ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠭᠠᠯ ᠵᠢᠯ᠎ᠤᠨ ᠲᠤᠳᠤᠷ᠎ᠠ ᠪᠦᠬᠦ᠌ ᠱᠤᠭᠤᠮ᠎ᠢᠶᠠᠷ ᠤᠷᠤᠰᠬᠠᠯ ᠦᠩᠭᠡᠷᠡᠬᠦ᠎ᠶᠢ ᠲᠠᠬᠢᠨ ᠪᠡᠶᠡᠯᠡᠬᠦᠯᠵᠡᠢ
ᠨᠡᠶ᠋ᠢᠲᠡᠯᠡᠭᠰᠡᠨ ᠴᠠᠭ᠄ 2025-09-15

  9 ᠳ᠋ᠦ᠍ᠭᠡᠷ ᠰᠠᠷ᠎ᠠ᠎ᠶ᠋ᠢᠨ 13᠎ᠤ ᠡᠳᠦᠷ᠎ᠤᠨ 23 ᠴᠠᠭ᠎ᠲᠤ᠌᠂ ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠭᠠᠯ᠎ᠤᠨ ᠠᠮᠢ ᠠᠬᠤᠶ᠎ᠶ᠋ᠢᠨ ᠤᠰᠤ ᠨᠥᠬᠦᠪᠥᠷᠢᠯᠡᠬᠦ᠌ ᠦᠵᠦᠭᠦᠷ᠎ᠨᠢ ᠲᠦᠩᠯᠢᠶᠣᠤ ᠬᠤᠲᠠ᠎ᠶ᠋ᠢᠨ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠠᠨ ᠯᠧ ᠲᠣᠰᠭᠤᠨ᠎ᠳᠤ ᠤᠷᠤᠭ᠍ᠰᠢᠲᠠᠶ ᠬᠦᠷᠬᠦ᠌᠎ᠶ᠋ᠢ ᠳᠠᠭᠠᠯᠳᠤᠨ᠂ ᠳᠣᠤᠷᠠᠳᠤ ᠤᠷᠤᠰᠭᠠᠯ᠎ᠤᠨ ᠤᠰᠤᠨ ᠭᠠᠳᠠᠷᠭᠤ᠎ᠲᠠᠢ ᠠᠮᠵᠢᠯᠲᠠ᠎ᠲᠠᠢ ᠵᠠᠯᠭᠠᠯᠳᠤᠵᠤ᠂ ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠭᠠᠯ ᠡᠨᠡ ᠵᠢᠯ᠎ᠤᠨ ᠬᠠᠪᠤᠷ᠎ᠤᠨ ᠤᠯᠠᠷᠢᠯ᠎ᠢ ᠦᠷᠭᠦᠯᠵᠢᠯᠡᠭᠦᠯᠦᠭᠡᠳ᠂ 2025 ᠣᠨ᠎ᠤ ᠦᠶᠡᠷ᠎ᠤᠨ ᠬᠤᠭᠤᠴᠠᠭᠠᠨ᠎ᠳᠤ ᠪᠥᠬᠦ᠌ ᠱᠤᠭᠤᠮ᠎ᠢᠶᠠᠷ ᠤᠷᠤᠰᠬᠠᠯ ᠥᠩᠭᠡᠷᠡᠬᠦ᠌᠎ᠶ᠋ᠢ ᠳᠠᠬᠢᠨᠲᠠ ᠪᠡᠶᠡᠯᠡᠭᠦᠯᠪᠡ᠃

 

 

