯᠬᠤ ᠬᠡᠷᠡᠭ᠌ᠲᠡᠢ᠃ ᠨᠠᠮ᠎ᠤᠨ ᠳᠦᠷᠢᠮ᠎ᠢᠶᠠᠷ ᠲᠤᠯᠢ ᠪᠣᠯᠭᠠᠨ ᠳᠡᠪᠡᠯ ᠮᠠᠯᠠᠭᠠᠢ᠎ᠪᠠᠨ ᠲᠥᠪ ᠪᠣᠯᠭᠠᠵᠤ ᠂ ᠤᠯᠠᠨ ᠲᠦᠮᠡᠨ᠎ᠤ ᠬᠦᠰᠡᠯ ᠡᠷᠡᠮᠡᠯᠵᠡᠯ᠎ᠢᠶᠠᠷ ᠣᠯᠵᠤ ᠠᠯᠳᠠᠬᠤ᠎ᠪᠠᠨ ᠲᠣᠳᠣᠷᠬᠠᠢ ᠲᠠᠨᠢᠵᠤ᠂ ᠨᠡᠢᠲᠡᠯᠢᠭ ᠬᠡᠷᠡᠭ᠎ᠤᠨ ᠵᠢᠱ᠌ᠢᠶ᠎ᠡ᠎ᠪᠠᠷ ᠲᠤᠯᠢ ᠪᠣᠯᠭᠠᠵᠤ ᠪᠢᠱᠢᠷᠡᠨ ᠵᠢᠷᠦᠬᠡᠱᠢᠶᠡᠬᠦ᠌ ᠬᠡᠷᠡᠭ᠌ᠲᠡᠢ᠃ 《ᠡᠳᠦᠷ ᠪᠦᠷᠢ ᠪᠡᠶ᠎ᠡ᠎ᠪᠠᠨ ᠭᠤᠷᠪᠠᠨᠲᠠ ᠬᠢᠨᠠᠬᠤ 》 ᠳᠣᠲᠣᠭᠠᠳᠤ ᠬᠥᠳᠡᠯᠭᠡᠬᠦ᠌ ᠬᠦᠴᠦᠨ᠎ᠢᠶᠠᠷ ᠦᠵᠡᠯ ᠰᠠᠨᠠᠭᠠᠨ᠎ᠤ ᠠᠬᠤᠢ ᠪᠠᠢᠳᠠᠯ ᠎ᠢᠶᠠᠨ ᠳᠡᠭᠡᠭ᠌ᠰᠢᠯᠡᠭᠦᠯᠵᠦ᠍᠂ 《ᠳᠠᠷᠦ᠋ᠢᠬᠠᠨ ᠭᠦᠢᠴᠡᠳᠭᠡᠬᠦ᠌》᠎ᠶᠢᠨ ᠬᠡᠷᠡᠭ᠌ᠵᠢᠭᠦᠯᠬᠦ᠌ ᠬᠦᠴᠦᠨ᠎ᠢᠶᠠᠷ ᠠᠵᠢᠯ᠎ᠤᠨ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠢ᠃ ᠬᠤᠶᠠᠷ᠎ᠲᠤ᠌ ᠂ 《 ᠶᠠᠭᠠᠬᠢᠬᠤ    ᠪᠤᠢ 》 ᠭᠡᠳᠡᠭ ᠠᠰᠠᠭᠤᠳᠠᠯ ᠎ᠢ ᠰᠠᠢᠲᠤᠷ ᠰᠢᠢ᠍ᠳᠪᠦᠷᠢᠯᠡᠨ᠎ᠡ ᠃ ᠠᠯᠪᠠᠨ ᠬᠡᠷ᠎ᠤᠨ ᠨᠠᠮ᠎ᠤᠨ ᠭᠡᠱᠢᠭᠦᠨ ᠺᠠᠳ᠋ᠷ ᠢᠮᠠᠭ᠍ᠲᠠ ᠤᠯᠤᠰ ᠲᠥᠷᠥ ᠎ᠶ᠋ᠢᠨ ᠦᠨᠡᠨᠴᠢ ᠱᠢᠳᠤᠷᠭᠤ ᠎ᠶ᠋ᠢ ᠣᠶᠣᠨ ᠰᠠᠨᠠᠭ᠎ᠠ ᠪᠣᠯᠭᠠᠵᠤ᠂ 《ᠬᠤᠶᠠᠷ᠎ᠢ ᠲᠣᠭ᠍ᠲᠠᠭᠠᠭ᠍ᠰᠠᠨ》ᠱᠢᠢᠳᠪᠦᠷᠢᠯᠡᠭ᠌ᠴᠢ ᠴᠢᠨᠠᠷ ᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠤᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠦᠵᠡᠯ ᠰᠠᠨᠠᠭᠠᠨ᠎ᠤ ᠲᠠᠯ᠎ᠠ ᠎ᠪᠠᠷ ᠰᠡᠳᠭᠢᠯ ᠵᠢᠷᠦᠬᠡᠨ ᠎ᠳᠤ ᠪᠠᠨ ᠬᠠᠳᠠᠩᠱᠢᠭᠤᠯᠵᠤ᠂ ᠶᠡᠷᠦᠩᠬᠡᠶ ᠱᠦᠵᠢ᠎ᠶ᠋ᠢᠨ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ ᠬᠡᠷᠡᠭ᠌ᠲᠡᠶ᠃ ᠤᠯᠤᠰ ᠲᠦᠷᠦ᠍ ᠎ᠶ᠋ᠢᠨ ᠲᠠᠯ᠎ᠠ ᠎ᠪᠠᠷ ᠴᠢᠩᠭ᠎ᠠ ᠪᠣᠳᠠᠲᠠᠢ ᠪᠠᠢᠵᠤ᠂ ᠤᠯᠤᠰ ᠲᠦᠷᠦ᠍ ᠎ᠶ᠋ᠢᠨ ᠬᠡᠷᠡᠭ᠌ᠵᠢᠭᠦᠯᠬᠦ᠌ ᠴᠢᠳᠠᠪᠤᠷᠢ ᠎ᠪᠠᠨ ᠳᠡᠭᠡᠭ᠌ᠰᠢᠯᠡᠭᠦᠯᠵᠦ᠍᠂ ᠠᠵᠢᠯᠯᠠᠭᠠᠨ ᠎ᠤ ᠲᠠᠯ᠎ᠠ ᠎ᠪᠠᠷ ᠡᠷᠡᠰ ᠪᠠᠲᠤ ᠪᠠᠢᠵᠤ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠪᠢᠴᠢᠭ ᠮᠠᠲ᠋ᠧᠷᠢᠶᠠᠯ ᠎ᠢᠶᠠᠷ ᠵᠠᠰᠠᠭ᠎ᠢ ᠲᠤᠰᠠᠯᠠᠬᠤ ᠲᠠᠯ᠎ᠠ ᠎ᠪᠠᠷ ᠵᠥᠪᠯᠡᠭ᠌ᠴᠢ ᠠᠷᠭ᠎ᠠ ᠬᠡᠮᠵᠢᠶ᠎ᠡ᠎ᠲᠠᠢ ᠪᠠᠢᠵᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ᠌ ᠲᠠᠯ᠎ᠠ ᠎ᠪᠠᠷ ᠵᠣᠬᠢᠴᠠᠩᠭᠤᠶ ᠪᠥᠭᠡᠳ ᠬᠡᠮᠵᠢᠶ᠎ᠡ᠎ᠲᠠᠢ ᠪᠠᠢᠯᠭᠠᠵᠤ᠂ ᠡᠳᠦᠷ ᠲᠤᠲᠤᠮ᠎ᠤᠨ ᠠᠵᠢᠯᠯᠠᠭᠠᠨ᠎ᠤ ᠳᠤᠮᠳᠠ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠪᠠᠢᠬᠤ᠎ᠶ᠋ᠢ ᠪᠡᠶᠡᠯᠡᠭᠦᠯᠵᠦ᠍᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠲᠠᠯ᠎ᠠ ᠎ᠪᠠᠷ ᠱᠠᠭᠠᠷᠳᠠᠨ ᠪᠠᠢᠴᠠᠭᠠᠬᠤ ᠎ᠶ᠋ᠢ ᠪᠦᠲᠦᠮᠵᠢᠲᠡᠶ ᠪᠠᠢᠯᠭᠠᠵᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠳᠤᠮᠳᠠ ᠪᠠᠲᠤᠯᠠᠭ᠎ᠠ ᠎ᠶ᠋ᠢ ᠬᠦᠴᠦᠲᠡᠶ ᠪᠣᠯᠭᠠᠵᠤ᠂ ᠠᠮᠤᠷ ᠲᠦᠪᠱᠢᠨ ᠎ᠤ ᠨᠢᠭᠤᠴᠠ᠎ᠶ᠋ᠢ ᠬᠠᠮᠠᠭᠠᠯᠠᠬᠤ ᠲᠠᠯ᠎ᠠ ᠎ᠪᠠᠷ ᠣᠭ᠍ᠲᠣ ᠠᠯᠳᠠᠰᠢ ᠭᠠᠷᠭᠠᠬᠤ ᠥᠬᠡᠶ ᠪᠠᠢᠬᠤ ᠬᠡᠷᠡᠭ᠌ᠲᠡᠶ᠃ ᠤᠴᠢᠷ ᠶᠠᠪᠤᠳᠠᠯ᠎ᠢ ᠵᠥᠪ ᠬᠢᠵᠦ᠍᠂ ᠵᠥᠪ ᠎ᠢᠶᠠᠷ ᠤᠴᠢᠷ ᠶᠠᠪᠤᠳᠠᠯ᠎ᠢ ᠬᠢᠵᠦ᠍᠂ ᠵᠥᠪ ᠤᠴᠢᠷ ᠶᠠᠪᠤᠳᠠᠯ᠎ᠢ ᠬᠢᠬᠦ᠌ ᠬᠡᠷᠡᠭ᠌ᠲᠡᠢ᠃ ᠭᠤᠷᠪᠠ᠎ᠳᠤ᠂ 《ᠶᠠᠭᠠᠬᠢᠵᠤ ᠬᠢᠬᠦ᠌》 ᠭᠡᠳᠡᠭ ᠠᠰᠠᠭᠤᠳᠠᠯ ᠎ᠢ ᠰᠠᠢᠲᠤᠷ ᠰᠢᠢ᠍ᠳᠪᠦᠷᠢᠯᠡᠨ᠎ᠡ ᠃ ᠠᠯᠪᠠᠨ ᠬᠡᠷ᠎ᠤᠨ ᠨᠠᠮ᠎ᠤᠨ ᠭᠡᠱᠢᠭᠦᠨ ᠺᠠᠳ᠋ᠷᠴᠤᠳ ᠣᠨᠴᠠᠭᠠᠢᠯᠠᠨ ᠵᠠᠯᠠᠭᠤ ᠺᠠᠳ᠋ᠷᠴᠤᠳ 《ᠨᠢᠬᠡᠴᠢ ᠎ᠶ᠋ᠢ ᠬᠡᠷ᠎ᠢᠶᠠᠨ ᠮᠡᠳᠦ》᠂ 《ᠬᠡᠷ᠎ᠢᠶᠠᠨ ᠬᠠᠷᠠᠵᠦ᠍ ᠬᠦᠷᠢᠶ᠎ᠡ᠎ᠪᠠᠨ ᠬᠠᠮᠠᠭᠠᠯᠠᠬᠤ》 ᠣᠨᠣᠯᠵᠢᠬᠤᠨ᠎ᠢ ᠪᠣᠶ ᠪᠣᠯᠭᠠᠵᠤ᠂ ᠭᠠᠷ ᠲᠠᠬᠢ ᠠᠵᠢᠯ ᠎ᠢᠶᠠᠨ ᠨᠠᠨᠳᠢᠩᠨᠠᠵᠤ᠂ ᠬᠦᠮᠦᠨ ᠎ᠦ ᠬᠣᠭᠣᠷᠣᠨᠳᠤᠬᠢ ᠬᠠᠷᠢᠴᠠᠭ᠎ᠠ ᠎ᠪᠠᠨ ᠨᠠᠨᠳᠢᠩᠨᠠᠵᠦ᠍᠂ ᠠᠴᠢ᠎ᠶ᠋ᠢ ᠥᠯᠥ᠍ ᠮᠠᠷᠲᠠᠬᠤ᠂ ᠬᠠᠪᠰᠤᠷᠴᠤ᠌ ᠳᠡᠮᠵᠢᠬᠦ᠌ ᠎ᠪᠠᠨ ᠥᠯᠥ᠍ ᠮᠠᠷᠲᠠᠬᠤ᠂ ᠳᠠᠷᠤᠤ ᠬᠢᠴᠢᠶᠡᠩᠭᠦᠶ ᠎ᠪᠠᠨ ᠥᠯᠥ᠍ ᠮᠠᠷᠲᠠᠬᠤ ᠎ᠶ᠋ᠢ ᠪᠡᠶᠡᠯᠡᠭᠦᠯᠵᠦ᠍᠂ ᠬᠠᠷᠢᠯᠴᠠᠨ ᠲᠦᠯᠬᠢᠯᠴᠡᠵᠤ ᠠᠭᠠᠱᠢᠯᠠᠬᠤ᠂ ᠪᠤᠰᠤᠳ᠎ᠢ ᠮᠡᠬᠡᠯᠡᠬᠦ᠌᠂ ᠠᠭᠤᠷᠯᠠᠵᠤ ᠪᠣᠬᠢᠨᠢᠳᠤᠬᠤ ᠶ᠋ᠢ ᠴᠢᠩᠭ᠎ᠠ ᠴᠡᠭᠡᠷᠯᠡᠵᠦ᠍᠂ ᠠᠵᠢᠯ ᠬᠢᠬᠦ᠌ ᠎ᠳᠦ ᠪᠡᠨ ᠭᠠᠷᠮᠠᠭᠠᠶ᠂ ᠪᠦᠯᠬᠦᠮᠳᠡᠵᠦ ᠴᠢᠳᠠᠬᠤ᠂ ᠦᠷᠭᠦᠯᠵᠢ ᠪᠢᠱᠢᠷᠡᠨ ᠵᠢᠷᠦᠬᠡᠱᠢᠶᠡᠬᠦ᠌ ᠪᠠᠷᠢᠮᠵᠢᠶ᠎ᠠ ᠎ᠪᠠᠷ ᠡᠯ᠎ᠡ ᠵᠦᠢᠯ᠎ᠤᠨ ᠤᠰᠤᠨ ᠠᠱᠢᠭ᠍ᠯᠠᠯᠲᠠ᠎ᠶ᠋ᠢᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠎ᠶ᠋ᠢ ᠲᠦᠷᠦᠭᠦᠯᠡᠨ ᠰᠠᠢᠲᠤᠷ ᠠᠳᠭᠤᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠨᠡᠮᠡᠷᠢᠯᠡᠬᠦ᠌ ᠬᠡᠷᠡᠭ᠌ᠲᠡᠶ ᠭᠡᠵᠦ ᠱᠠᠭ᠋ᠠᠷᠳᠠᠪᠠ᠃

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠱᠢᠠᠠᠯᠠᠯᠳᠡ᠎ᠶ᠋ᠢᠨ ᠳᠢᠩᠬᠢᠮ
          
ᠬᠠᠮᠢᠶ᠎ᠡ ᠪᠦᠬᠦᠢ ᠰᠣᠨᠢᠨ
 
            