9 ᠳ᠋ᠤᠭᠡᠷ ᠰᠠᠷ᠎ᠠ᠎ᠶ᠋ᠢᠨ 8᠎ᠤ ᠡᠳᠦᠷ᠎ᠠᠴᠠ 9᠎ᠤ ᠡᠳᠦᠷ ᠪᠣᠯᠲᠠᠯ᠎ᠠ᠂ ᠤᠰᠤᠨ ᠠᠱᠢᠭ᠍ᠯᠠᠯᠲᠠ ᠶ᠋ᠢᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠰᠠᠢᠳ ᠯᠢ ᠭᠦᠸᠧ ᠶᠢᠩ ᠵᠧᠵᠢᠶᠠᠩ ᠮᠤᠵᠢ ᠤᠨ ᠲᠢᠶᠣᠣ ᠰᠢ ᠰᠠᠪᠠ ᠭᠠᠵᠠᠷ᠎ᠢ ᠬᠠᠮᠠᠭᠠᠯᠠᠨ ᠵᠠᠰᠠᠬᠤ ᠠᠵᠢᠯ᠎ᠢ ᠪᠠᠢᠴᠠᠭᠠᠨ ᠰᠤᠳᠤᠯᠬᠤ᠎ᠳᠤ᠎ᠪᠠᠨ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《ᠤᠰᠤ ᠠᠷᠪᠢᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠂ ᠣᠷᠣᠨ ᠵᠠᠶ᠎ᠶ᠋ᠢ ᠲᠡᠩᠴᠡᠭᠦᠷᠢᠲᠡᠶ ᠪᠠᠢᠯᠭᠠᠬᠤ᠂ ᠱᠢᠰᠲ᠋ᠧᠮ᠎ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ᠌ 》ᠤᠰᠤ᠎ᠶ᠋ᠢ ᠵᠠᠰᠠᠬᠤ ᠰᠡᠳᠭᠢᠬᠦᠢ ᠪᠠ ᠤᠰᠤ᠎ᠶ᠋ᠢ ᠵᠠᠰᠠᠬᠤ ᠲᠤᠬᠠᠶ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠵᠤ᠂ 《ᠭᠤᠣᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ 》᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠰᠠᠪᠠ ᠭᠠᠵᠠᠷ᠎ᠤᠨ ᠨᠢᠭᠡᠳᠦᠯᠲᠡᠢ ᠵᠠᠰᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠵᠧᠵᠢᠶᠠᠩ ᠤᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠬᠦ᠌ ᠳᠤ ᠪᠠᠲᠤ ᠪᠠᠬᠢ ᠤᠰᠤᠨ᠎ᠤ ᠠᠮᠤᠷ ᠲᠦᠪᠱᠢᠨ᠎ᠤ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠯᠢ ᠭᠦᠸᠧ ᠶᠢᠩ ᠤᠷᠢᠳ ᠬᠤᠵᠢᠳ ᠡᠮᠦᠨ᠎ᠡ ᠲᠢᠶᠣᠣ ᠰᠢ ᠶ᠋ᠢᠨ ᠴᠢᠩ ᠱᠠᠨ ᠤᠰᠤᠨ ᠴᠥᠭᠦᠷᠥᠮ᠂ ᠨᠠᠨ ᠬᠤ᠌ ᠨᠠᠭᠤᠷ᠎ᠤᠨ ᠦᠶᠡᠷ᠎ᠢ ᠰᠠᠯᠭᠠᠬᠤ ᠬᠠᠭᠠᠯᠲᠠ᠂ ᠳᠤᠮᠳᠠ ᠲᠢᠶᠣᠣ ᠰᠢ ᠶ᠋ᠢᠨ ᠪᠸᠢ ᠬᠤ᠌ ᠨᠠᠭᠤᠷ᠎ᠤᠨ ᠦᠶᠡᠷ᠎ᠢ ᠰᠠᠯᠭᠠᠬᠤ ᠬᠠᠭᠠᠯᠲᠠ᠂ ᠬᠣᠢᠨ᠎ᠠ ᠲᠢᠶᠣᠣ ᠰᠢ ᠵᠤᠸᠠᠩ ᠲᠣᠰᠭᠤᠨ᠎ᠤ ᠦᠶᠡᠷ᠎ᠢ ᠰᠠᠯᠭᠠᠬᠤ ᠬᠠᠭᠠᠯᠲᠠ᠂ ᠵᠡᠭᠦᠨ ᠲᠢᠶᠣᠣ ᠰᠢ ᠶ᠋ᠢᠨ ᠰᠢ ᠰᠢᠶᠠᠨ ᠳ᠋ᠠ ᠲᠠᠩ᠂ ᠳ᠋ᠧ ᠴᠢᠩ ᠶᠡᠭᠡ ᠬᠠᠭᠠᠯᠲᠠ᠂ ᠬᠤᠵᠸᠦ ᠬᠣᠲᠠ ᠶ᠋ᠢᠨ ᠡᠮᠦᠨᠡᠬᠢ ᠵᠢᠶᠸ ᡁᠢ ᠬᠠᠭᠠᠯᠲᠠ᠂ ᠳ᠋ᠠ ᠴᠢᠶᠠᠨ ᠤᠰᠤᠨ᠎ᠤ ᠬᠠᠭᠠᠯᠲᠠ᠂ ᠪᠠᠷᠠᠭᠤᠨ ᠲᠢᠶᠣᠣ ᠰᠢ ᠶ᠋ᠢᠨ ᠠᠨ ᠵᠶ᠋ᠢ ᠢᠦᠢ ᠲᠣᠰᠭᠤᠨ ᠵᠢᠴᠢ ᠲᠠᠢ ᠬᠤ᠌ ᠨᠠᠭᠤᠷ᠎ᠢ ᠲᠣᠭᠤᠷᠢᠭ᠍ᠰᠠᠨ ᠶᠡᠭᠡ ᠳᠠᠯᠠᠩ ᠳᠤ ᠭᠦᠨᠵᠡᠭᠡᠢᠷᠡᠵᠦ᠍᠂ ᠲᠢᠶᠣᠣ ᠰᠢ ᠰᠠᠪᠠ ᠭᠠᠵᠠᠷ᠎ᠢ ᠬᠠᠮᠠᠭᠠᠯᠠᠨ ᠵᠠᠰᠠᠭ᠍ᠰᠠᠨ ᠪᠠᠢᠳᠠᠯ᠎ᠢ ᠨᠠᠷᠢᠨ ᠣᠢᠯᠠᠭᠠᠪᠠ᠃
ᠯᠢ ᠭᠦᠸᠧ ᠶᠢᠩ᠂ ᠲᠢᠶᠣᠣ ᠰᠢ ᠮᠥᠷᠡᠨ᠎ᠤ ᠰᠠᠪᠠ ᠭᠠᠵᠠᠷ᠎ᠨᠢ ᠲᠢᠶᠠᠨ ᠮᠦ᠍ ᠱᠠᠨ ᠱᠢᠷᠦᠭᠦᠨ ᠪᠣᠷᠣᠭᠠᠨ ᠣᠷᠣᠵᠤ ᠦᠶᠡᠷ᠎ᠤᠨ ᠤᠰᠤ ᠲᠥᠪᠯᠡᠷᠡᠭ᠌ᠰᠡᠨ ᠭᠠᠵᠠᠷ ᠣᠷᠣᠨ᠎ᠳᠤ ᠪᠠᠢᠷᠢᠯᠠᠵᠤ᠂ ᠬᠠᠩ ᠵᠢᠶᠠ ᠬᠤ᠌ ᠨᠠᠭᠤᠷ᠎ᠤᠨ ᠲᠠᠯ᠎ᠠ ᠭᠠᠵᠠᠷ᠎ᠤᠨ ᠦᠶᠡᠷ᠎ᠢ ᠰᠡᠷᠭᠡᠢᠯᠡᠬᠦ᠌ ᠠᠮᠤᠷ ᠲᠦᠪᠱᠢᠨ᠎ᠢ ᠪᠠᠲᠤᠯᠠᠬᠤ᠎ᠳᠤ ᠣᠨᠴᠠᠭᠠᠶ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ᠎ᠲᠠᠢ ᠪᠠᠢ᠌ᠳᠠᠭ ᠃ ᠲᠢᠶᠣᠣ ᠰᠢ ᠶ᠋ᠢᠨ ᠠᠮᠤᠷ ᠲᠠᠢᠪᠤᠩ᠎ᠢ ᠪᠦᠭᠦ᠌ ᠭᠦᠴᠦᠨ᠎ᠢᠶᠠᠷ ᠪᠠᠳᠤᠯᠠᠵᠤ᠂ ᠦᠶᠡᠷ ᠤᠨ ᠤᠰᠤ ᠬᠠᠳᠠᠭᠠᠯᠠᠬᠤ᠂ ᠵᠤᠭᠰᠤᠭ᠋ᠠᠬᠤ᠂ ᠰᠠᠯᠭᠠᠬᠤ᠂ ᠵᠠᠳᠠᠷᠠᠭᠤᠯᠬᠤ᠂ ᠭᠠᠳᠠᠭᠰᠢᠯᠠᠭᠤᠯᠬᠤ ᠬᠠᠷᠢᠴᠠᠭ᠎ᠠ ᠶ᠋ᠢ ᠨᠢᠭᠡᠳᠤᠯᠳᠠᠢ ᠲᠦᠯᠦᠪᠵᠢᠭᠦᠯᠦᠨ ᠰᠠᠢᠳᠤᠷ ᠱᠢᠢᠳᠪᠤᠷᠢᠯᠠᠵᠤ᠂ ᠤᠰᠤᠨ ᠴᠦᠬᠦᠷᠦᠮ᠂ ᠭᠤᠤᠯ᠎ᠤᠨ ᠵᠠᠮ ᠵᠢᠴᠢ ᠳᠠᠯᠠᠩ᠂ ᠦᠶᠡᠷ᠎ᠢ ᠬᠠᠳᠠᠭᠠᠯᠠᠨ ᠲᠤᠬ᠍ᠳᠠᠭᠠᠬᠤ ᠤᠷᠤᠨ ᠵᠡᠷᠭᠡ ᠪᠠᠷ ᠪᠦᠷᠢᠯᠳᠦᠭ᠌ᠰᠡᠨ ᠰᠠᠪᠠ ᠭᠠᠵᠠᠷ᠎ᠤᠨ ᠦᠶᠡᠷ᠎ᠢ ᠰᠡᠷᠭᠡᠢᠯᠡᠭᠦ᠌ ᠢᠨᠵᠸᠨ᠋ᠸᠷᠢᠩ ᠦᠨ ᠱᠢᠰᠲ᠋ᠧᠮ᠎ᠢ ᠲᠡᠭᠦᠯᠳᠡᠷᠵᠢᠭᠦᠯᠵᠤ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠭᠦ᠌ ᠠᠮᠤᠷ ᠲᠦᠪᠱᠢᠨ᠎ᠤ ᠪᠠᠳᠤᠯᠠᠭ᠎ᠠ᠎ᠶ᠋ᠢᠨ ᠴᠢᠳᠠᠪᠤᠷᠢ᠎ᠶ᠋ᠢ ᠲᠡᠭᠡᠭ᠌ᠰᠢᠯᠡᠭᠦᠯᠭᠦ᠌ ᠭᠡᠷᠡᠭ᠌ᠳᠡᠢ᠃ ᠪᠣᠷᠣᠭᠠᠨ᠎ᠤ ᠤᠰᠤᠨ᠎ᠤ ᠪᠠᠢᠳᠠᠯ ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ 《ᠭᠤᠷᠪᠠᠨ ᠰᠡᠷᠭᠡᠢᠯᠡᠯᠲᠡ᠎ᠶ᠋ᠢᠨ ᠱᠤᠭᠤᠮ 》᠎ᠢ ᠲᠡᠭᠦᠯᠳᠡᠷᠵᠢᠭᠦᠯᠵᠦ᠍᠂ ᠦᠶᠡᠷ᠎ᠤᠨ ᠬᠤᠭᠤᠴᠠᠭ᠎ᠠ᠎ᠶ᠋ᠢ ᠤᠷᠢᠳᠴᠢᠯᠠᠨ ᠮᠡᠳᠡᠬᠦ᠌ ᠬᠤᠭᠤᠴᠠᠭ᠎ᠠ ᠶ᠋ᠢ ᠤᠷᠲᠤᠳᠭᠠᠵᠤ᠂ ᠱᠢᠷᠦᠭᠦᠨ ᠪᠣᠷᠣᠭᠠᠨ ᠪᠠ ᠦᠶᠡᠷ᠎ᠤᠨ ᠭᠠᠮᠱᠢᠭ᠎ᠢ ᠤᠷᠢᠳᠴᠢᠯᠠᠨ ᠮᠡᠳᠡᠭᠡᠯᠡᠬᠦ᠌ ᠣᠨᠣᠪᠴᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠢᠨᠵᠧᠨᠧᠷᠢᠩ᠎ᠤᠨ ᠱᠢᠰᠲ᠋ᠧᠮ᠎ᠢ ᠲᠣᠬᠢᠷᠠᠭᠤᠯᠤᠨ ᠬᠡᠷᠡᠭ᠌ᠯᠡᠬᠦ᠌ ᠳᠤ ᠴᠢᠮᠡᠭᠡ ᠮᠡᠳᠡᠭᠡᠨ᠎ᠤ ᠳᠡᠮᠵᠢᠯᠭᠡ ᠬᠠᠩᠭᠠᠬᠤ ᠬᠡᠷᠡᠭ᠌ᠲᠡᠶ᠃ ᠳ᠋ᠢᠵᠢᠲ᠋ᠠᠯ ᠢᠬᠢᠷ᠎ᠡ ᠲᠢᠶᠣᠣ ᠰᠢ ᠰᠠᠪᠠ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠱᠢᠰᠲ᠋ᠧᠮ᠎ᠲᠠᠢ ᠲᠥᠯᠥᠪᠵᠢᠭᠦᠯᠦᠨ ᠠᠬᠢᠭᠤᠯᠵᠤ᠂ ᠲᠢᠶᠣᠣ ᠰᠢ ᠰᠠᠪᠠ ᠭᠠᠵᠠᠷ᠎ᠤᠨ ᠣᠨᠴᠠᠯᠢᠭᠲᠤ ᠳᠣᠭᠢᠷᠠᠬᠤ ᠨᠡᠢᠯᠡᠮᠡᠯ ᠤᠷᠤᠰᠭᠠᠯ ᠤᠰᠤᠨ᠎ᠤ ᠵᠠᠭ᠍ᠪᠤᠷ ᠪᠠ ᠦᠶᠡᠷ᠎ᠤᠨ ᠤᠰᠤᠨ᠎ᠳᠤ ᠤᠯᠠᠷᠢᠨ ᠬᠤᠪᠢᠰᠭᠤ ᠤᠰᠤᠨ᠎ᠤ ᠬᠥᠳᠡᠯᠭᠡᠭ᠌ᠴᠢ ᠬᠦᠴᠦᠨ ᠤᠬᠠᠭᠠᠨ᠎ᠤ ᠵᠠᠭ᠍ᠪᠤᠷ᠎ᠢ ᠰᠤᠳᠤᠯᠤᠨ ᠨᠡᠭᠡᠭᠡᠵᠦ᠍᠂ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌᠎ᠶ᠋ᠢ ᠳᠣᠭᠢᠷᠠᠭᠤᠯᠤᠨ ᠵᠢᠯᠣᠭᠤᠳᠭᠤ᠎ᠳᠤ ᠱᠢᠨᠵᠢᠯᠡᠬᠦ᠌ ᠤᠬᠠᠭᠠᠨ᠎ᠤ ᠲᠤᠰᠭᠠᠶ ᠮᠡᠷᠭᠡᠵᠢᠯ᠂ ᠬᠦᠴᠦᠲᠡᠶ ᠲᠤᠯᠭᠠᠭᠤᠷᠢᠯᠠᠯ᠂ ᠲᠦᠷᠭᠡᠨ ᠲᠤᠰᠭᠠᠯ ᠤᠨ ᠱᠢᠶ᠋ᠳᠪᠦᠷᠢᠲᠦ ᠪᠣᠳᠣᠯᠭ᠎ᠠ᠎ᠶ᠋ᠢᠨ ᠳᠡᠮᠵᠢᠯᠭᠡ ᠬᠠᠩᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠯᠢ ᠭᠦᠸᠧ ᠶᠢᠩ᠂ ᠬᠥᠬᠡᠮᠳᠦᠭ ᠨᠣᠭᠤᠭᠠᠨ ᠠᠭᠤᠯᠠ ᠤᠰᠤ ᠶ᠋ᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠪᠦᠲᠦᠮᠵᠢᠲᠡᠢ ᠠᠷᠭ᠎ᠠ ᠵᠠᠮ᠎ᠢ ᠢᠳᠡᠪᠬᠢᠲᠡᠢ ᠰᠦᠪᠡᠭ᠌ᠴᠢᠯᠡᠵᠦ᠍᠂ ᠰᠠᠪᠠ ᠭᠠᠵᠠᠷ᠎ᠤᠨ ᠤᠰᠤᠨ᠎ᠤ ᠠᠮᠢ ᠠᠬᠤᠢ᠎ᠶ᠋ᠢᠨ ᠪᠦᠲᠦᠭᠡᠭ᠌ᠳᠡᠬᠦᠨ᠎ᠤ ᠦᠷᠳᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠲᠦᠷᠭᠡᠨ ᠲᠡᠭᠦᠯᠳᠡᠷᠵᠢᠭᠦᠯᠬᠦ᠌ ᠬᠡᠷᠡᠭ᠌ᠲᠡᠢ ᠃ ᠭᠤᠣᠯ ᠨᠠᠭᠤᠷ ᠤᠨ ᠳᠠᠷᠤᠭ᠎ᠠ᠎ᠶ᠋ᠢᠨ ᠳᠦᠷᠢᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ᠎ᠤ ᠭᠤᠣᠯ ᠨᠠᠭᠤᠷ ᠤᠨ ᠳᠠᠷᠤᠭ᠎ᠠ ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠵᠣᠯ ᠵᠢᠷᠭᠠᠯᠲᠤ ᠭᠤᠣᠯ ᠨᠠᠭᠤᠷ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠥᠮᠦᠨ ᠤᠰᠤᠨ᠎ᠤ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠭᠤᠣᠯ ᠨᠠᠭᠤᠷ ᠢ ᠬᠠᠮᠠᠭᠠᠯᠠᠨ ᠵᠠᠰᠠᠬᠤ ᠪᠠᠢᠳᠠᠯ᠎ᠢ ᠪᠦᠷᠢᠯᠳᠦᠭᠦᠯᠬᠦ᠌ ᠬᠡᠷᠡᠭ᠌ᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠭ᠍ᠴᠢ᠄ ᠶᠤᠸᠠᠨ ᠺᠠᠢ ᠺᠠᠢ ᠬᠠᠷᠢᠭᠤᠴᠠᠭ᠍ᠰᠠᠨ ᠨᠠᠢᠷᠠᠭᠤᠯᠤᠭ᠍ᠴᠢ᠄ ᠵᠢᠶᠠᠨ ᠵᠧᠨ ᠵᠧᠨ