9 ᠰᠠᠷ᠎ᠠ᠎ᠶ᠋ᠢᠨ 11᠎ᠦ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠣᠶᠠᠳᠤᠭᠠᠷ ᠬᠢᠨᠠᠨ ᠪᠠᠢᠴᠠᠭᠠᠬᠤ ᠳᠤᠭᠤᠢᠯᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠬᠢᠨᠠᠨ ᠪᠠᠢᠴᠠᠭᠠᠭ᠍ᠰᠠᠨ ᠪᠠᠢᠳᠠᠯ᠎ᠢᠶᠠᠨ ᠬᠠᠷᠢᠭᠤ ᠲᠤᠰᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠰᠦᠨ ᠱᠤᠤ ᠴᠧᠩ ᠬᠤᠷᠠᠯ ᠳᠡᠭᠡᠷ᠎ᠡ ᠣᠪᠣᠷ᠎ᠢᠶᠠᠨ ᠢᠯᠡᠳᠭᠡᠬᠦ᠌ ᠦᠭᠡ ᠬᠡᠯᠡᠵᠡᠢ᠃

ᠰᠦᠨ ᠱᠤᠤ ᠴᠧᠩ᠂ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤ ᠲᠤᠰᠭᠠᠭ᠍ᠰᠠᠨ ᠰᠠᠨᠠᠯ ᠨᠢ ᠤᠨᠢᠨ ᠲᠡᠬᠡᠷ᠎ᠡ ᠨᠢ ᠠᠰᠠᠭᠤᠳᠠᠯ᠎ᠢ ᠳᠤᠰᠬᠠᠵᠤ᠂ ᠭᠦᠨᠵᠡᠭᠡᠢ ᠪᠦᠬᠡᠳ ᠨᠡᠪᠲᠡᠷᠬᠡᠢ ᠪᠠᠢᠵᠤ᠂ ᠭᠦᠨᠵᠡᠬᠡᠢ ᠰᠡᠬᠡᠭᠡᠷᠡᠬᠦᠯᠵᠦ᠂ ᠳᠤᠷᠠᠳᠤᠭ᠍ᠰᠠᠨ ᠱᠠᠭᠠᠷᠳᠠᠯᠭ᠎ᠠ᠎ᠶᠢᠨ ᠵᠣᠭ᠍ᠰᠣᠴᠠ ᠨᠢ ᠦᠨᠳᠦᠷ᠂ ᠪᠣᠳᠠᠳᠤ ᠪᠠᠢᠳᠠᠯ ᠲᠠᠢ ᠨᠡᠢᠴᠡᠵᠦ᠍᠂ ᠴᠢᠭᠯᠡᠯ᠎ᠢ ᠣᠨᠣᠪᠴᠢᠲᠠᠢ ᠵᠢᠭᠠᠨ ᠭᠠᠷᠭᠠᠵᠤ᠂ ᠥᠪᠥᠷ ᠮᠣᠩᠭᠣᠯ᠎ᠤᠨ ᠬᠢᠨ᠎ᠤ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠪᠦᠷᠢᠨ ᠪᠦᠲᠦᠨ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠳᠤ ᠴᠢᠬᠤᠯᠠ ᠪᠣᠳᠠᠲᠤ ᠠᠴᠢ ᠬᠣᠯᠪᠣᠭ᠍ᠳᠠᠯ᠎ᠲᠠᠶ᠎ᠪᠠᠷ ᠪᠠᠷᠠᠬᠤ ᠦᠭᠡᠢ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠴᠦ᠍ ᠴᠢᠬᠤᠯᠠ ᠠᠯᠤᠰ ᠬᠡᠳᠦ᠍᠎ᠶ᠋ᠢᠨ ᠨᠥᠯᠥᠭᠡ᠎ᠲᠡᠶ ᠶᠤᠮ᠃ ᠪᠢᠳᠡ ᠪᠦᠷᠢᠮᠦᠰᠦᠨ ᠵᠥᠪᠱᠢᠶᠡᠷᠡᠵᠦ᠍᠂ ᠴᠢᠩ ᠦᠨᠡᠨᠴᠢ᠎ᠪᠡᠷ ᠬᠦᠯᠢᠶᠡᠨ ᠠᠪᠴᠤ᠌᠂ ᠪᠦᠬᠦᠨ᠎ᠢ ᠲᠡᠷᠡ ᠶᠤᠰᠤᠭᠠᠷ ᠨᠢ ᠬᠦᠯᠢᠶᠡᠨ ᠠᠪᠤᠨ᠎ᠠ᠂ ᠯᠠᠪᠲᠠᠢ ᠡᠨᠡ ᠤᠳᠠᠭ᠎ᠠ᠎ᠶ᠋ᠢᠨ ᠬᠢᠨᠠᠨ ᠪᠠᠢᠴᠠᠭᠠᠯᠲᠠ᠎ᠳᠤ ᠤᠯᠤᠭᠰᠠᠨ ᠴᠢᠬᠤᠯᠠ ᠦᠷ᠎ᠡ ᠪᠦᠲᠦᠭᠡᠯ᠎ᠢ ᠰᠠᠢᠲᠤᠷ ᠠᠱᠢᠭ᠍ᠯᠠᠵᠤ᠂ ᠬᠢᠨᠠᠨ ᠪᠠᠢᠴᠠᠭᠠᠯᠳᠠ᠎ᠳᠤ ᠢᠯᠡᠷᠡᠭᠦᠯᠦᠭ᠌ᠰᠡᠨ ᠠᠰᠠᠭᠤᠳᠠᠯ ᠪᠣᠯᠤᠨ ᠵᠢᠭᠠᠵᠤ ᠭᠠᠷᠭᠠᠭ᠍ᠰᠠᠨ ᠴᠢᠭ᠌ᠯᠡᠯ᠎ᠢ ᠵᠢᠷᠤᠮᠯᠠᠨ᠂ ᠥᠨᠳᠥᠷ ᠲᠦᠪᠱᠢᠨ ᠪᠦᠬᠦᠢ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠨᠡᠩ ᠥᠨᠳᠥᠷ ᠳᠡᠰ ᠳᠠᠪᠬᠤᠷᠭ᠎ᠠ ᠲᠡᠢᠰᠢ ᠠᠬᠢᠭᠤᠯᠤᠨ᠎ᠠ ᠭᠡᠪᠡ᠃
ᠰᠦᠨ ᠱᠤᠤ ᠴᠸᠩ᠂ ᠪᠢᠳᠡ ᠯᠠᠪᠳᠠᠢ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ ᠦᠨᠡᠨ ᠪᠠᠲᠤᠲᠠᠢ ᠦᠢᠯᠡᠳᠦᠯᠭᠡᠵᠢᠭᠦᠯᠵᠦ᠍᠂ 《ᠤᠯᠤᠰ᠎ᠤᠨ ᠶᠡᠬᠡ ᠶᠠᠪᠤᠳᠠᠯ》᠎ᠢ ᠡᠬᠦᠷᠬᠡᠯᠡᠬᠦ ᠦᠵᠡᠯ ᠰᠠᠨᠠᠭᠠᠨ᠎ᠤ ᠰᠠᠭᠤᠷᠢ᠎ᠶ᠋ᠢ ᠪᠠᠲᠤᠳᠬᠠᠵᠤ᠂ ᠡᠯ᠎ᠡ ᠵᠦᠢᠯ᠎ᠦᠨ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢ ᠴᠢᠩᠭ᠎ᠠ ᠪᠣᠳᠠᠲᠠᠢ ᠱᠠᠯᠠᠪᠳᠠᠨ ᠨᠠᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠳᠠᠭᠠᠭᠰᠠᠨ》᠎ᠢ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠦᠨ᠎ᠡ᠃ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠭᠠᠭᠤᠯᠬᠤ᠎ᠶ᠋ᠢ ᠪᠠᠷᠢᠮᠲᠠᠯᠠᠵᠤ᠂ ᠴᠡᠭ᠌ᠴᠡᠯᠡᠨ ᠰᠠᠢᠵᠢᠷᠠᠭᠤᠯᠬᠤ 《ᠨᠢᠭᠡ ᠱᠤᠭᠤᠮ》᠎ᠤᠨ ᠠᠵᠢᠯ᠎ᠤᠨ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠨᠢᠭᠡ ᠱᠠᠳᠤ ᠨᠢ ᠨᠢᠭᠡ ᠱᠠᠳᠤ᠎ᠪᠠᠨ ᠠᠳᠭᠤᠵᠤ᠂ ᠱᠠᠳᠤ ᠱᠠᠳᠤ᠎ᠪᠠᠷ ᠨᠠᠢᠳᠠᠪᠤᠷᠢᠵᠢᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠥᠷᠯᠥᠭᠡ ᠦᠳᠡᠰᠢ᠎ᠶ᠋ᠢ ᠲᠡᠮᠡᠴᠡᠨ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ᠂ 《ᠤᠳᠠᠭᠠᠨ ᠪᠦᠳᠦᠭᠦᠯᠢᠭ ᠬᠡᠢᠰᠪᠦᠷᠢ》 ᠪᠠᠢᠬᠤ ᠠᠰᠠᠭᠤᠳᠠᠯ᠎ᠢ ᠡᠷᠡᠰ ᠲᠡᠪᠴᠢᠵᠦ᠍᠂ ᠮᠡᠳᠡᠵᠤ ᠪᠠᠢᠭᠠᠳ ᠵᠣᠷᠢᠭᠤᠳᠠ ᠵᠥᠷᠢᠴᠡᠬᠦ᠌᠂ ᠣᠯᠠᠨᠲᠠ ᠰᠤᠷᠭᠠᠬᠰᠠᠨ ᠴᠦ᠍ ᠦᠯᠦ᠍ ᠵᠠᠰᠠᠷᠠᠬᠤ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠪᠠᠯ ᠨᠡᠩ ᠬᠦᠨᠳᠦ᠎ᠪᠠᠷ ᠰᠢᠢᠳᠪᠦᠷᠢᠯᠡᠵᠤ᠂ ᠴᠢᠩᠭ᠎ᠠ ᠵᠠᠯᠬᠠᠭᠠᠨ ᠱᠢᠢᠳᠭᠡᠨᠠ᠃ ᠠᠯᠤᠰ ᠬᠡᠳᠤ᠎ᠡᠴᠡ ᠪᠣᠳᠣᠯᠬᠢᠯᠠᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠯᠳᠠᠭ᠎ᠠ ᠪᠤᠷᠤᠭᠤ᠎ᠶᠢ ᠵᠠᠯᠠᠷᠠᠭᠤᠯᠬᠤ᠂ ᠲᠣᠭ᠍ᠲᠠᠴᠠ᠎ᠶᠢ ᠥᠭᠡᠷᠡᠴᠢᠯᠡᠬᠦ᠌᠂ ᠪᠠᠢᠷᠢᠱᠢᠭᠤᠯᠤᠯᠲᠠ᠎ᠶᠢ ᠬᠤᠪᠢᠷᠠᠭᠤᠯᠬᠤ᠂ ᠰᠤᠷᠲᠠᠯ᠎ᠢ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠡᠬᠢ ᠡᠭᠦᠰᠦᠯ᠎ᠡᠴᠡ ᠨᠢ ᠠᠳᠭᠤᠬᠤ᠂ ᠠᠯᠤᠰ ᠬᠡᠳᠤ᠎ᠶ᠋ᠢ ᠬᠠᠮᠢᠶᠠᠷᠬᠤ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠦᠬᠦ᠌ ᠡᠯᠧᠮᠧᠨ᠋ᠲ᠎ᠦᠨ ᠪᠦᠬᠦ᠌ ᠲᠠᠯ᠎ᠠ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠪᠠᠢᠷᠢᠱᠢᠯ᠎ᠢ ᠲᠦᠷᠭᠡᠳᠬᠡᠨ ᠪᠠᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠥᠨᠳᠥᠷ ᠭᠠᠷᠤᠭ᠎ᠠ᠂ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠳᠤ ᠨᠡᠩ ᠶᠡᠬᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ ᠭᠡᠵᠤ ᠢᠯᠡᠳᠭᠡᠪᠡ᠃