  ᠽᠠᠨᠳᠠᠨ  ᠲᠦᠩᠯᠢᠶᠣᠤ ᠬᠤᠲᠠ᠎ᠶ᠋ᠢᠨ ᠬᠠᠮ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭ᠍ᠴᠢ ᠮᠢᠨᠦ᠍ ᠣᠳᠣ᠎ᠶ᠋ᠢᠨ ᠪᠠᠢᠭ᠎ᠠ ᠪᠠᠢᠷᠢ ᠪᠣᠯ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠠᠨ ᠯᠧ ᠲᠣᠰᠭᠤᠨ᠎ᠤ ᠲᠦᠷ ᠴᠠᠭ᠎ᠤᠨ ᠤᠰᠤᠨ ᠱᠢᠨᠵᠢᠯᠡᠭᠡᠨ᠎ᠤ ᠣᠭ᠍ᠲᠣᠯᠤᠭᠠᠰᠤ᠎ᠶ᠋ᠢᠨ ᠳᠡᠭᠡᠳᠦ ᠤᠷᠤᠰᠭᠠᠯ᠎ᠤᠨ 32 ᠺᠢᠯᠣᠮᠧᠲᠷ᠎ᠤᠨ ᠭᠠᠵᠠᠷ ᠪᠣᠯᠤᠨ᠎ᠠ᠃ ᠤᠰᠤᠨ᠎ᠤ ᠪᠠᠢᠳᠠᠯ ᠲᠣᠭ᠍ᠲᠠᠭᠤᠨ ᠪᠥᠭᠡᠳ ᠦᠷᠭᠦᠯᠵᠢᠯᠡᠨ ᠤᠷᠤᠰᠴᠦ ᠪᠠᠢ᠌ᠬᠤ᠎ᠶᠢ ᠤᠯᠵᠦ ᠬᠠᠷᠠᠨ᠎ᠠ᠂ 29 ᠡᠳᠦᠷ᠎ᠤᠨ ᠱᠢᠨᠵᠢᠯᠡᠬᠦ᠌ ᠤᠬᠠᠭᠠᠨᠴᠢ᠂ ᠨᠠᠷᠢᠯᠢᠭ ᠣᠨᠣᠴᠠᠲᠠᠶ᠂ ᠥᠨᠳᠥᠷ ᠪᠦᠲᠦᠮᠵᠢᠲᠡᠶ ᠲᠤᠬᠢᠷᠠᠭᠤᠯᠤᠨ ᠠᠵᠢᠯᠯᠠᠬᠤ᠎ᠪᠠᠷ ᠳᠡᠮᠵᠢᠨ᠂ ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠭᠠᠯ ᠡᠨᠡ ᠵᠢᠯ᠎ᠤᠨ ᠬᠠᠪᠤᠷ 27 ᠵᠢᠯ᠎ᠤᠨ ᠲᠤᠷᠰᠢ ᠠᠩᠬ᠎ᠠ ᠤᠳᠠᠭ᠎ᠠ ᠪᠥᠬᠦ᠌ ᠱᠤᠭᠤᠮ᠎ᠢᠶᠠᠷ ᠤᠷᠤᠰᠬᠠᠯ ᠦᠡᠭ᠌ᠭᠡᠷᠡᠵᠦ᠍᠂ ᠵᠢᠯ᠎ᠤᠨ ᠳᠣᠲᠣᠷ᠎ᠠ ᠳᠠᠬᠢᠨᠲᠠ ᠪᠥᠬᠦ᠌ ᠱᠤᠭᠤᠮ᠎ᠢᠶᠠᠷ ᠤᠷᠤᠰᠤᠨ ᠦᠩᠭᠡᠷᠡᠬᠦ᠌ ᠬᠠᠷᠠᠯᠲᠠ᠎ᠪᠠᠨ ᠤᠷᠤᠭ᠍ᠰᠢᠲᠠᠶ ᠪᠡᠶᠡᠯᠡᠭᠦᠯᠦᠭ᠌ᠰᠡᠨ ᠪᠠᠢ᠌ᠨ᠎ᠠ᠂ ᠡᠨᠡ ᠬᠦ᠌ ᠦᠷ᠎ᠡ ᠪᠦᠲᠦᠮᠵᠢ᠎ᠨᠢ ᠪᠠᠷᠠᠭᠤᠨ ᠯᠢᠶᠣᠤ ᠾᠧ ᠭᠤᠤᠯ᠎ᠤᠨ ᠠᠮᠢ ᠠᠬᠤᠶ᠎ᠶ᠋ᠢᠨ ᠰᠡᠷᠭᠦᠯᠲᠡ ᠪᠠᠰᠠ ᠯᠠᠪᠳᠠᠭᠤᠨ ᠪᠠᠲᠤᠲᠠᠶ ᠨᠢᠭᠡ ᠠᠯᠬᠤᠮ ᠠᠯᠬᠤᠭ᠍ᠰᠠᠨ᠎ᠢ ᠬᠠᠷᠠᠭᠤᠯᠵᠤ ᠪᠠᠢᠨ᠎ᠠ᠃

 

 

  ᠠᠭᠠᠷ ᠳᠡᠭᠡᠷ᠎ᠡ᠎ᠡᠴᠡ ᠪᠠᠷᠠᠭᠤᠨ ᠯᠢᠶᠣᠤ ᠾᠧ ᠭᠣᠣᠯ᠎ᠢ ᠥᠩᠭᠡᠢᠨ ᠬᠠᠷᠠᠬᠤ᠎ᠳᠤ ᠂ ᠲᠤᠩᠭᠠᠯᠠᠭ ᠨᠠᠮᠤᠭᠤᠬᠠᠨ ᠭᠣᠣᠯ᠎ᠤᠨ ᠤᠰᠤ ᠮᠤᠷᠤᠢ ᠰᠠᠷᠤᠢ ᠭᠣᠣᠯ᠎ᠤᠨ ᠵᠠᠮ᠎ᠢᠶᠠᠷ ᠤᠷᠤᠰᠤᠨ ᠥᠩᠭᠡᠷᠡᠨ᠎ᠡ᠃ ᠪᠠᠷᠠᠭᠤᠨ ᠯᠢᠶᠣᠤ ᠾᠧ ᠭᠤᠤᠯ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠬᠤ᠎ᠶ᠋ᠢᠨ ᠲᠥᠯᠥᠭᠡ᠂ ᠲᠦᠩᠯᠢᠶᠣᠤ ᠬᠤᠲᠠ᠎ᠶ᠋ᠢᠨ ᠤᠰᠤᠨ᠎ᠤ ᠶᠠᠪᠤᠳᠠᠯ᠎ᠤᠨ ᠰᠠᠯᠠᠭ᠎ᠠ ᠮᠥᠴᠢᠷ ᠣᠯᠠᠨ ᠵᠦᠢᠯ᠎ᠤᠨ ᠠᠷᠭ᠎ᠠ ᠬᠡᠮᠵᠢᠶ᠎ᠡ ᠠᠪᠴᠤ᠌᠂ ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠤᠰᠤ ᠥᠩᠭᠡᠷᠡᠬᠦ᠌ ᠬᠠᠱᠢᠯᠭ᠎ᠠ᠎ᠶ᠋ᠢ ᠰᠡᠷᠭᠡᠢᠯᠡᠨ ᠬᠤᠷᠢᠭ᠍ᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠡ᠃

 

 

