ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠶᠡᠷᠦᠩᠬᠡᠢ ᠪᠡᠯᠡ ᠣᠷᠣᠭᠤᠯᠤᠯᠲᠠ 33 ᠳ᠋ᠦᠩᠱᠢᠭᠤᠷ ! ᠬᠠᠲᠤᠨ ᠭᠤᠤᠯ᠎ᠤᠨ ᠥᠪᠥᠷ ᠮᠣᠩᠭᠤᠯ᠎ᠤᠨ ᠬᠡᠰᠡᠭ ᠎ᠲᠠᠬᠢ ᠭᠤᠤᠯ ᠎ᠤᠨ ᠵᠠᠮ᠎ᠢ ᠵᠠᠰᠠᠬᠤ ᠢᠨᠵᠧᠨᠧᠷᠢᠩ᠎ᠤᠨ ᠪᠣᠯᠤᠮᠵᠢᠲᠤ ᠰᠤᠳᠤᠯᠭᠠᠨ᠎ᠤ ᠮᠡᠳᠡᠭᠦᠯᠦᠯᠲᠡ ᠎ᠶ᠋ᠢ ᠴᠣᠬᠤᠯᠠᠪᠤᠷᠢᠯᠠᠪᠠ
ᠨᠡᠶ᠋ᠢᠲᠡᠯᠡᠭᠰᠡᠨ ᠴᠠᠭ᠄ 2025-09-08

 

 

  ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠣᠢᠷ᠎ᠠ ᠎ᠳᠤ ᠬᠠᠲᠤᠨ ᠭᠤᠤᠯ᠎ᠤᠨ ᠥᠪᠥᠷ ᠮᠣᠩᠭᠤᠯ᠎ᠤᠨ ᠬᠡᠰᠡᠭ ᠲᠠᠬᠢ ᠭᠤᠤᠯ᠎ᠤᠨ ᠵᠠᠮ᠎ᠢ ᠵᠠᠰᠠᠬᠤ ᠢᠨᠵᠧᠨᠧᠷᠢᠩ᠎ᠤᠨ ᠪᠣᠯᠣᠮᠵᠢᠲᠤ ᠰᠤᠳᠤᠯᠭᠠᠨ᠎ᠤ ᠮᠡᠳᠡᠭᠦᠯᠦᠯᠲᠡ᠎ᠶ᠋ᠢ ᠵᠢᠩᠬᠢᠨᠢ᠎ᠪᠠᠷ ᠴᠤᠬᠤᠯᠠᠪᠤᠷᠢᠯᠠᠭ᠍ᠰᠠᠨ᠎ᠨᠢ ᠲᠣᠰ ᠢᠨᠵᠧᠨᠧᠷᠢᠩ᠎ᠤᠨ ᠡᠮᠦᠨᠡᠬᠢ ᠬᠤᠭᠤᠴᠠᠭᠠᠨ᠎ᠤ ᠠᠵᠢᠯ ᠵᠠᠩᠭᠢᠯᠠᠭ᠎ᠠ ᠎ᠶ᠋ᠢᠨ ᠱᠢᠪᠲᠤᠯᠤᠯᠲᠠ ᠪᠠ ᠴᠢᠬᠤᠯᠠ ᠶᠡᠭᠡ ᠠᠬᠢᠴᠠ᠎ᠲᠠᠢ ᠪᠣᠯᠤᠭ᠍ᠰᠠᠨ᠎ᠢ ᠬᠠᠷᠠᠭᠤᠯᠵᠤ ᠪᠠᠢᠨ᠎ᠠ᠃

 

 

  ᠬᠠᠲᠤᠨ ᠭᠣᠤᠯ᠎ᠤᠨ ᠥᠪᠥᠷ ᠮᠣᠩᠭᠣᠯ᠎ᠤᠨ ᠬᠢᠯᠢ ᠎ᠶ᠋ᠢᠨ ᠳᠣᠲᠤᠷᠠᠬᠢ ᠭᠣᠤᠯ ᠤᠷᠤᠰᠭᠠᠯ᠎ᠤᠨ ᠤᠷᠲᠤ᠎ᠶ᠋ᠢᠨ ᠬᠡᠮᠵᠢᠶ᠎ᠡ ᠨᠢ ᠪᠠᠷᠤᠭ 843.5 ᠺᠢᠯᠣᠮᠧᠲ᠋ᠷ ᠪᠠᠢᠵᠤ᠂ ᠬᠠᠲᠤᠨ ᠭᠣᠤᠯ᠎ᠤᠨ ᠶᠡᠷᠦᠩᠬᠡᠶ ᠤᠷᠲᠤ᠎ᠶ᠋ᠢᠨ ᠬᠡᠮᠵᠢᠶ᠎ᠡ ᠎ᠶ᠋ᠢᠨ 15.4% ᠎ᠶ᠋ᠢ ᠡᠵᠡᠯᠡᠵᠦ᠍ ᠪᠤᠶ᠃ ᠬᠠᠲᠤᠨ ᠭᠣᠤᠯ᠎ᠤᠨ ᠥᠪᠥᠷ ᠮᠣᠩᠭᠣᠯ᠎ᠦᠨ ᠬᠡᠰᠡᠭ ᠲᠠᠬᠢ ᠭᠣᠤᠯ᠎ᠤᠨ ᠵᠠᠮ᠎ᠢ ᠵᠠᠰᠠᠬᠤ ᠢᠨᠵᠧᠨᠧᠷᠢᠩ᠎ᠦᠨ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 33 ᠳ᠋ᠦᠩᠱᠢᠭᠤᠷ ᠲᠥᠭᠥᠷᠢᠭ ᠪᠠᠢᠵᠤ᠂ ᠵᠠᠰᠠᠬᠤ ᠭᠣᠤᠯ᠎ᠤᠨ ᠬᠡᠰᠡᠭ᠎ᠦᠨ ᠤᠷᠲᠤ ᠨᠢ 700 ᠺᠢᠯᠣᠮᠧᠲ᠋ᠷ ᠣᠷᠴᠢᠮ ᠪᠠᠢᠵᠤ ᠂ ᠪᠠᠷᠤᠭ ᠬᠠᠲᠤᠨ ᠭᠣᠤᠯ᠎ᠤᠨ ᠥᠪᠥᠷ ᠮᠣᠩᠭᠣᠯ᠎ᠦᠨ ᠬᠡᠰᠡᠭ ᠲᠠᠬᠢ ᠭᠣᠤᠯ ᠤᠷᠤᠰᠭᠠᠯ᠎ᠤᠨ ᠤᠷᠲᠤ᠎ᠶ᠋ᠢᠨ 80% ᠵᠢ ᠡᠵᠡᠯᠡᠨ᠎ᠡ᠃ ᠵᠠᠰᠠᠬᠤ ᠢᠨᠵᠧᠨᠧᠷᠢᠩ ᠎ᠲᠤ ᠭᠤᠤᠯᠳᠠᠭᠤ ᠭᠤᠤᠯ ᠤᠷᠤᠰᠭᠠᠯ᠎ᠤᠨ ᠬᠠᠱᠢᠯᠭ᠎ᠠ ᠳᠠᠯᠠᠩ᠎ᠢ ᠨᠡᠮᠡᠵᠦ᠍ ᠪᠤᠢᠵᠢᠭᠤᠯᠬᠤ ᠪᠠ ᠭᠤᠤᠯ᠎ᠤᠨ ᠵᠠᠮ᠎ᠢ ᠴᠡᠭ᠌ᠴᠡᠯᠡᠨ ᠵᠠᠰᠠᠬᠤ ᠵᠡᠷᠭᠡ ᠢᠨᠵᠧᠨᠧᠷᠢᠩ᠎ᠢ ᠬᠡᠷᠡᠭ᠌ᠵᠢᠭᠦᠯᠦᠨ᠎ᠡ᠃

 

 

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠲᠥᠯᠥᠪᠯᠡᠭᠡ ᠡᠳ᠋᠎ᠤᠨ ᠶᠠᠪᠤᠳᠠᠯ᠎ᠤᠨ ᠭᠠᠵᠠᠷ᠎ᠤᠨ ᠳᠡᠳ᠋ ᠳᠠᠷᠤᠭ᠎ᠠ ᠨᠢᠶᠧ ᠵᠥᠩ ᠴᠢᠩ ᠲᠠᠷᠠᠭᠠᠴᠢ᠎ᠶ᠋ᠢᠨ ᠠᠯᠬᠤᠮ᠎ᠳᠤ᠂ ᠤᠰᠤᠨ ᠠᠱᠢᠭ᠍ᠯᠠᠯᠲᠠ᠎ᠶ᠋ᠢᠨ ᠲᠢᠩᠬᠢᠮ᠎ᠨᠢ ᠥᠪᠥᠷ ᠮᠣᠩᠭᠤᠯ᠎ᠤᠨ ᠤᠰᠤᠨ᠎ᠤ ᠶᠠᠪᠤᠳᠠᠯ᠎ᠤᠨ ᠬᠥᠭ᠌ᠵᠢᠭᠦᠯᠦᠯᠲᠡ᠎ᠶ᠋ᠢᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠲᠠᠢ ᠬᠠᠮᠵᠢᠯᠴᠠᠨ ᠲᠥᠷᠥᠯ ᠵᠦᠢᠯ᠎ᠤᠨ ᠬᠠᠤᠯᠢ᠎ᠶ᠋ᠢᠨ ᠡᠷᠬᠡᠲᠡᠨ᠎ᠤ ᠨᠢᠭᠡᠴᠢ᠎ᠶ᠋ᠢ ᠬᠠᠮᠲᠤ ᠪᠠᠷ ᠱᠠᠭᠠᠷᠳᠠᠵᠤ ᠪᠠᠢᠭᠠᠳ ᠪᠣᠳᠠᠲᠠᠶ᠎ᠲᠠᠢ᠎ᠪᠠᠨ ᠤᠶᠠᠯᠳᠤᠭᠤᠯᠤᠨ ᠲᠠᠷᠠᠭᠠᠴᠢ ᠎ᠶ᠋ᠢᠨ ᠲᠥᠷᠥᠯ ᠵᠦᠢᠯ ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠎ᠶ᠋ᠢ ᠰᠠᠢᠲᠤᠷ ᠬᠢᠯᠭᠡᠵᠦ᠍᠂ ᠢᠨᠵᠧᠨᠧᠷᠢᠩ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠢᠭᠤᠯᠬᠤ ᠎ᠶ᠋ᠢ ᠦᠨᠡᠨ ᠬᠦ᠌ ᠪᠠᠲᠤᠯᠠᠵᠤ᠂ ᠦᠷ᠎ᠡ ᠠᠱᠢᠭ᠎ᠢ᠎ᠨᠢ ᠪᠠᠳᠠᠷᠠᠭᠤᠯᠤᠨ᠎ᠠ᠃ 

 

 

  ᠢᠨᠵᠧᠨᠧᠷᠢᠩ ᠳᠠᠭᠤᠰᠤᠭ᠍ᠰᠠᠨ᠎ᠤ ᠳᠠᠷᠠᠭ᠎ᠠ᠂ ᠬᠠᠲᠤᠨ ᠭᠤᠤᠯ᠎ᠤᠨ ᠥᠪᠥᠷ ᠮᠣᠩᠭᠤᠯ᠎ᠤᠨ ᠬᠡᠰᠡᠭ ᠲᠠᠬᠢ ᠭᠤᠤᠯ ᠤᠷᠤᠰᠭᠠᠯ᠎ᠤᠨ ᠦᠶᠡᠷ᠎ᠢ ᠰᠡᠷᠭᠡᠢᠯᠡᠬᠦ᠌ ᠪᠠᠷᠢᠮᠵᠢᠶ᠎ᠠ᠎ᠶ᠋ᠢ ᠴᠥᠮ ᠬᠠᠲᠤᠨ ᠭᠤᠤᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠲᠥᠯᠥᠪᠵᠢᠭᠦᠯᠭᠡ᠎ᠶ᠋ᠢ ᠲᠣᠭ᠍ᠲᠠᠭᠠᠬᠤ ᠪᠠᠷᠢᠮᠵᠢᠶ᠎ᠠ᠎ᠳᠤ ᠬᠦᠷᠭᠡᠵᠦ᠍᠂ ᠬᠠᠲᠤᠨ ᠭᠤᠤᠯ᠎ᠤᠨ ᠦᠶᠡᠷ᠎ᠢ ᠰᠡᠷᠭᠡᠢᠯᠡᠬᠦ᠌ ᠰᠦᠩ᠎ᠢ ᠰᠡᠷᠭᠡᠢᠯᠡᠬᠦ᠌ ᠢᠨᠵᠧᠨᠧᠷᠢᠩ᠎ᠤᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠴᠢᠳᠠᠪᠤᠷᠢ ᠎ᠪᠠᠨ ᠨᠡᠮᠡᠭ᠌ᠳᠡᠭᠦᠯᠵᠦ᠍᠂ ᠰᠥᠩ ᠎ᠤᠨ ᠦᠶᠡᠷ ᠵᠡᠷᠭᠡ ᠪᠠᠢᠭᠠᠯᠢ᠎ᠶ᠋ᠢᠨ ᠭᠠᠮᠱᠢᠭ᠎ᠢ ᠪᠦᠲᠦᠮᠵᠢᠲᠡᠶ ᠠᠷᠭᠠᠴᠠᠭᠠᠵᠤ᠂ ᠬᠠᠲᠤᠨ ᠭᠤᠤᠯ᠎ᠤᠨ ᠠᠮᠤᠷ ᠲᠠᠢᠪᠤᠩ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠬᠦ᠌᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃

 

 

 

ᠢᠷᠡᠯᠲᠡ᠄ ᠲᠡᠭᠦᠯᠢᠯᠲᠡ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            