ᠪᠦᠬᠦ᠌ ᠣᠷᠣᠨ᠎ᠤ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠭᠡᠨᠡᠳᠲᠡ᠎ᠶ᠋ᠢᠨ ᠬᠡᠷᠡᠭ᠎ᠢ ᠰᠡᠷᠭᠡᠢᠯᠡᠬᠦ᠌ ᠪᠠ ᠱᠢᠢᠳᠪᠦᠷᠢᠯᠡᠬᠦ᠌ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠠᠮᠤᠷ ᠲᠦᠪᠱᠢᠨ᠎ᠢᠶᠠᠷ ᠠᠵᠢᠯᠯᠠᠬᠤ᠎ᠶ᠋ᠢ ᠬᠦᠴᠦᠲᠡᠢ ᠪᠠᠲᠤᠯᠠᠵᠤ᠂ ᠤᠰᠤᠨ᠎ᠤ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠬᠤ᠎ᠶ᠋ᠢᠨ ᠲᠥᠯᠥᠭᠡ᠂ 9 ᠳ᠋ᠤᠭᠡᠷ ᠰᠠᠷ᠎ᠠ᠎ᠶ᠋ᠢᠨ 17 ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠳᠤ 2025 ᠣᠨ᠎ᠤ ᠰᠦᠷᠳᠡᠭᠦᠯᠦᠯ᠎ᠢ ᠡᠰᠡᠷᠭᠦᠴᠡᠬᠦ᠌ ᠪᠠᠴᠢᠮ ᠪᠠᠢᠳᠠᠯ᠎ᠢ ᠠᠷᠭᠠᠴᠠᠭᠠᠬᠤ ᠬᠢᠭᠡᠳ ᠰᠦᠯᠵᠢᠶᠡᠨ᠎ᠤ ᠠᠮᠤᠷ ᠲᠦᠪᠱᠢᠨ᠎ᠤ ᠰᠣᠷᠢᠯᠲᠠ ᠬᠢᠪᠡ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠱᠢᠶᠣᠣ ᠶᠢᠤ᠂ ᠥᠪᠥᠷ ᠮᠣᠩᠭᠤᠯ᠎ᠤᠨ ᠱᠦᠢ ᠹᠠ ᠪᠦᠯᠦᠭ᠌ᠯᠡᠯ᠎ᠤᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠤᠨ ᠳᠠᠷᠤᠭ᠎ᠠ ᠵᠤᠤ ᠴᠠᠩ ᠴᠢᠩ ᠠᠵᠢᠯᠯᠠᠭ᠎ᠠ᠎ᠳᠤ ᠣᠷᠣᠯᠴᠠᠵᠤ ᠶᠠᠷᠢᠶ᠎ᠠ ᠲᠠᠯᠪᠢᠪᠠ᠃
ᠲᠣᠰ ᠤᠳᠠᠭᠠᠨ᠎ᠤ ᠰᠣᠷᠢᠯᠲᠠ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ》 ᠪᠠ ᠢᠨᠵᠧᠨᠧᠷᠢᠩ᠎ᠤᠨ ᠠᠮᠤᠷ ᠲᠦᠪᠱᠢᠨ᠂ ᠤᠰᠤ ᠬᠠᠩᠭᠠᠬᠤ ᠠᠮᠤᠷ ᠲᠦᠪᠱᠢᠨ᠂ ᠤᠰᠤᠨ᠎ᠤ ᠴᠢᠨᠠᠷ᠎ᠤᠨ ᠠᠮᠤᠷ ᠲᠦᠪᠱᠢᠨ᠂ ᠮᠡᠳᠡᠭᠡ ᠵᠠᠩᠭᠢ᠎ᠶ᠋ᠢᠨ ᠱᠢᠰᠲ᠋ᠧᠮ᠎ᠤᠨ ᠠᠮᠤᠷ ᠲᠦᠪᠱᠢᠨ᠎ᠢ ᠬᠠᠮᠠᠭᠠᠯᠠᠬᠤ ᠲᠣᠭᠤᠷᠢᠨ᠎ᠳᠤ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠳᠠᠯᠠᠨ ᠬᠠᠷ᠎ᠠ ᠠᠭᠤᠯᠠ᠎ᠶ᠋ᠢᠨ ᠲᠣᠭ᠍ᠲᠠᠭᠤᠨ ᠤᠷᠤᠰᠭᠠᠯ᠎ᠤᠨ ᠵᠠᠯᠭ᠋ᠠᠯᠲᠠ᠎ᠶ᠋ᠢᠨ ᠴᠥᠭᠦᠷᠥᠮ᠎ᠳᠤ ᠳᠠᠢ᠌ᠰᠤᠩᠨᠠᠭᠴᠢ ᠡᠲᠡᠭᠡᠳ᠎ᠢ ᠳᠠᠭᠤᠷᠢᠶᠠᠨ ᠢᠨᠵᠧᠨᠧᠷᠢᠩ᠎ᠤᠨ ᠪᠣᠳᠠᠲᠤ ᠴᠣᠭ᠍ᠴᠠ ᠶ᠋ᠢ ᠡᠪᠳᠡᠬᠦ᠌ ᠂ ᠴᠠᠬᠢᠯᠭᠠᠨ ᠬᠠᠩᠭᠠᠬᠤ ᠲᠥᠬᠥᠭᠡᠷᠦᠮᠵᠢ ᠪᠠ ᠬᠢᠮᠢ᠎ᠶ᠋ᠢᠨ ᠡᠮ ᠲᠠᠯᠪᠢᠬᠤ᠂ ᠲᠦᠷᠢᠮ᠎ᠳᠤ ᠬᠠᠯᠳᠠᠭ᠍ᠰᠠᠨ ᠮᠡᠳᠡᠭᠡ ᠵᠠᠩᠭᠢ᠎ᠶ᠋ᠢᠨ ᠱᠢᠰᠲ᠋ᠧᠮ ᠵᠡᠷᠭᠡ ᠪᠠᠢᠳᠠᠯ᠎ᠢ ᠳᠠᠭᠤᠷᠢᠶᠠᠵᠤ᠂ ᠪᠥᠬᠦ᠌ ᠬᠦᠴᠦᠨ ᠵᠦᠢᠯ᠎ᠤᠨ ᠠᠬᠤᠢ ᠲᠠᠯᠠᠪᠠᠢ ᠶ᠋ᠢᠨ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠰᠣᠷᠢᠯᠲᠠ᠎ᠶ᠋ᠢ ᠥᠷᠨᠢᠭᠦᠯᠵᠦ᠍᠂ ᠢᠨᠵᠧᠨᠧᠷᠢᠩ᠎ᠤᠨ ᠰᠦᠷᠳᠡᠭᠦᠯᠦᠯ᠎ᠢ ᠡᠰᠡᠷᠭᠦᠴᠡᠬᠦ᠌ ᠪᠠ ᠠᠶᠤᠯ᠎ᠠᠴᠠ ᠠᠪᠤᠷᠠᠬᠤ ᠡᠩᠨᠡᠭᠡ᠎ᠶ᠋ᠢᠨ ᠲᠦᠷᠭᠡᠨ ᠲᠤᠰᠭᠠᠯ᠂ ᠲᠦᠭ᠌ᠰᠢᠭᠦᠷᠢᠲᠦ ᠪᠠᠢᠳᠠᠯ᠎ᠢ ᠱᠢᠢᠳᠪᠦᠷᠢᠯᠡᠬᠦ᠌ ᠵᠢᠴᠢ ᠬᠠᠮᠵᠢᠯᠴᠠᠨ ᠪᠠᠢᠯᠳᠤᠬᠤ ᠴᠢᠳᠠᠪᠤᠷᠢ᠎ᠶ᠋ᠢ ᠪᠠᠢᠴᠠᠭᠠᠨ ᠱᠢᠯᠭᠠᠵᠤ᠂ ᠮᠡᠳᠡᠭᠡ ᠵᠠᠩᠭᠢ᠎ᠶ᠋ᠢᠨ ᠱᠢᠰᠲ᠋ᠧᠮ᠎ᠤᠨ ᠠᠮᠤᠷ ᠲᠦᠪᠱᠢᠨ᠎ᠤ ᠭᠡᠨᠡᠳᠲᠡ᠎ᠶ᠋ᠢᠨ ᠬᠡᠷᠡᠭ᠎ᠢ ᠠᠷᠭᠠᠴᠠᠭᠠᠬᠤ ᠪᠣᠳᠠᠲᠤ ᠪᠠᠢᠯᠳᠤᠭᠠᠨ᠎ᠤ ᠴᠢᠳᠠᠪᠤᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠡᠳ᠋ ᠬᠥᠷᠥᠩᠭᠡ᠎ᠶ᠋ᠢᠨ ᠬᠤᠬᠢᠷᠠᠯ᠂ ᠣᠷᠴᠢᠨ ᠲᠣᠭᠤᠷᠢᠨ᠎ᠤ ᠡᠪᠳᠡᠭ᠌ᠳᠡᠯ᠂ ᠰᠦᠯᠵᠢᠶᠡᠨ᠎ᠤ ᠠᠮᠤᠷ ᠲᠦᠪᠱᠢᠨ᠎ᠤ ᠲᠦᠭ᠌ᠰᠢᠭᠦᠷᠢ ᠪᠠ ᠨᠡᠢᠭᠡᠮ᠎ᠤᠨ ᠨᠥᠯᠥᠭᠡ᠎ᠶ᠋ᠢ ᠬᠠᠮᠤᠭ᠎ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃
ᠱᠧᠩ ᠱᠢᠶᠣᠣ ᠶᠢᠤ᠂ ᠤᠰᠤᠨ᠎ᠤ ᠠᠮᠤᠷ ᠲᠦᠪᠱᠢᠨ ᠪᠣᠯ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ᠎ᠳᠤ ᠬᠤᠯᠪᠣᠭ᠍ᠳᠠᠬᠤ ᠶᠡᠭᠡ ᠶᠠᠪᠤᠳᠠᠯ ᠮᠥᠨ᠂ ᠤᠯᠤᠰ᠎ᠤᠨ ᠠᠮᠤᠷ ᠲᠦᠪᠱᠢᠨ᠎ᠤ ᠴᠢᠬᠤᠯᠠ ᠪᠦᠷᠢᠯᠳᠦᠬᠦᠨ ᠬᠡᠰᠡᠭ ᠮᠥᠨ᠃ ᠪᠦᠬᠦ᠌ ᠣᠷᠣᠨ᠎ᠤ ᠡᠯ᠎ᠡ ᠱᠠᠲᠤᠨ᠎ᠤ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠶᠡᠷᠦᠩᠬᠡᠢ ᠠᠮᠤᠷ ᠲᠦᠪᠱᠢᠨ᠎ᠤ ᠦᠵᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠤᠬᠠᠮᠰᠠᠷ᠎ᠠᠴᠠ᠎ᠪᠠᠨ ᠠᠮᠤᠷ ᠲᠦᠪᠱᠢᠨ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠤᠰᠤᠨ ᠠᠱᠢᠭ᠍ᠯᠠᠯᠲᠠ᠎ᠶ᠋ᠢᠨ ᠠᠵᠢᠯ᠎ᠤᠨ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠱᠢᠯᠠᠭᠤᠯᠵᠤ᠂ ᠤᠰᠤ ᠭᠠᠩ᠎ᠤᠨ ᠭᠠᠮᠱᠢᠭ᠎ᠢ ᠰᠡᠷᠭᠡᠢᠯᠡᠬᠦ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ᠂ ᠤᠰᠤᠨ᠎ᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠤᠬᠢᠷᠠᠭᠤᠯᠬᠤ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢ ᠬᠠᠮᠠᠭᠠᠯᠠᠨ ᠵᠠᠰᠠᠬᠤ ᠪᠠ ᠰᠦᠷᠳᠡᠭᠦᠯᠦᠯ᠎ᠢ ᠡᠰᠡᠷᠭᠦᠴᠡᠵᠦ᠍ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠵᠡᠷᠭᠡ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠤᠰᠤᠨ ᠠᠱᠢᠭ᠍ᠯᠠᠯᠲᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠤᠯᠤᠰ᠎ᠤᠨ ᠪᠠᠢᠯᠳᠤᠬᠤ ᠪᠤᠳᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠬᠦ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠤᠰᠤᠨ ᠠᠱᠢᠭ᠍ᠯᠠᠯᠲᠠ᠎ᠶ᠋ᠢᠨ ᠬᠤᠪᠢ ᠨᠡᠮᠡᠷᠢ ᠦᠵᠡᠭᠦᠯᠬᠦ᠌᠎ᠪᠠᠷ ᠴᠢᠷᠮᠠᠢᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠱᠧᠩ ᠱᠢᠶᠣᠣ ᠶᠢᠦ᠍᠂ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠠᠮᠤᠷ ᠲᠦᠪᠱᠢᠨ᠂ ᠲᠣᠭ᠍ᠲᠠᠭᠤᠨ᠂ ᠥᠨᠳᠥᠷ ᠪᠦᠲᠦᠮᠵᠢᠲᠡᠢ ᠠᠵᠢᠯᠯᠠᠭᠠᠨ᠎ᠤ ᠬᠠᠷᠢᠭᠤᠴᠠᠯᠭ᠎ᠠ ᠬᠦᠨᠳᠦ ᠶᠡᠭᠡ ᠪᠠᠢᠬᠤ᠎ᠶ᠋ᠢ ᠪᠠᠲᠤᠯᠠᠵᠤ᠂ ᠠᠶᠤᠯ ᠲᠦᠭ᠌ᠰᠢᠭᠦᠷᠢ᠎ᠶ᠋ᠢᠨ ᠤᠬᠠᠮᠰᠠᠷ᠂ ᠵᠣᠪᠠᠨᠢᠬᠤ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ 《ᠴᠠᠭ ᠢᠮᠠᠭ᠍ᠲᠠ ᠰᠠᠨᠠᠭ᠎ᠠ ᠠᠮᠤᠷ ᠦᠭᠡᠢ 》 ᠪᠠᠢᠬᠤ ᠬᠠᠷᠢᠭᠤᠴᠠᠯᠭᠠᠲᠤ ᠰᠡᠳᠭᠢᠯᠭᠡ᠎ᠪᠠᠷ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠪᠣᠳᠠᠲᠠᠢᠵᠢᠭᠤᠯᠵᠤ᠂ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠦᠨᠡᠨ ᠬᠦ᠌ ᠴᠡᠭ᠌ᠴᠡᠯᠡᠨ ᠵᠠᠰᠠᠵᠤ᠂ ᠠᠵᠢᠯᠯᠠᠭᠠᠨ᠎ᠤ ᠬᠠᠮᠢᠶᠠᠷᠤᠯᠲᠠ᠎ᠶ᠋ᠢᠨ ᠵᠢᠭ᠍ᠰᠠᠭᠠᠯ᠎ᠢ ᠲᠦᠷᠭᠡᠨ ᠪᠠᠢᠭᠤᠯᠵᠤ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠴᠢᠳᠠᠪᠤᠷᠢ᠎ᠪᠠᠨ ᠦᠷᠭᠦᠯᠵᠢᠯᠡᠨ ᠴᠢᠩᠭᠠᠳᠭᠠᠵᠤ᠂ ᠪᠦᠬᠦ᠌ ᠠᠷᠠᠳ᠎ᠢᠶᠠᠷ᠎ᠢᠶᠠᠨ ᠣᠷᠣᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠬᠦᠴᠦᠯᠡᠨ ᠪᠤᠢ ᠪᠣᠯᠭᠠᠵᠤ᠂ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ 《ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠭᠠᠷᠠᠭ》᠎ᠤᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠥᠷᠨᠢᠭᠦᠯᠬᠦ᠌᠎ᠲᠠᠢ ᠤᠶᠠᠯᠳᠤᠭᠤᠯᠤᠨ᠂ ᠰᠦᠯᠵᠢᠶᠡᠨ᠎ᠤ ᠠᠮᠤᠷ ᠲᠦᠪᠱᠢᠨ᠎ᠤ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠭᠦᠨᠵᠡᠭᠡᠶ ᠨᠠᠢᠳᠠᠪᠤᠷᠢᠵᠢᠭᠤᠯᠵᠤ᠂ ᠰᠦᠯᠵᠢᠶᠡᠨ᠎ᠤ ᠠᠮᠤᠷ ᠲᠦᠪᠱᠢᠨ᠎ᠤ ᠬᠠᠮᠢᠶᠠᠷᠤᠯᠲᠠ ᠪᠠ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠤᠰᠤᠨ ᠠᠱᠢᠭ᠍ᠯᠠᠯᠲᠠ᠎ᠶ᠋ᠢᠨ ᠱᠢᠰᠲ᠋ᠧᠮ᠎ᠤᠨ ᠰᠦᠯᠵᠢᠶᠡᠨ᠎ᠤ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠠᠬᠢᠵᠢᠭᠦᠯᠵᠦ᠍᠂ ᠤᠰᠤᠨ ᠠᠱᠢᠭ᠍ᠯᠠᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠵᠣᠣ ᠴᠠᠩ ᠴᠢᠩ᠂ ᠲᠣᠰ ᠤᠳᠠᠭᠠᠨ᠎ᠤ ᠰᠣᠷᠢᠯᠲᠠ᠎ᠶ᠋ᠢᠨ ᠠᠵᠢᠯᠯᠠᠭ᠎ᠠ᠎ᠨᠢ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠪᠦᠲᠦᠮᠵᠢᠲᠡᠶ ᠱᠢᠯᠭᠠᠨ ᠪᠠᠢᠴᠠᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠬᠣᠯᠪᠣᠭ᠍ᠳᠠᠯ ᠪᠥᠬᠦᠶ ᠤᠰᠤᠨ᠎ᠤ ᠬᠠᠮᠢᠶᠠᠷᠤᠯᠲᠠ᠎ᠶ᠋ᠢᠨ ᠨᠢᠭᠡᠴᠢ ᠤᠰᠤᠨ ᠠᠱᠢᠭ᠍ᠯᠠᠯᠲᠠ᠎ᠶ᠋ᠢᠨ ᠰᠠᠭᠤᠷᠢ ᠲᠥᠬᠥᠭᠡᠷᠦᠮᠵᠢ ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠬᠠᠷᠢᠭᠤᠴᠠᠯᠭ᠎ᠠ᠎ᠶ᠋ᠢ ᠡᠷᠡᠰ ᠪᠠᠲᠤ ᠡᠭᠦᠷᠭᠡᠯᠡᠵᠦ᠍᠂ ᠰᠣᠷᠢᠯᠲᠠ᠎ᠶ᠋ᠢᠨ ᠦᠷ᠎ᠡ ᠪᠦᠲᠦᠭᠡᠯ᠎ᠢᠶᠠᠨ ᠪᠠᠬᠢᠵᠢᠭᠦᠯᠦᠨ ᠥᠷᠭᠡᠳᠭᠡᠵᠦ᠍᠂ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
ᠲᠣᠰ ᠤᠳᠠᠭᠠᠨ᠎ᠤ ᠰᠣᠷᠢᠯᠲᠠ᠎ᠶ᠋ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠂ ᠥᠪᠥᠷ ᠮᠣᠩᠭᠤᠯ᠎ᠤᠨ ᠱᠦᠶ ᠹᠠ ᠪᠦᠯᠦᠭ᠌ᠯᠡᠯ ᠬᠠᠮᠲᠤᠷᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠤᠰᠤ ᠭᠠᠩ ᠤᠨ ᠭᠠᠮᠱᠢᠭ᠎ᠢ ᠰᠡᠷᠭᠡᠢᠯᠡᠬᠦ᠌ ᠮᠡᠷᠭᠡᠵᠢᠯ᠎ᠤᠨ ᠲᠥᠪ᠂ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠶᠠᠰᠤ ᠴᠢᠨᠠᠷ ᠪᠠ ᠠᠮᠤᠷ ᠲᠦᠪᠱᠢᠨ᠎ᠤ ᠬᠢᠨᠠᠯᠲᠠ ᠲᠠᠯᠪᠢᠬᠤ ᠦᠢᠯᠡᠴᠢᠯᠡᠭᠡᠨ᠎ᠤ ᠲᠥᠪ᠂ ᠬᠢᠩᠭᠠᠨ ᠠᠢᠮᠠᠭ᠎ᠤᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ ᠪᠠ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠤᠰᠤ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠭᠠᠭᠠᠴᠢᠯᠠᠨ ᠡᠷᠭᠢᠯᠡᠪᠡ᠃