  ᠲᠦᠩᠯᠢᠶᠣᠤ ᠬᠤᠲᠠ᠎ᠶ᠋ᠢᠨ ᠤᠰᠤᠨ᠎ᠤ ᠶᠠᠪᠤᠳᠠᠯ᠎ᠤᠨ ᠲᠣᠪᠴᠢᠶ᠎ᠠ ᠯᠢᠦ ᠱ᠌ᠢ ᠱᠢᠤᠸᠠᠨ  ᠬᠤᠲᠠ᠎ᠶ᠋ᠢᠨ ᠲᠣᠭᠤᠷᠢᠭ᠎ᠤᠨ 6 ᠳ᠋ᠤᠭᠠᠷ ᠨᠣᠮᠧᠷᠲᠤ ᠬᠠᠱᠢᠯᠭ᠎ᠠ᠂ 12 ᠳ᠋ᠤᠭᠠᠷ ᠨᠣᠮᠧᠷᠲᠤ ᠬᠠᠱᠢᠯᠭ᠎ᠠ᠎ᠶ᠋ᠢᠨ ᠤᠰᠤ ᠥᠩᠭᠡᠷᠡᠬᠦ᠌ ᠬᠠᠱᠢᠯᠭ᠎ᠠ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠦᠷᠭᠦᠯᠵᠢᠯᠡᠨ ᠴᠢᠩᠭᠠᠳᠭᠠᠬᠤ᠎ᠶ᠋ᠢᠨ ᠬᠠᠮᠲᠤ ᠤᠰᠤᠨ ᠠᠱᠢᠭ᠍ᠯᠠᠯᠲᠠ᠎ᠶ᠋ᠢᠨ ᠬᠦᠢᠰᠦ᠎ᠶ᠋ᠢᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠶᠡᠷᠦᠩᠬᠡᠶ ᠠᠯᠪᠠᠨ ᠬᠡᠷ ᠬᠦᠢᠰᠦ᠂ ᠰᠦ᠍ ᠵᠢᠶᠠ ᠪᠣᠣ ᠬᠦᠢᠰᠦ᠎ᠶ᠋ᠢᠨ ᠲᠣᠭ᠍ᠲᠠᠭᠤᠨ᠎ᠢᠶᠠᠷ ᠤᠷᠤᠰᠭᠠᠯ ᠵᠠᠯᠠᠬᠤ᠎ᠶ᠋ᠢ ᠬᠡᠷᠡᠭ᠌ᠵᠢᠭᠦᠯᠵᠦ᠍᠂ ᠤᠰᠤᠨ᠎ᠤ ᠬᠡᠮᠵᠢᠶ᠎ᠡ᠎ᠶ᠋ᠢ ᠨᠠᠷᠢᠯᠢᠭ ᠣᠨᠣᠴᠠᠲᠠᠶ᠎ᠪᠠᠷ ᠲᠣᠬᠢᠷᠠᠭᠤᠯᠬᠤ ᠠᠵᠢᠯ᠎ᠢ ᠥᠷᠨᠢᠭᠦᠯᠵᠦ᠍᠂ ᠪᠠᠷᠠᠭᠤᠨ ᠯᠢᠶᠣᠤ ᠾᠧ ᠭᠤᠤᠯ᠎ᠤᠨ ᠵᠠᠮ᠎ᠤᠨ ᠬᠤᠷᠠᠭ᠍ᠰᠠᠨ᠎ᠢ ᠠᠷᠢᠯᠭᠠᠬᠤ ᠪᠠ ᠠᠮᠢ ᠠᠬᠤᠶ᠎ᠶ᠋ᠢ ᠵᠠᠰᠠᠬᠤ ᠢᠨᠵᠧᠨᠧᠷᠢᠩ᠎ᠢ ᠡᠬᠢᠯᠡᠭᠦᠯᠬᠦ᠌᠎ᠶ᠋ᠢᠨ ᠬᠠᠮᠲᠤ ᠥᠷᠨᠢᠭᠦᠯᠪᠡ᠃

 

 

