ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠎ᠤᠨ ᠬᠤᠷᠠᠯ ᠵᠢᠴᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ᠎ᠶ᠋ᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-09-15

  9 ᠳ᠋ᠦ᠍ᠭᠡᠷ ᠰᠠᠷ᠎ᠠ᠎ᠶ᠋ᠢᠨ 15 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠎ᠤᠨ ᠬᠤᠷᠠᠯ ᠵᠢᠴᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ᠎ᠶ᠋ᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠱᠢᠶᠣᠣ ᠶᠢᠥ ᠬᠤᠷᠠᠯ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠥᠪᠯᠡᠯ᠎ᠤᠨ ᠳᠡᠳ᠋ ᠱᠦᠵᠢ ᠰᠥᠩ ᠪᠦᠦ ᠭᠦᠸᠧ ᠬᠤᠷᠠᠯ᠎ᠳᠤ ᠣᠷᠣᠯᠴᠠᠵᠤ ᠵᠢᠭᠠᠨ ᠵᠢᠯᠣᠭᠤᠳᠤᠭ᠍ᠰᠠᠨ ᠪᠥᠭᠡᠳ ᠳ᠋ᠦᠩᠨᠡᠯᠲᠡ᠎ᠶ᠋ᠢᠨ ᠶᠠᠷᠢᠶ᠎ᠠ ᠲᠠᠯᠪᠢᠪᠠ᠃

 

 

  ᠬᠤᠷᠠᠯ᠎ᠠᠴᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠂ ᠲᠥᠪ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ 17 ᠳ᠋ᠤᠭᠠᠷ ᠤᠳᠠᠭ᠎ᠠ᠎ᠶ᠋ᠢᠨ ᠬᠤᠷᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠎ᠤᠨ ᠬᠤᠷᠠᠯ ᠵᠢᠴᠢ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭᠠᠨ᠎ᠤ ᠰᠤᠷᠤᠯᠴᠠᠯᠭ᠎ᠠ ᠬᠥᠮᠦᠵᠢᠯ᠎ᠤᠨ ᠳ᠋ᠦᠩᠨᠡᠯᠲᠡ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ᠎ᠢ ᠳ᠋ᠦᠩᠨᠡᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠪᠣᠯᠭᠠᠬᠤ᠎ᠶ᠋ᠢ ᠠᠬᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃

  ᠰᠦᠩ ᠪᠦᠦ ᠭᠦᠸᠧ᠂ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ ᠰᠤᠷᠤᠯᠴᠠᠯᠭ᠎ᠠ ᠬᠥᠮᠦᠵᠢᠯ᠎ᠤᠨ ᠳᠤᠮᠳᠠ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶ᠋ᠢ ᠵᠡᠷᠭᠡ᠎ᠪᠠᠷ ᠠᠳᠭᠤᠬᠤ᠎ᠶ᠋ᠢ ᠪᠠᠷᠢᠮᠲᠠᠯᠠᠵᠤ᠂ ᠰᠤᠷᠤᠯᠴᠠᠨ ᠪᠠᠢᠴᠠᠭᠠᠵᠤ ᠥᠭᠡᠷᠡᠴᠢᠯᠡᠬᠦ᠌᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠡᠯ᠎ᠡ ᠵᠦᠢᠯ᠎ᠤᠨ ᠠᠵᠢᠯ ᠬᠦᠴᠦᠲᠡᠢ ᠪᠥᠭᠡᠳ ᠪᠦᠲᠦᠮᠵᠢᠲᠡᠢ ᠪᠠᠢᠵᠤ᠂ ᠰᠤᠷᠤᠯᠴᠠᠯᠭ᠎ᠠ ᠬᠥᠮᠦᠵᠢᠯ᠎ᠤᠨ ᠠᠵᠢᠯ ᠰᠠᠢᠨ ᠦᠷ᠎ᠡ ᠪᠦᠲᠦᠮᠵᠢ ᠣᠯᠵᠠᠢ᠃ ᠡᠭᠦᠨ᠎ᠤ ᠬᠠᠮᠲᠤ᠌᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠤᠳᠤᠮᠵᠢ᠎ᠶ᠋ᠢ ᠪᠠᠷᠢᠮᠲᠠᠯᠠᠵᠤ᠂ ᠦᠵᠡᠯ ᠰᠠᠨᠠᠭᠠᠨ᠎ᠤ ᠶᠡᠷᠦᠩᠬᠡᠢ ᠨᠡᠭᠡᠭᠡᠯᠭᠡ᠎ᠶ᠋ᠢ ᠰᠤᠯᠠᠷᠠᠭᠤᠯᠤᠯ ᠦᠭᠡᠢ ᠠᠳᠭᠤᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠪᠠᠨ ᠨᠢᠭ᠍ᠲᠠᠷᠠᠭᠤᠯᠵᠤ ᠰᠦᠭ ᠰᠦᠨᠡᠰᠦ᠎ᠶ᠋ᠢ ᠴᠣᠭ᠍ᠴᠠᠯᠠᠬᠤ᠎ᠶ᠋ᠢ ᠴᠥᠬᠦᠷᠡᠰᠢ ᠦᠭᠡᠢ ᠪᠠᠷᠢᠮᠲᠠᠯᠠᠬᠤ ᠬᠡᠷᠡᠭ᠌ᠲᠡᠢ᠃ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠵᠦ᠍᠂ ᠬᠠᠢᠷ᠎ᠠ ᠰᠡᠳᠭᠢᠯᠭᠡ᠎ᠲᠠᠢ ᠪᠥᠭᠡᠳ ᠪᠦᠲᠦᠮᠵᠢᠲᠡᠢ ᠪᠠᠢᠬᠤ᠎ᠶ᠋ᠢ ᠪᠠᠷᠢᠮᠲᠠᠯᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠴᠢᠩᠭᠠᠳᠭᠠᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠤᠨᠤᠰᠴᠦ᠂ ᠨᠠᠮ᠎ᠢᠶᠠᠨ ᠳᠠᠭ᠋ᠠᠨ ᠣᠷᠤᠭᠰᠢᠯᠠᠬᠤ》 ᠤᠯᠠᠨ ᠲᠦᠮᠡᠨ᠎ᠤ ᠬᠥᠮᠦᠵᠢᠯ᠎ᠤᠨ ᠠᠵᠢᠯ᠎ᠢ ᠤᠯᠠᠮ ᠴᠢᠨᠠᠭ᠍ᠰᠢᠳᠠ ᠭᠦᠨᠵᠡᠭᠡᠢᠷᠡᠭᠦᠯᠬᠦ᠌ ᠬᠡᠷᠡᠭ᠌ᠲᠡᠢ᠃ ᠳᠡᠭᠡᠳᠦ ᠱᠠᠳᠤ᠎ᠨᠢ ᠲᠤᠤᠷᠠᠳᠤ ᠱᠠᠳᠤ᠎ᠪᠠᠨ ᠳᠠᠭᠠᠭᠤᠯᠬᠤ᠎ᠶ᠋ᠢ ᠪᠠᠷᠢᠮᠲᠠᠯᠠᠵᠤ᠂ ᠡᠳᠦᠷ ᠲᠤᠳᠤᠮ᠎ᠤᠨ ᠬᠢᠨᠠᠯᠲᠠ᠎ᠶ᠋ᠢ ᠴᠢᠩᠭᠠᠳᠭᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠲᠠᠰᠤᠷᠠᠯᠳᠠ ᠦᠭᠡᠢ ᠴᠢᠩᠭ᠎ᠠ ᠪᠣᠳᠠᠲᠠᠢᠵᠢᠭᠤᠯᠬᠤ ᠬᠡᠷᠡᠭ᠌ᠲᠡᠢ ᠭᠡᠵᠦ ᠵᠢᠭ᠋ᠠᠵᠤ ᠭᠠᠷᠭ᠋ᠠᠪᠠ᠃

