ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠱᠢᠭ᠍ᠯᠠᠯᠳᠠ᠎ᠶ᠋ᠢᠨ ᠶᠠᠮᠤᠨ ᠵᠸ᠋ᠵᠢᠶᠠᠩ ᠮᠤᠵᠢ᠎ᠶ᠋ᠢᠨ ᠬᠠᠩᠵᠸᠤ ᠬᠣᠲᠠ᠎ᠳᠤ ᠳ᠋ᠢᠵᠢᠲ᠋ᠠᠯ ᠢᠬᠡᠷ᠎ᠡ ᠤᠰᠤᠨ ᠠᠱᠢᠭ᠍ᠯᠠᠯᠳᠠ᠎ᠶ᠋ᠢᠨ ᠱᠢᠰᠲ᠋ᠧᠮ᠎ᠤᠨ ᠪᠠᠢᠭᠤᠯᠤᠯᠳᠠ᠎ᠶ᠋ᠢᠨ ᠠᠬᠤᠢ ᠳᠠᠯᠠᠪᠠᠢ᠎ᠶ᠋ᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-09-10

  9 ᠳ᠋ᠤᠭᠡᠷ ᠰᠠᠷ᠎ᠠ᠎ᠶ᠋ᠢᠨ 10 ᠎ᠤ ᠡᠳᠦᠷ᠂ ᠤᠰᠤᠨ ᠠᠱᠢᠬ᠍ᠯᠠᠯᠲᠠ᠎ᠶ᠋ᠢᠨ ᠶᠠᠮᠤᠨ ᠵᠧᠵᠢᠶᠠᠩ ᠮᠤᠵᠢ᠎ᠶ᠋ᠢᠨ ᠬᠠᠩᠵᠸᠤ ᠬᠤᠳᠠ᠎ᠳᠤ ᠳ᠋ᠢᠵᠢᠲ᠋ᠠᠯ ᠢᠬᠡᠷ᠎ᠡ ᠤᠰᠤᠨ ᠠᠱᠢᠬ᠍ᠯᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠠᠬᠤᠢ ᠲᠠᠯᠠᠪᠠᠢ᠎ᠶ᠋ᠢᠨ ᠬᠤᠷᠠᠯ ᠬᠤᠷᠠᠯᠳᠤᠭᠤᠯᠪᠠ᠃ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠰᠠᠢᠳ ᠯᠢ ᠭᠦᠸᠧ ᠶᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠰᠤ᠎ᠶ᠋ᠢ ᠵᠠᠰᠠᠬᠤ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠵᠤ᠂ 《ᠭᠤᠤᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠢ ᠭᠦᠨᠵᠡᠭᠡᠶ ᠨᠠᠢᠳᠠᠪᠤᠷᠢᠵᠢᠭᠤᠯᠵᠤ᠂ ᠳ᠋ᠢᠵᠢᠲ᠋ᠠᠯ ᠢᠬᠡᠷ᠎ᠡ ᠰᠠᠪᠠ ᠭᠠᠵᠠᠷ᠎ᠢᠶᠠᠷ ᠭᠤᠤᠯᠳᠠᠯᠭ᠎ᠠ ᠪᠣᠯᠭᠠᠵᠤ᠂ ᠳ᠋ᠢᠵᠢᠲ᠋ᠠᠯ ᠢᠬᠡᠷ᠎ᠡ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠱᠢᠰᠲ᠋ᠧᠮ᠎ᠲᠠᠢ ᠲᠥᠯᠥᠪᠵᠢᠭᠦᠯᠦᠨ ᠠᠬᠢᠭᠤᠯᠵᠤ᠂ ᠤᠰᠤᠨ ᠠᠱᠢᠭ᠍ᠯᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠱᠢᠨ᠎ᠢ ᠪᠠᠲᠤᠯᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠰᠠᠢᠳ ᠸᠠᠩ ᠳ᠋ᠣᠣ ᠰᠢ ᠬᠤᠷᠠᠯ ᠡᠷᠬᠢᠯᠡᠪᠡ᠃

  ᠯᠢ ᠭᠦᠸᠧ ᠶᠢᠩ᠂ ᠳ᠋ᠢᠵᠢᠲ᠋ᠠᠯ ᠢᠬᠡᠷ᠎ᠡ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠨᠢ ᠹᠢᠽᠢᠺ᠎ᠤᠨ ᠤᠰᠤᠨ ᠠᠱᠢᠭ᠍ᠯᠠᠯᠲᠠ᠎ᠶ᠋ᠢᠨ ᠡᠲᠡᠭᠡᠳ᠎ᠢᠶᠠᠷ ᠨᠢᠭᠡᠴᠢ ᠪᠣᠯᠭᠠᠵᠤ᠂ ᠴᠠᠭ ᠬᠤᠭᠤᠴᠠᠭᠠᠨ᠎ᠤ ᠲᠤᠭ᠎ᠠ ᠪᠠᠷᠢᠮᠲᠠ᠎ᠪᠠᠷ ᠰᠠᠭᠤᠷᠢ ᠪᠣᠯᠭᠠᠵᠤ᠂ ᠲᠣᠭᠠᠨ᠎ᠤ ᠤᠬᠠᠭᠠᠨ᠎ᠤ ᠵᠠᠭ᠍ᠪᠤᠷ᠎ᠢᠶᠠᠷ ᠭᠤᠣᠯ ᠪᠣᠯᠭᠠᠵᠤ᠂ ᠤᠰᠤᠨ ᠠᠱᠢᠭ᠍ᠯᠠᠯᠲᠠ᠎ᠶ᠋ᠢᠨ ᠮᠡᠳᠡᠯᠭᠡ᠎ᠪᠠᠷ ᠬᠥᠳᠡᠯᠭᠡᠭᠦᠷ ᠪᠣᠯᠭᠠᠵᠤ᠂ ᠹᠢᠽᠢᠺ᠎ᠤᠨ ᠤᠰᠤᠨ ᠠᠱᠢᠭ᠍ᠯᠠᠯᠲᠠ᠎ᠶ᠋ᠢᠨ ᠪᠦᠬᠦ᠌ ᠡᠯᠧᠮᠧᠨ᠋ᠲ ᠪᠠ ᠤᠰᠤᠨ ᠠᠱᠢᠭ᠍ᠯᠠᠯᠲᠠ᠎ᠶ᠋ᠢᠨ ᠵᠠᠰᠠᠯᠲᠠ᠎ᠶ᠋ᠢᠨ ᠠᠵᠢᠯᠯᠠᠭ᠎ᠠ᠎ᠶ᠋ᠢᠨ ᠪᠦᠬᠦ᠌ ᠶᠠᠪᠤᠴᠠ᠎ᠳᠤ ᠲᠣᠭ᠋ᠠᠨ᠎ᠤ ᠲᠤᠰᠭᠠᠯ ᠭᠠᠷᠭᠠᠬᠤ᠂ ᠣᠶᠤᠨᠴᠢ ᠎ᠪᠠᠷ ᠳᠠᠭᠤᠷᠢᠶᠠᠬᠤ᠂ ᠲᠥᠰᠥᠭᠡᠯᠡᠬᠦ᠌ ᠪᠡᠯᠡᠳᠭᠡᠯ ᠲᠣᠭ᠍ᠯᠠᠯᠲᠠ ᠬᠢᠵᠦ᠍᠂ ᠹᠢᠽᠢᠺ᠎ᠤᠨ ᠤᠰᠤᠨ ᠠᠱᠢᠭ᠍ᠯᠠᠯᠲᠠ᠎ᠶ᠋ᠢᠨ ᠡᠲᠡᠭᠡᠳ᠎ᠲᠠᠢ ᠵᠡᠷᠭᠡ ᠪᠡᠷ ᠠᠵᠢᠯᠯᠠᠭ᠍ᠰᠠᠨ᠂ ᠬᠡᠢᠰᠪᠦᠷᠢ ᠪᠣᠳᠠᠲᠤ ᠰᠡᠯᠭᠦᠭ᠌ᠰᠡᠨ᠂  ᠳᠡᠰ ᠳᠡᠪᠱᠢᠭᠦᠯᠦᠨ ᠱᠢᠯᠢᠳᠡᠭ᠌ᠵᠢᠭᠦᠯᠦᠭ᠌ᠰᠡᠨ ᠶᠡᠷᠦᠩᠬᠡᠢᠯᠡᠭ᠌ᠰᠡᠨ ᠱᠢᠰᠲ᠋ᠧᠮ ᠪᠣᠯᠤᠨ᠎ᠠ᠃ ᠳ᠋ᠢᠵᠢᠲ᠋ᠠᠯ ᠢᠬᠡᠷ᠎ᠡ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠡᠭᠦᠷᠭᠡ ᠱᠢᠨ᠎ᠡ ᠱᠠᠭᠠᠷᠳᠠᠯᠭ᠎ᠠ ᠎ᠶ᠋ᠢ ᠣᠨᠣᠪᠴᠢᠲᠠᠢ ᠡᠵᠡᠮᠳᠡᠵᠦ᠍᠂《ᠬᠡᠷᠡᠭ᠌ᠴᠡᠭᠡ ᠱᠠᠭᠠᠷᠳᠠᠯᠭ᠎ᠠ ᠎ᠪᠠᠷ ᠬᠥᠲᠥᠯᠥᠨ ᠳᠠᠭᠠᠭᠤᠯᠬᠤ᠂ ᠬᠡᠷᠡᠭ᠌ᠯᠡᠯᠲᠡ᠎ᠶ᠋ᠢ ᠳᠡᠭᠡᠳᠦᠯᠡᠬᠦ᠂ ᠳ᠋ᠢᠵᠢᠲ᠋ᠠᠯ ᠬᠦᠴᠦᠨ ᠨᠡᠮᠡᠷᠢᠯᠡᠬᠦ᠌᠂ ᠴᠢᠳᠠᠪᠤᠷᠢ᠎ᠶ᠋ᠢ ᠳᠡᠭᠡᠭ᠌ᠰᠢᠯᠡᠭᠦᠯᠬᠦ᠌》 ᠵᠠᠷᠴᠢᠮ ᠶᠣᠰᠣᠭᠠᠷ᠂ ᠳ᠋ᠢᠵᠢᠲ᠋ᠠᠯ ᠢᠬᠡᠷ᠎ᠡ ᠰᠠᠪᠠ ᠭᠠᠵᠠᠷ᠂ ᠳ᠋ᠢᠵᠢᠲ᠋ᠠᠯ ᠢᠬᠡᠷ᠎ᠡ ᠤᠰᠤᠨ᠎ᠤ ᠲᠣᠣᠷ᠂ ᠳ᠋ᠢᠵᠢᠲ᠋ᠠᠯ ᠢᠬᠡᠷ᠎ᠡ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢ ᠱᠢᠰᠲ᠋ᠧᠮ᠎ᠲᠠᠢ ᠠᠬᠢᠭᠤᠯᠵᠤ᠂ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠤᠷᠢᠳᠴᠢᠯᠠᠨ ᠲᠣᠭ᠍ᠯᠠᠬᠤ ᠪᠡᠯᠡᠳᠭᠡᠯ ᠲᠥᠰᠦᠯ᠎ᠤᠨ ᠴᠢᠳᠠᠮᠵᠢ᠎ᠶ᠋ᠢ ᠪᠡᠶᠡᠯᠡᠭᠦᠯᠵᠦ᠍᠂ ᠤᠰᠤᠨ ᠠᠱᠢᠭ᠍ᠯᠠᠯᠲᠠ᠎ᠶ᠋ᠢᠨ ᠵᠠᠰᠠᠯᠲᠠ ᠬᠠᠮᠢᠶᠠᠷᠤᠯᠲᠠ᠎ᠶ᠋ᠢᠨ ᠣᠳᠣᠬᠢᠴᠢᠯᠠᠯᠲᠠ᠎ᠶ᠋ᠢᠨ ᠴᠢᠳᠠᠪᠤᠷᠢ ᠪᠠ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠵᠢᠭ᠋ᠠᠵᠤ ᠭᠠᠷᠭ᠋ᠠᠪᠠ᠃

  ᠯᠢ ᠭᠦᠸᠧ ᠶᠢᠩ᠂ 《ᠣᠭ᠍ᠲᠠᠷᠭᠤᠶ᠂ ᠭᠠᠵᠠᠷ ᠎ᠦᠨ ᠭᠠᠳᠠᠷᠭᠤ᠂ ᠤᠰᠤᠨ ᠳᠣᠣᠷ᠎ᠠ᠂ ᠢᠨᠵᠸᠨ᠋ᠸᠷᠢᠩ》᠎ᠢ ᠨᠢᠭᠡ ᠴᠤᠭ᠍ᠴᠠᠵᠢᠭᠤᠯᠤᠨ ᠬᠢᠨᠠᠨ ᠬᠡᠮᠵᠢᠵᠦ᠍ ᠮᠡᠳᠡᠷᠡᠬᠦ᠌ ᠱᠢᠰᠲ᠋ᠧᠮ᠎ᠢ ᠲᠦᠷᠭᠡᠨ ᠪᠠᠢᠭᠤᠯᠵᠤ᠂ ᠲᠤᠭ᠎ᠠ ᠪᠠᠷᠢᠮᠲᠠ᠎ᠶ᠋ᠢ ᠴᠤᠭ᠍ᠯᠠᠭᠤᠯᠬᠤ ᠪᠠ ᠪᠥᠭᠡᠮᠨᠡᠷᠡᠯ᠎ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠵᠤ᠂ ᠬᠢᠨᠠᠨ ᠬᠡᠮᠵᠢᠬᠦ᠌ ᠮᠡᠷᠭᠡᠵᠢᠯ᠎ᠤᠨ ᠲᠥᠬᠦᠭᠡᠷᠦᠮᠵᠢ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ  ᠲᠸᠭ᠌ᠨᠢᠭ ᠮᠡᠷᠭᠡᠵᠢᠯ᠎ᠤᠨ ᠲᠤᠯᠭᠠᠭᠤᠷᠢᠯᠠᠯ᠎ᠤᠨ ᠡᠷᠴᠢᠮ᠎ᠢ ᠶᠡᠬᠡᠳᠭᠡᠵᠦ᠍᠂ ᠤᠰᠤᠨ ᠠᠱᠢᠭ᠍ᠯᠠᠯᠲᠠ᠎ᠶ᠋ᠢᠨ ᠵᠠᠰᠠᠯᠲᠠ᠎ᠶ᠋ᠢᠨ ᠬᠠᠮᠢᠶᠠᠷᠤᠯᠲᠠ᠎ᠶ᠋ᠢᠨ ᠡᠲᠡᠭᠡᠳ᠎ᠢ ᠪᠦᠬᠦᠨ᠎ᠢ ᠪᠦᠷᠬᠦᠬᠦᠯᠬᠦ᠂ ᠪᠦᠬᠦ᠌ ᠣᠷᠣᠨ ᠵᠠᠢ᠂ ᠪᠦᠬᠦ᠌ ᠡᠯᠧᠮᠧᠨ᠋ᠲ᠂ ᠪᠦᠬᠦᠯᠢ ᠡᠳᠦᠷ᠎ᠢᠶᠠᠷ ᠬᠢᠨᠠᠨ ᠬᠡᠮᠵᠢᠵᠦ᠍ ᠮᠡᠳᠡᠬᠦ᠌᠎ᠶ᠋ᠢ ᠬᠡᠷᠡᠭ᠌ᠵᠢᠭᠦᠯᠵᠦ᠍᠂ ᠣᠨᠣᠪᠴᠢᠲᠤ ᠴᠢᠨᠠᠷ᠂ ᠢᠵᠢᠯ ᠠᠯᠬᠤᠮᠲᠤ ᠴᠢᠨᠠᠷ᠂ ᠴᠠᠭ ᠲᠤᠬᠠᠢ᠌ᠴᠢ ᠴᠢᠨᠠᠷ᠎ᠢ ᠪᠠᠲᠤᠯᠠᠬᠤ ᠬᠡᠷᠡᠭ᠌ᠲᠡᠢ᠃ ᠲᠣᠭᠠᠨ᠎ᠤ ᠤᠬᠠᠭᠠᠨ᠎ᠤ ᠵᠠᠭ᠍ᠪᠤᠷ᠎ᠤᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠡᠭ᠌ᠴᠡ ᠵᠠᠭ᠍ᠪᠤᠷ ᠢᠯᠠᠩᠭᠤᠶ᠎ᠠ ᠵᠢᠮ᠎ᠡ ᠶᠣᠰᠣᠨ᠎ᠤ ᠵᠠᠭ᠍ᠪᠤᠷ᠎ᠢ ᠳ᠋ᠢᠵᠢᠲ᠋ᠠᠯ ᠢᠬᠡᠷ᠎ᠡ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠭᠤᠣᠯᠳᠠᠯᠭ᠎ᠠ ᠪᠣᠯᠭᠠᠵᠤ᠂ ᠬᠢᠨᠠᠨ ᠬᠡᠮᠵᠢᠯᠲᠡ᠎ᠶ᠋ᠢᠨ ᠮᠡᠳᠡᠷᠡᠬᠦ᠌ ᠱᠢᠰᠲ᠋ᠧᠮ᠎ᠲᠠᠢ ᠬᠣᠯᠪᠣᠯᠳᠤᠭᠤᠯᠬᠤ ᠎ᠶ᠋ᠢ ᠴᠢᠩᠭᠠᠳᠭᠠᠵᠤ᠂ ᠵᠠᠭ᠍ᠪᠤᠷ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠭᠦᠨᠵᠡᠭᠡᠢᠷᠡᠭᠦᠯᠵᠦ᠍᠂ ᠦᠨᠡᠯᠡᠨ ᠵᠢᠱ᠌ᠢᠵᠦ᠍ ᠱᠢᠯᠭᠠᠨ ᠪᠠᠲᠤᠯᠠᠵᠤ᠂ 《ᠵᠥᠪ ᠴᠢᠭ᠌ᠯᠡᠯ  ᠰᠥᠷᠭᠡᠦ ᠴᠢᠭ᠌ᠯᠡᠯ  ᠵᠥᠪ ᠴᠢᠭ᠌ᠯᠡᠯ》᠎ᠤᠨ ᠤᠯᠠᠷᠢᠭᠤᠯᠬᠤ ᠴᠢᠳᠠᠮᠵᠢ᠎ᠶ᠋ᠢ ᠴᠢᠩᠭᠠᠳᠭᠠᠵᠤ᠂ ᠤᠰᠤᠨ ᠠᠱᠢᠭ᠍ᠯᠠᠯᠲᠠ᠎ᠶ᠋ᠢᠨ ᠵᠠᠰᠠᠯᠲᠠ᠎ᠶ᠋ᠢᠨ ᠬᠠᠮᠢᠶᠠᠷᠤᠯᠲᠠ᠎ᠳᠤ ᠲᠥᠰᠥᠭᠡᠯᠡᠬᠦ᠌᠂ ᠱᠢᠨᠵᠢᠯᠡᠬᠦ᠌ ᠤᠬᠠᠭᠠᠨᠴᠢ᠂ ᠣᠨᠣᠪᠴᠢᠲᠠᠢ᠂ ᠠᠮᠤᠷ ᠲᠦᠪᠱᠢᠨ᠎ᠤ ᠱᠢᠢᠳᠪᠦᠷᠢᠲᠦ ᠪᠤᠳᠤᠯᠭ᠎ᠠ᠎ᠶ᠋ᠢᠨ ᠳᠡᠮᠵᠢᠯᠭᠡ ᠬᠠᠩᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

  ᠯᠢ ᠭᠦᠸᠧ ᠶᠢᠩ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭᠠᠨ ᠪᠦᠲᠦᠭᠡᠨ ᠪᠠᠢᠭᠤᠯᠤᠯᠲᠠ᠎ᠶ᠋ᠢᠨ ᠰᠠᠪᠠ ᠭᠠᠵᠠᠷ᠎ᠢ ᠪᠦᠷᠬᠦᠭ᠌ᠰᠡᠨ ᠦᠶᠡᠷ᠎ᠢ ᠰᠡᠷᠭᠡᠢᠯᠡᠬᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠪᠠ ᠲᠣᠬᠢᠷᠠᠭᠤᠯᠤᠯᠲᠠ ᠵᠡᠷᠭᠡ ᠲᠤᠬᠠᠢᠯᠠᠭ᠍ᠰᠠᠨ ᠠᠵᠢᠯ᠎ᠤᠨ ᠬᠡᠷᠡᠭ᠌ᠯᠡᠯᠲᠡ᠎ᠶ᠋ᠢᠨ ᠡᠯ᠎ᠡ ᠲᠠᠰ ᠳᠠᠪᠬᠤᠷᠭ᠎ᠠ᠎ᠶ᠋ᠢᠨ ᠳ᠋ᠢᠵᠢᠲ᠋ᠠᠯ ᠢᠬᠡᠷ᠎ᠡ ᠲᠠᠪᠴᠠᠩ᠎ᠢ ᠪᠠᠢᠭᠤᠯᠵᠤ᠂ ᠳ᠋ᠢᠵᠢᠲ᠋ᠠᠯ ᠢᠬᠡᠷ᠎ᠡ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠬᠡᠷᠡᠭ᠌ᠯᠡᠯᠲᠡ᠎ᠶ᠋ᠢᠨ ᠳᠤᠮᠳᠠ ᠲᠡᠭᠦᠯᠳᠡᠷᠵᠢᠭᠦᠯᠬᠦ᠂ ᠪᠣᠳᠠᠲᠤ ᠲᠡᠢᠨ᠎ᠤ ᠳᠤᠮᠳᠠ ᠲᠠᠰ ᠳᠡᠪᠱᠢᠭᠦᠯᠦᠨ ᠱᠢᠯᠢᠳᠡᠭ᠌ᠵᠢᠭᠦᠯᠬᠦ᠌ ᠎ᠶ᠋ᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠬᠥᠳᠡᠯᠦᠩᠭᠦᠶ᠎ᠪᠠᠷ ᠵᠠᠰᠠᠪᠤᠷᠢ ᠣᠷᠣᠭᠤᠯᠬᠤ᠂ ᠳᠡᠰ ᠳᠡᠪᠱᠢᠭᠦᠯᠦᠨ ᠱᠢᠯᠢᠳᠡᠭ᠌ᠵᠢᠭᠦᠯᠬᠦ᠌ ᠎ᠶ᠋ᠢ ᠪᠡᠶᠡᠯᠡᠭᠦᠯᠵᠦ᠍᠂ ᠱᠢᠨ᠎ᠡ ᠪᠠᠢᠳᠠᠯ ᠳᠣᠤᠷᠠᠬᠢ ᠤᠰᠤᠨ ᠠᠱᠢᠭ᠍ᠯᠠᠯᠲᠠ᠎ᠶ᠋ᠢᠨ ᠵᠠᠰᠠᠯᠲᠠ᠎ᠶ᠋ᠢᠨ ᠬᠠᠮᠢᠶᠠᠷᠤᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ ᠎ᠳᠤ ᠲᠠᠰᠤᠷᠠᠯᠲᠠ ᠥᠬᠡᠶ ᠵᠣᠬᠢᠴᠠᠬᠤ᠎ᠶ᠋ᠢᠨ ᠬᠠᠮᠲᠤ ᠬᠠᠩᠭᠠᠬᠤ ᠬᠡᠷᠡᠭ᠌ᠲᠡᠶ ᠭᠡᠵᠦ᠍ ᠱᠠᠭᠠᠷᠳᠠᠪᠠ᠃

  ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠮᠢᠶ᠎ᠠ ᠪᠦᠬᠦᠢ ᠵᠤᠷᠭᠠᠨ ᠲᠣᠪᠴᠢᠶ᠎ᠠ᠂ ᠱᠢᠭᠤᠳ ᠬᠠᠷᠢᠶ᠎ᠠ ᠨᠢᠭᠡᠴᠢ᠂ ᠰᠠᠪᠠ ᠭᠠᠵᠠᠷ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ ᠪᠠ ᠱᠢᠨᠵᠢᠶᠠᠩ ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠤᠰᠤᠨ ᠠᠱᠢᠭ᠍ᠯᠠᠯᠲᠠ (ᠤᠰᠤᠨ᠎ᠤ       ᠶᠠᠪᠤᠳᠠᠯ )᠎ᠶ᠋ᠢᠨ ᠲᠢᠩᠬᠢᠮ (ᠲᠣᠪᠴᠢᠶ᠎ᠠ )᠂ ᠭᠤᠷᠪᠠᠨ ᠬᠠᠪᠴᠢᠯ᠎ᠤᠨ ᠪᠦᠯᠦᠭ᠌ᠯᠡᠯ᠂ ᠡᠮᠦᠨᠡᠲᠦ ᠎ᠶ᠋ᠢᠨ ᠤᠰᠤ᠎ᠶ᠋ᠢ ᠤᠮᠠᠷᠠᠰᠢ ᠲᠠᠲᠠᠬᠤ ᠪᠦᠯᠦᠭ᠌ᠯᠡᠯ ᠵᠡᠷᠭᠡ ᠬᠤᠯᠪᠣᠭ᠍ᠳᠠᠯ ᠪᠦᠬᠦᠢ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠵᠠᠢ᠃ ᠬᠤᠷᠠᠯ᠎ᠳᠤ ᠣᠷᠣᠯᠴᠠᠭ᠍ᠰᠠᠳ ᡁᠢ  ᠵᠢᠶᠠᠩ ᠤᠰᠤᠨ ᠱᠢᠨᠵᠢᠯᠡᠭᠡᠨ᠎ᠤ ᠦᠷᠳᠡᠭᠡ᠂ ᠰᠢ ᠵᠢᠶᠠᠩ ᠲᠠᠩ᠂ ᠰᠢᠶᠤᠤ ᠱᠠᠨ ᠬᠦᠢᠰᠦ ᠵᠡᠷᠭᠡ ᠲᠤᠬᠠᠢ᠎ᠶ᠋ᠢᠨ ᠭᠠᠵᠠᠷ ᠎ᠲᠤ ᠨᠢ ᠱᠢᠨᠵᠢᠯᠡᠨ ᠪᠠᠢᠴᠠᠭᠠᠵᠤ᠂ ᠳ᠋ᠢᠵᠢᠲ᠋ᠠᠯ ᠢᠬᠡᠷ᠎ᠡ ᠰᠠᠪᠠ ᠭᠠᠵᠠᠷ᠂ ᠳ᠋ᠢᠵᠢᠲ᠋ᠠᠯ ᠢᠬᠡᠷ᠎ᠡ ᠤᠰᠤᠨ ᠲᠣᠣᠷ᠂ ᠳ᠋ᠢᠵᠢᠲ᠋ᠠᠯ ᠢᠬᠡᠷ᠎ᠡ ᠢᠨᠵᠧᠨᠧᠷᠢᠩ ᠎ᠤᠨ ᠪᠦᠳᠦᠭᠡᠨ ᠪᠠᠢᠭᠤᠯᠤᠯᠲᠠ ᠪᠠ ᠬᠢᠨᠠᠨ ᠬᠡᠮᠵᠢᠯᠲᠡ᠎ᠶ᠋ᠢᠨ ᠮᠡᠳᠡᠷᠡᠬᠦ᠌ ᠮᠡᠷᠭᠡᠵᠢᠯ᠎ᠤᠨ ᠲᠤᠨᠤᠭ ᠲᠥᠬᠦᠭᠡᠷᠦᠮᠵᠢ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠭ᠌ᠰᠡᠨ ᠦᠷ᠎ᠡ ᠪᠦᠲᠦᠮᠵᠢ᠎ᠶ᠋ᠢ ᠲᠤᠬᠠᠢ᠎ᠶ᠋ᠢᠨ ᠭᠠᠵᠠᠷ᠎ᠲᠤ ᠨᠢ ᠣᠢᠯᠠᠭᠠᠪᠠ᠃ ᠡᠮᠦᠨᠡᠲᠦ᠍᠎ᠶ᠋ᠢᠨ ᠤᠰᠤ᠎ᠶ᠋ᠢ ᠤᠮᠠᠷᠠᠰᠢ ᠲᠠᠲᠠᠬᠤ ᠪᠦᠯᠦᠭ᠌ᠯᠡᠯ᠂ ᠬᠠᠳᠤᠨ ᠭᠤᠣᠯ᠎ᠤᠨ ᠨᠠᠮ᠎ᠤᠨ ᠬᠤᠷᠢᠶ᠎ᠠ᠂ ᠵᠦᠵᠢᠶᠠᠩ ᠮᠥᠷᠡᠨ᠎ᠤ ᠨᠠᠮ᠎ᠤᠨ ᠬᠤᠷᠢᠶ᠎ᠠ᠂ ᠵᠧᠵᠢᠶᠠᠩ᠂ ᠹᠦᠵᠢᠶᠠᠨ᠂ ᠵᠢᠶᠠᠩᠰᠢ᠂ ᠱᠠᠨᠳᠦ᠋ᠩ᠂ ᠭᠠᠨᠰᠦ ᠵᠡᠷᠭᠡ ᠮᠤᠵᠢ᠎ᠶ᠋ᠢᠨ ᠤᠰᠤᠨ ᠠᠱᠢᠭ᠍ᠯᠠᠯᠲᠠ᠎ᠶ᠋ᠢᠨ ᠲᠢᠩᠬᠢᠮ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃

 

ᠵᠣᠬᠢᠶᠠᠭ᠍ᠴᠢ᠄ ᠯᠢ ᠯᠸᠢ᠂ ᠶᠤᠸᠠᠨ ᠺᠠᠶ ᠺᠠᠶ    ᠬᠠᠷᠢᠭᠤᠴᠠᠭ᠍ᠰᠠᠨ ᠨᠠᠢᠷᠠᠭᠤᠯᠤᠭ᠍ᠴᠢ᠄ ᠵᠢᠶᠠᠨ ᠵᠧᠨ ᠵᠧᠨ

ᠢᠷᠡᠯᠲᠡ᠄ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            