  ᠯᠢᠶᠣᠤ ᠾᠧ ᠭᠤᠣᠯ᠎ᠤᠨ ᠭᠤᠣᠯ ᠤᠷᠤᠰᠭᠠᠯ ᠨᠢ ᠤᠯᠠᠷᠢᠯ᠎ᠤᠨ ᠴᠢᠨᠠᠷᠲᠠᠢ ᠭᠤᠣᠯ ᠮᠥᠷᠡᠨ ᠪᠣᠯᠤᠭ᠍ᠰᠠᠨ᠎ᠤ ᠬᠤᠪᠢ᠎ᠳᠤ᠂ ᠪᠠᠷᠠᠭᠤᠨ ᠯᠢᠶᠣᠤ ᠾᠧ ᠭᠤᠣᠯ᠎ᠤᠨ 92% ᠎ᠠᠴᠠ ᠳᠡᠭᠡᠭ᠌ᠰᠢᠬᠢ ᠰᠠᠪᠠ ᠭᠠᠵᠠᠷ᠎ᠤᠨ ᠲᠠᠯᠠᠪᠠᠢ ᠥᠪᠥᠷ ᠮᠣᠩᠭᠤᠯ᠎ᠳᠤ ᠪᠠᠢᠷᠢᠯᠠᠵᠤ᠂ ᠪᠦᠬᠦ᠌ ᠤᠯᠤᠰ᠎ᠤᠨ ᠲᠤᠯᠤᠭᠠᠨ ᠶᠡᠭᠡ ᠭᠤᠣᠯ ᠮᠥᠷᠡᠨ᠎ᠤ ᠳᠣᠲᠣᠷᠠᠬᠢ ᠴᠣᠷ᠎ᠤᠨ ᠭᠠᠭ᠍ᠴᠠ ᠤᠷᠤᠰᠭᠠᠯ ᠲᠠᠰᠤᠷᠠᠭ᠍ᠰᠠᠨ ᠪᠠᠢᠳᠠᠯ᠎ᠳᠤ ᠪᠠᠢᠭ᠎ᠠ ᠶᠡᠭᠡ ᠭᠤᠣᠯ ᠮᠥᠷᠡᠨ᠎ᠤ ᠭᠤᠣᠯ ᠤᠷᠤᠰᠭᠠᠯ ᠪᠤᠯᠵᠤ ᠥᠩᠭᠡᠷᠡᠵᠡᠢ᠃ ᠡᠨᠡ ᠵᠢᠯ᠎ᠤᠨ ᠬᠠᠪᠤᠷ᠎ᠤᠨ ᠤᠯᠠᠷᠢᠯ᠎ᠳᠤ᠂ ᠤᠷᠤᠰᠭᠠᠯ ᠲᠠᠰᠤᠷᠠᠭ᠍ᠰᠠᠨ ᠪᠠᠷᠠᠭᠤᠨ ᠯᠢᠶᠣᠤ ᠾᠧ ᠭᠤᠣᠯ᠎ᠤᠨ ᠤᠷᠤᠰᠭᠠᠯ ᠠᠩᠬ᠎ᠠ ᠤᠳᠠᠭ᠎ᠠ ᠪᠦᠬᠦ᠌ ᠱᠤᠭᠤᠮ᠎ᠢᠶᠠᠷ ᠤᠷᠤᠰᠬᠠᠯ ᠥᠩᠭᠡᠷᠡᠬᠦ᠌᠎ᠶ᠋ᠢ ᠪᠡᠶᠡᠯᠡᠭᠦᠯᠪᠡ᠃ 8 ᠳ᠋ᠤᠭᠠᠷ ᠰᠠᠷ᠎ᠠ᠎ᠶ᠋ᠢᠨ ᠳᠤᠮᠳᠠᠴᠢ᠎ᠠᠴᠠ ᠡᠬᠢᠯᠡᠨ᠂ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠦᠶᠡᠷ᠎ᠤᠨ ᠬᠤᠭᠤᠴᠠᠭ᠎ᠠ ᠬᠦᠷᠴᠦ᠍ ᠢᠷᠡᠬᠦ᠌᠎ᠶ᠋ᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠪᠠᠷᠠᠭᠤᠨ ᠯᠢᠶᠣᠤ ᠾᠧ ᠭᠤᠤᠯ᠎ᠤᠨ ᠦᠶᠡᠷ᠎ᠤᠨ ᠬᠤᠭᠤᠴᠠᠭᠠᠨ᠎ᠤ ᠲᠣᠬᠢᠷᠠᠭᠤᠯᠤᠯᠲᠠ᠎ᠶ᠋ᠢᠨ ᠠᠵᠢᠯ᠎ᠢ ᠦᠳᠲᠡᠷ ᠲᠦᠷᠭᠡᠨ ᠡᠬᠢᠯᠡᠭᠦᠯᠵᠦ᠍᠂ ᠬᠠᠮᠢᠶ᠎ᠠ ᠪᠥᠬᠦᠶ ᠭᠠᠵᠠᠷ ᠣᠷᠣᠨ᠎ᠤ ᠰᠠᠯᠠᠭ᠎ᠠ ᠮᠥᠴᠢᠷ᠎ᠢ ᠵᠢᠯᠣᠭᠤᠳᠤᠨ ᠦᠶᠡᠷ᠎ᠤᠨ ᠬᠤᠭᠤᠴᠠᠭᠠᠨ᠎ᠤ ᠲᠣᠬᠢᠷᠠᠭᠤᠯᠤᠯᠲᠠ᠎ᠶ᠋ᠢ ᠰᠠᠢᠲᠤᠷ ᠬᠢᠵᠦ᠍᠂ 8 ᠳ᠋ᠤᠭᠠᠷ ᠰᠠᠷ᠎ᠠ᠎ᠶ᠋ᠢᠨ 15 ᠎ᠤ ᠡᠳᠦᠷ᠎ᠠᠴᠠ ᠡᠬᠢᠯᠡᠨ ᠲᠣᠬᠢᠷᠠᠭᠤᠯᠤᠯᠲᠠ ᠬᠢᠭ᠌ᠰᠡᠨ᠎ᠠᠴᠠ ᠨᠠᠭᠠᠰᠢ᠂ ᠣᠳᠣᠬᠠᠨ᠎ᠳᠤ ᠠᠮᠢ ᠠᠬᠤᠶ᠎ᠶ᠋ᠢᠨ ᠤᠰᠤᠨ᠎ᠤ ᠬᠡᠮᠵᠢᠶ᠎ᠡ ᠨᠡᠢᠲᠡ 1.84 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠣᠯᠵᠣ᠂ ᠡᠭᠦᠨ᠎ᠤ ᠬᠠᠮᠲᠤ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠢᠶᠠᠷ ᠳᠡᠮᠵᠢᠨ 933.2 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠵᠦ᠍᠂ ᠪᠠᠷᠠᠭᠤᠨ ᠯᠢᠶᠣᠤ ᠾᠧ ᠭᠤᠤᠯ᠎ᠤᠨ ᠭᠤᠤᠯ ᠤᠷᠤᠰᠭᠠᠯ ᠵᠢᠴᠢ ᠭᠤᠤᠯ ᠰᠠᠯᠪᠤᠷᠢ ᠤᠷᠤᠰᠭᠠᠯ᠎ᠤᠨ ᠭᠤᠤᠯ᠎ᠤᠨ ᠵᠠᠮ᠎ᠤᠨ ᠲᠠᠯᠠᠪᠠᠶ ᠤᠯᠠᠮ ᠨᠢᠭᠡ ᠠᠯᠬᠤᠮ ᠥᠷᠭᠡᠳᠪᠡ᠃

 

 

  ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠠᠵᠢᠯᠯᠠᠭᠠᠨ᠎ᠤ ᠬᠠᠮᠢᠶᠠᠷᠤᠯᠲᠠ᠎ᠶ᠋ᠢᠨ ᠬᠢᠨᠠᠯᠲᠠ ᠲᠠᠯᠪᠢᠬᠤ ᠭᠠᠵᠠᠷ᠎ᠤᠨ ᠳᠡᠳ᠋ ᠳᠠᠷᠤᠭ᠎ᠠ ᠾᠧᠦ ᠵᠢᠩ  ᠪᠠᠷᠠᠭᠤᠨ ᠯᠢᠶᠣᠤ ᠾᠧ ᠭᠤᠤᠯ᠎ᠤᠨ ᠪᠥᠬᠦ᠌ ᠱᠤᠭᠤᠮ᠎ᠢᠶᠠᠷ ᠤᠷᠤᠰᠬᠠᠯ ᠥᠩᠭᠡᠷᠡᠬᠦ᠌ ᠪᠣᠯ ᠬᠠᠪᠤᠷ᠎ᠤᠨ ᠤᠯᠠᠷᠢᠯ᠎ᠤᠨ ᠠᠮᠢ ᠠᠬᠤᠶ᠎ᠶ᠋ᠢᠨ ᠰᠡᠷᠭᠦᠭᠡᠯᠲᠡ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠪᠠᠬᠢᠵᠢᠭᠦᠯᠦᠨ ᠭᠦᠨᠵᠡᠭᠡᠢᠷᠡᠭᠦᠯᠬᠦ᠌᠎ᠶ᠋ᠢᠨ ᠴᠢᠬᠤᠯᠠ ᠠᠮᠢ ᠠᠬᠤᠶ᠎ᠶ᠋ᠢᠨ ᠠᠴᠢ ᠬᠤᠯᠪᠣᠭ᠍ᠳᠠᠯ᠎ᠲᠠᠢ ᠶᠤᠮ᠃ ᠲᠠᠷᠠᠭᠠᠴᠢ᠎ᠶ᠋ᠢᠨ ᠠᠯᠬᠤᠮ᠎ᠳᠤ᠂ ᠤᠰᠤᠨ ᠠᠱᠢᠭ᠍ᠯᠠᠯᠲᠠ᠎ᠶ᠋ᠢᠨ ᠲᠢᠩᠬᠢᠮ ᠤᠰᠤᠨ᠎ᠤ ᠬᠡᠮᠵᠢᠶ᠎ᠡ᠎ᠪᠠᠷ ᠠᠵᠢᠯᠯᠠᠬᠤ᠎ᠶ᠋ᠢ ᠭᠦᠨᠵᠡᠭᠡᠢᠷᠡᠭᠦᠯᠵᠦ᠍᠂ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠱᠢᠭ᠍ᠯᠠᠬᠤ᠎ᠶ᠋ᠢ ᠡᠬᠢ ᠡᠭᠦᠰᠦᠯ᠎ᠠᠴᠠ᠎ᠨᠢ ᠪᠠᠲᠤᠯᠠᠵᠤ᠂ ᠠᠮᠢ ᠠᠬᠤᠶ᠎ᠶ᠋ᠢ ᠰᠡᠷᠭᠦᠭᠡᠬᠦ᠌᠎ᠶ᠋ᠢ ᠠᠬᠢᠭᠤᠯᠵᠤ᠂ ᠰᠠᠪᠠ ᠭᠠᠵᠠᠷ᠎ᠤᠨ ᠣᠷᠳᠣ ᠬᠤᠭᠤᠴᠠᠭᠠᠨ᠎ᠤ ᠠᠮᠢ ᠠᠬᠤᠶ᠎ᠶ᠋ᠢ ᠰᠡᠷᠭᠦᠭᠡᠬᠦ᠌᠎ᠳᠤ ᠲᠥᠷᠥᠯ ᠵᠦᠶ᠋ᠯ᠎ᠤᠨ ᠲᠤᠯᠭᠠᠭᠤᠷᠢᠯᠠᠯ ᠬᠠᠩᠭᠠᠵᠤ᠂ ᠦᠶᠡᠷ᠎ᠤᠨ ᠬᠤᠭᠤᠴᠠᠭ᠎ᠠ ᠵᠢᠴᠢ ᠵᠠᠯᠭᠠᠮᠵᠢ ᠲᠣᠬᠢᠷᠠᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠲᠦᠮᠵᠢᠲᠡᠶ ᠪᠠᠬᠢᠵᠢᠭᠦᠯᠬᠦ᠌᠎ᠶ᠋ᠢ ᠪᠠᠲᠤᠯᠠᠨ᠎ᠠ᠃

ᠢᠷᠡᠯᠲᠡ᠄ ᠦᠪᠤᠷ ᠮᠣᠩᠭᠤᠯ᠎ᠤᠨ ᠷᠡᠳᠢᠤ᠋ ᠲᠧᠯᠸᠢᠰ ᠬᠤᠷᠢᠶ᠎ᠠ᠎ᠶ᠋ᠢᠨ ᠠᠯᠪᠠᠨ᠎ᠤ ᠰᠣᠨᠢᠨ ᠮᠡᠳᠡᠭᠡᠨ᠎ᠤ ᠬᠡᠷᠡᠭᠯᠡᠭᠴᠢ᠎ᠶᠢᠨ ᠦᠵᠦᠭᠦᠷ
          
ᠬᠠᠮᠢᠶ᠎ᠡ ᠪᠦᠬᠦᠢ ᠰᠣᠨᠢᠨ
 
            