  ᠱᠧᠩ ᠱᠢᠶᠣᠣ ᠶᠢᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠨᠢ ᠰᠤᠷᠲᠠᠯ᠎ᠤᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠰᠠᠢᠲᠤᠷ ᠠᠳᠭᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ᠃ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠭᠠᠶ ᠠᠩᠭᠢ᠎ᠶ᠋ᠢᠨ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠡᠯ᠎ᠡ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠳᠡᠮᠵᠢᠨ᠂ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠰᠤᠷᠤᠯᠴᠠᠯᠭ᠎ᠠ ᠬᠥᠮᠦᠵᠢᠯ ᠰᠤᠷᠤᠯᠴᠠᠬᠤ᠎ᠳᠤ ᠶᠠᠰᠤ ᠴᠢᠨᠠᠷ᠎ᠲᠠᠢ᠂ ᠪᠠᠢᠴᠠᠭᠠᠬᠤ᠎ᠳᠤ ᠡᠷᠴᠢᠮ᠎ᠲᠠᠢ᠂ ᠥᠭᠡᠷᠡᠴᠢᠯᠡᠬᠦ᠌᠎ᠳᠤ ᠦᠷ᠎ᠡ ᠪᠦᠲᠦᠮᠵᠢ᠎ᠲᠠᠢ ᠵᠢᠱ᠌ᠢᠭ᠌ᠰᠡᠨ ᠵᠣᠷᠢᠯᠭ᠎ᠠ᠎ᠳᠠᠭᠠᠨ ᠭᠦᠷᠦᠭ᠌ᠰᠡᠨ ᠪᠠᠢᠨ᠎ᠠ ᠭᠡᠪᠡ᠃ ᠳᠠᠷᠠᠭᠠᠴᠢ᠎ᠶ᠋ᠢᠨ ᠠᠯᠬᠤᠮ᠎ᠳᠤ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠤᠨ ᠪᠠᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠶᠠᠨ᠎ᠤ ᠱᠠᠭᠠᠷᠳᠠᠯᠭ᠎ᠠ ᠶᠣᠰᠣᠭᠠᠷ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠭᠤᠣᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠬᠦᠴᠦᠲᠡᠢ ᠠᠬᠢᠭᠤᠯᠵᠤ᠂ ᠲᠤᠰ ᠤᠳᠠᠭ᠎ᠠ᠎ᠶ᠋ᠢᠨ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠡᠷᠬᠢᠮ ᠨᠠᠨᠳᠢᠨ ᠦᠷ᠎ᠡ ᠪᠦᠲᠦᠭᠡᠯ ᠪᠣᠯᠤᠨ ᠪᠦᠲᠦᠮᠵᠢᠲᠡᠢ ᠲᠤᠷᠱᠢᠯᠭ᠎ᠠ᠎ᠶ᠋ᠢ ᠭᠦᠢᠴᠡᠳ ᠰᠠᠢᠲᠤᠷ ᠬᠡᠷᠡᠭ᠌ᠯᠡᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠡᠳᠦᠷ ᠲᠤᠳᠤᠮ᠎ᠤᠨ ᠠᠵᠢᠯ ᠎ᠳᠤ᠎ᠪᠠᠨ ᠠᠭᠤᠰᠤᠯᠴᠠᠭᠤᠯᠵᠤ᠂ ᠪᠠᠢᠩᠭᠤ ᠠᠳᠭᠤᠬᠤ ᠬᠡᠷᠡᠭ᠌ᠲᠡᠢ᠃ ᠡᠯ᠎ᠡ ᠱᠠᠲᠤᠨ᠎ᠤ ᠤᠳᠤᠷᠢᠳᠭᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠳᠡᠭᠡᠳᠦ ᠱᠠᠳᠤ᠎ᠨᠢ ᠲᠤᠤᠷᠠᠳᠤ ᠱᠠᠳᠤ᠎ᠪᠠᠨ ᠳᠠᠭᠠᠭᠤᠯᠤᠨ ᠰᠤᠷᠲᠠᠯ᠎ᠤᠨ ᠪᠠᠢᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠵᠤ᠂ ᠴᠢᠩᠭ᠎ᠠ ᠬᠦᠴᠦᠲᠡᠢ ᠵᠣᠬᠢᠶᠠᠨ ᠪᠠᠢᠭᠤᠯᠵᠤ ᠤᠳᠤᠷᠢᠳᠭᠤ᠂ ᠨᠢᠭ᠍ᠲᠠ ᠴᠢᠩᠭ᠎ᠠ ᠱᠠᠯᠠᠪᠳᠠᠭᠤᠯᠤᠨ ᠪᠠᠢᠴᠠᠭᠠᠬᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍ ᠬᠠᠷᠢᠭᠤᠴᠠᠯᠭ᠎ᠠ ᠨᠡᠬᠡᠮᠵᠢᠯᠡᠬᠦ᠌᠎ᠪᠠᠷ ᠰᠤᠷᠲᠠᠯ᠎ᠤᠨ ᠪᠠᠢᠭᠤᠯᠤᠯᠲᠠ᠎ᠶ᠋ᠢᠨ ᠡᠯ᠎ᠡ ᠵᠦᠢᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠱᠢᠲᠠᠢ ᠨᠠᠢᠳᠠᠪᠤᠷᠢᠵᠢᠭᠤᠯᠵᠤ᠂ ᠥᠪᠥᠷ ᠮᠣᠩᠭᠤᠯ᠎ᠤᠨ ᠤᠰᠤᠨ ᠠᠱᠢᠭ᠍ᠯᠠᠯᠲᠠ᠎ᠶ᠋ᠢᠨ ᠦᠢᠯᠡᠰ᠎ᠤᠨ ᠬᠥᠭ᠌ᠵᠢᠯᠲᠡ᠎ᠳᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ᠎ᠶ᠋ᠢ ᠬᠤᠶᠠᠷ ᠶᠡᠭᠡ ᠶᠠᠪᠤᠳᠠᠯ ᠱᠢᠨ᠎ᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ᠃ ( ᠡᠬᠡ ᠪᠢᠴᠢᠭ᠎ᠢ ᠲᠢᠩᠬᠢᠮ᠎ᠤᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ )

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠱᠢᠠᠠᠯᠠᠯᠳᠡ᠎ᠶ᠋ᠢᠨ ᠳᠢᠩᠬᠢᠮ
          
ᠬᠠᠮᠢᠶ᠎ᠡ ᠪᠦᠬᠦᠢ ᠰᠣᠨᠢᠨ
 
            