ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠠᠩᠬᠠᠳᠠᠭ᠍ᠴᠢ ᠪᠦᠯᠦᠭ ᠤᠰᠤ ᠬᠥᠷᠥᠰᠥ᠍ ᠎ᠶ᠋ᠢ ᠬᠠᠮᠠᠭᠠᠯᠠᠬᠤ ᠠᠮᠢ ᠠᠬᠤᠶ ᠎ᠶ᠋ᠢᠨ ᠪᠦᠲᠦᠭᠡᠭ᠌ᠳᠡᠬᠦᠨ᠎ᠤ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ ᠭᠡᠷ᠎ᠡ ᠲᠣᠭ᠍ᠲᠠᠵᠤ ᠨᠠᠢᠲᠠᠪᠤᠷᠢᠵᠢᠭᠤᠯᠪᠠ
ᠨᠡᠶ᠋ᠢᠲᠡᠯᠡᠭᠰᠡᠨ ᠴᠠᠭ᠄ 2025-09-17

  9 ᠳ᠋ᠤᠭᠡᠷ ᠰᠠᠷ᠎ᠠ᠎ᠶ᠋ᠢᠨ 17 ᠎ᠤ ᠡᠳᠦᠷ᠂ ᠥᠪᠥᠷ ᠮᠣᠩᠭᠤᠯ᠎ᠤᠨ ᠠᠩᠬᠠᠳᠠᠭ᠍ᠴᠢ ᠪᠦᠯᠦᠭ ᠤᠰᠤ ᠬᠥᠷᠥᠰᠥ᠍᠎ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠤ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ᠎ᠶ᠋ᠢ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠳᠤ ᠭᠡᠷ᠎ᠡ ᠲᠣᠭ᠍ᠲᠠᠵᠤ ᠨᠠᠢᠳᠠᠪᠤᠷᠢᠵᠢᠭᠤᠯᠤᠨ᠂ ᠪᠥᠬᠦ᠌ ᠣᠷᠣᠨ᠎ᠤ ᠤᠰᠤ ᠬᠥᠷᠥᠰᠥ᠍᠎ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠤ ᠥᠷᠲᠡᠭ᠎ᠢ ᠬᠤᠪᠢᠷᠠᠭᠤᠯᠬᠤ ᠦᠢᠯᠡᠳᠦᠯᠭᠡ ᠲᠡᠭ᠎ᠤᠨ ᠱᠢᠪᠲᠤᠯᠤᠯᠲᠠ᠎ᠶ᠋ᠢ ᠪᠡᠶᠡᠯᠡᠭᠦᠯᠪᠡ᠃

  ᠲᠣᠰ ᠤᠳᠠᠭᠠᠨ᠎ᠤ ᠠᠷᠠᠯᠵᠢᠶᠠᠨ᠎ᠤ ᠬᠠᠷᠠᠯᠲᠠ᠎ᠨᠢ ᠴᠥᠮ ᠲᠣᠰ ᠬᠤᠱᠢᠭᠤᠨ᠎ᠤ ᠪᠤᠷᠭᠠᠰᠤᠲᠠᠶ ᠱᠢᠶᠠᠩ᠎ᠤᠨ ᠤᠰᠤᠨ ᠴᠥᠭᠦᠷᠥᠮ ᠲᠣᠰᠭᠤᠨ᠎ᠳᠤ ᠪᠠᠢᠷᠢᠯᠠᠵᠤ᠂ ᠨᠡᠢᠲᠡ 2 ᠪᠦᠯᠦᠭ ᠤᠰᠤ ᠬᠥᠷᠥᠰᠥ᠍ ᠎ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠲᠠᠢ ᠬᠤᠯᠪᠣᠭ᠍ᠳᠠᠨ᠎ᠠ᠂ ᠡᠭᠦᠨ᠎ᠳᠤ᠂ ᠱᠢᠯᠵᠢᠭᠦᠯᠦᠨ ᠬᠤᠳᠠᠯᠳᠤᠬᠤ ᠲᠠᠯ᠎ᠠ᠎ᠶ᠋ᠢᠨ ᠤᠰᠤᠨ ᠴᠥᠭᠦᠷᠥᠮ ᠎ᠤᠨ ᠲᠣᠰᠭᠤᠨ᠎ᠤ ᠠᠷᠠᠳ᠎ᠤᠨ ᠵᠥᠪᠯᠡᠯ᠎ᠠᠴᠠ ᠱᠢᠯᠵᠢᠭᠦᠯᠦᠨ ᠠᠪᠬᠤ ᠲᠠᠯ᠎ᠠ᠎ᠶ᠋ᠢᠨ 1 ᠠᠵᠤ ᠠᠬᠤᠢᠯᠠᠯ᠎ᠲᠠᠢ ᠬᠡᠯᠡᠯᠴᠡᠭᠡᠷ ᠲᠣᠭ᠍ᠲᠠᠵᠤ᠂ ᠲᠣᠰ ᠲᠣᠰᠭᠤᠨ᠎ᠤ ᠤᠰᠤᠨ ᠴᠥᠭᠦᠷᠥᠮ᠎ᠤᠨ ᠵᠢᠵᠢᠭ ᠰᠠᠪᠠ ᠭᠠᠵᠠᠷ᠎ᠢ ᠵᠠᠰᠠᠬᠤ ᠲᠥᠷᠥᠯ ᠵᠦᠶ᠋ᠯ᠎ᠤᠨ 22.32 ᠲᠡᠭ᠌ᠰᠢ ᠳᠥᠷᠪᠡᠯᠵᠢᠨ ᠺᠢᠯᠣᠮᠧᠲᠷ᠎ᠤᠨ ᠠᠮᠢ ᠠᠬᠤᠶ᠎ᠶ᠋ᠢᠨ ᠪᠦᠲᠦᠭᠡᠭ᠌ᠳᠡᠬᠦᠨ (ᠪᠣᠳᠠᠰ᠎ᠤᠨ ᠬᠠᠩᠭᠠᠯᠭ᠎ᠠ᠎ᠶ᠋ᠢᠨ ᠲᠥᠷᠥᠯ)᠎ᠤ 5 ᠵᠢᠯ᠎ᠤᠨ ᠨᠡᠭᠡᠭᠡᠨ ᠬᠥᠭ᠌ᠵᠢᠭᠦᠯᠬᠦ᠌ ᠡᠵᠡᠩᠨᠡᠯᠲᠡ᠎ᠶ᠋ᠢᠨ ᠡᠷᠬᠡ᠎ᠶ᠋ᠢ ᠠᠷᠠᠯᠵᠢᠶᠠᠯᠠᠵᠤ᠂ ᠠᠷᠠᠯᠵᠢᠶᠠᠨ᠎ᠤ ᠲᠣᠭ᠎ᠠ᠎ᠨᠢ 302.5 ᠲᠦᠮᠡᠨ ᠲᠥᠭᠦᠷᠢᠭ ᠪᠣᠯᠤᠨ᠎ᠠ; ᠱᠢᠯᠵᠢᠭᠦᠯᠦᠨ ᠬᠤᠳᠠᠯᠳᠤᠬᠤ ᠲᠠᠯ᠎ᠠ᠎ᠶ᠋ᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠵᠠᠰᠠᠭ᠎ᠤᠨ ᠣᠷᠳᠣᠨ ᠪᠠ ᠱᠢᠯᠵᠢᠭᠦᠯᠦᠨ ᠠᠪᠬᠤ ᠲᠠᠯ᠎ᠠ᠎ᠶ᠋ᠢᠨ 2 ᠠᠵᠤ ᠠᠬᠤᠢᠯᠠᠯ᠎ᠲᠠᠢ ᠬᠡᠯᠡᠯᠴᠡᠭᠡᠷ ᠲᠣᠭ᠍ᠲᠠᠵᠤ᠂ ᠠᠷᠠᠯᠵᠢᠶᠠᠨ᠎ᠤ ᠤᠰᠤᠨ ᠴᠥᠭᠦᠷᠥᠮ ᠲᠣᠰᠭᠤᠨ᠎ᠤ ᠢᠳᠡᠭ᠌ᠳᠡᠭ᠌ᠰᠡᠨ ᠭᠤᠤ᠎ᠶ᠋ᠢ ᠵᠠᠰᠠᠬᠤ ᠢᠨᠵᠧᠨᠧᠷᠢᠩ᠎ᠨᠢ 43.17 ᠮᠥ᠍ ᠲᠠᠷᠢᠶᠠᠨ ᠭᠠᠵᠠᠷ᠎ᠤᠨ ᠭᠦᠶ᠋ᠴᠡᠳᠭᠡᠯ ᠲᠤᠭ᠎ᠠ ᠱᠢᠨ᠎ᠡ᠎ᠪᠠᠷ ᠨᠡᠮᠡᠭ᠌ᠳᠡᠵᠦ᠍᠂ ᠠᠷᠠᠯᠵᠢᠶᠠᠨ᠎ᠤ ᠲᠣᠭ᠎ᠠ᠎ᠨᠢ 151.09 ᠲᠦᠮᠡᠨ ᠲᠥᠭᠦᠷᠢᠭ ᠪᠣᠯᠤᠨ᠎ᠠ᠃ ᠠᠷᠠᠯᠵᠢᠶᠠᠨ᠎ᠤ ᠪᠡᠯᠡ ᠮᠥᠩᠭᠦ᠎ᠶ᠋ᠢ ᠲᠣᠰᠭᠤᠨ᠎ᠤ ᠠᠷᠠᠳ᠎ᠤᠨ ᠣᠷᠣᠯᠭ᠎ᠠ ᠡᠭᠦᠳᠬᠦ᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠂ ᠲᠣᠰᠭᠤᠨ᠎ᠤ ᠰᠠᠭᠤᠷᠢ ᠲᠥᠬᠥᠭᠡᠷᠦᠮᠵᠢ ᠎ᠶ᠋ᠢ ᠰᠠᠢᠵᠢᠷᠠᠭᠤᠯᠬᠤ ᠪᠠ ᠲᠤᠬᠠᠶ᠎ᠶ᠋ᠢᠨ ᠭᠠᠵᠠᠷ᠎ᠤᠨ ᠤᠰᠤ ᠬᠥᠷᠥᠰᠥ᠍᠎ᠶ᠋ᠢ ᠬᠠᠮᠠᠭᠠᠯᠠᠬᠤ ᠴᠢᠳᠠᠮᠵᠢ ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠬᠦ᠌᠎ᠳᠤ ᠲᠤᠰᠭᠠᠶ ᠬᠡᠷᠡᠭ᠌ᠯᠡᠵᠦ᠍᠂ ᠠᠱᠢᠭ ᠭᠥᠷᠳᠡᠭ᠌ᠰᠡᠨ ᠲᠣᠰᠭᠤᠨ᠎ᠤ ᠠᠷᠠᠳ 550 ᠡᠷᠦᠬᠡ᠂ 1311 ᠬᠥᠮᠦᠨ ᠪᠣᠯᠣᠨ᠎ᠠ᠃

  ᠲᠣᠰ ᠤᠳᠠᠭᠠᠨ᠎ᠤ ᠠᠷᠠᠯᠵᠢᠶ᠎ᠠ᠎ᠳᠤ 《ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠠᠵᠤ ᠠᠬᠤᠢᠯᠠᠯ ᠪᠠ ᠨᠡᠢᠭᠡᠮ ᠨᠡᠢᠲᠡ ᠬᠠᠮᠲᠤ᠎ᠪᠠᠷ ᠣᠷᠣᠯᠴᠠᠬᠤ᠂ ᠵᠠᠬ᠎ᠠ ᠳᠡᠯᠭᠡᠭᠦᠷᠴᠢᠯᠡᠨ ᠠᠵᠢᠯᠯᠠᠬᠤ᠂ ᠨᠥᠭᠡᠴᠡᠲᠡᠢ》ᠰᠡᠳᠭᠢᠴᠡ ᠎ᠪᠡᠷ᠂ ᠬᠢᠩᠭᠠᠨ ᠠᠢᠮᠠᠭ᠎ᠤᠨ ᠬᠥᠳᠡᠭᠡ ᠲᠣᠰᠭᠤᠨ᠎ᠤ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠦᠢᠯᠡᠴᠢᠯᠡᠭᠡᠨ᠎ᠤ ᠲᠠᠪᠴᠠᠩ᠎ᠳᠤ ᠲᠦᠱᠢᠭ᠌ᠯᠡᠨ᠂ ᠠᠮᠢ ᠠᠬᠤᠶ ᠎ᠶ᠋ᠢᠨ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠵᠦ᠍ ᠡᠵᠡᠩᠨᠡᠬᠦ᠌ ᠡᠷᠬᠡ ᠪᠠ ᠱᠢᠨ᠎ᠡ᠎ᠪᠠᠷ ᠨᠡᠮᠡᠭ᠌ᠳᠡᠭ᠌ᠰᠡᠨ ᠲᠠᠷᠢᠶᠠᠨ ᠭᠠᠵᠠᠷ᠎ᠤᠨ ᠭᠦᠢᠴᠡᠳᠭᠡᠯ ᠲᠤᠭ᠎ᠠ᠎ᠶ᠋ᠢ ᠬᠠᠮᠵᠢᠯᠴᠠᠨ ᠠᠷᠠᠯᠵᠢᠶᠠᠯᠠᠬᠤ ᠲᠣᠭ᠍ᠲᠠᠴᠠ᠎ᠶ᠋ᠢ ᠬᠠᠢᠨ ᠰᠦᠪᠡᠭ᠌ᠴᠢᠯᠡᠵᠦ᠍᠂ ᠬᠡᠮᠵᠢᠶᠡᠵᠢᠭᠦᠯᠦᠨ ᠦᠨᠡᠯᠡᠨ ᠵᠢᠱ᠌ᠢᠬᠦ᠂ ᠵᠠᠬ᠎ᠠ ᠳᠡᠯᠭᠡᠭᠦᠷᠴᠢᠯᠡᠭ᠌ᠰᠡᠨ ᠲᠣᠭ᠍ᠲᠠᠴᠠ ᠵᠡᠷᠭᠡ ᠶᠠᠪᠤᠴᠠ᠎ᠪᠠᠷ ᠳᠠᠮᠵᠢᠭᠤᠯᠤᠨ᠂ ᠲᠤᠬᠠᠶ᠎ᠶ᠋ᠢᠨ ᠭᠠᠵᠠᠷ᠎ᠤᠨ ᠠᠮᠢ ᠠᠬᠤᠶ᠎ᠶ᠋ᠢᠨ ᠳᠠᠪᠠᠭᠤᠯᠢᠭ᠎ᠢ ᠠᠵᠤ ᠠᠬᠤᠶ᠎ᠶ᠋ᠢᠨ ᠥᠷᠲᠡᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠪᠠ ᠣᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠤᠶᠠᠯᠳᠤᠭᠤᠯᠬᠤ ᠪᠠ ᠬᠠᠮᠲᠤ᠎ᠪᠠᠷ ᠪᠠᠢᠭᠤᠯᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠪᠡ᠃

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ 《ᠬᠤᠶᠠᠷ ᠠᠭᠤᠯᠠ》᠎ᠶ᠋ᠢᠨ ᠣᠨᠣᠯᠵᠢᠬᠤᠨ᠎ᠢ ᠢᠮᠠᠭ᠍ᠲᠠ ᠦᠢᠯᠡᠳᠦᠯᠭᠡᠵᠢᠭᠦᠯᠵᠦ᠍᠂ ᠤᠰᠤ ᠬᠥᠷᠥᠰᠥ᠍᠎ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠢ ᠪᠠᠢᠴᠠᠭᠠᠨ ᠬᠡᠮᠵᠢᠬᠦ᠂ ᠥᠷᠲᠡᠭ᠎ᠢ ᠲᠣᠭᠠᠴᠠᠭ᠎ᠠ ᠬᠢᠬᠦ᠂ ᠠᠷᠠᠯᠵᠢᠶᠠᠨ᠎ᠤ ᠲᠦᠷᠢᠮ ᠪᠠ ᠠᠱᠢᠭ ᠣᠷᠣᠯᠭ᠎ᠠ᠎ᠶ᠋ᠢ ᠬᠤᠪᠢᠶᠠᠷᠢᠯᠠᠬᠤ ᠵᠡᠷᠭᠡ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠤᠨ ᠤᠯᠠᠨ ᠡᠱᠢᠵᠢᠬᠦᠯᠦᠨ ᠬᠤᠪᠢᠷᠠᠭᠤᠯᠬᠤ ᠠᠷᠭ᠎ᠠ ᠵᠠᠮ᠎ᠢ ᠥᠷᠭᠡᠳᠭᠡᠵᠦ᠍᠂ ᠤᠰᠤ ᠬᠥᠷᠥᠰᠥ᠍ ᠎ᠶ᠋ᠢ ᠬᠠᠮᠠᠭᠠᠯᠠᠬᠤ ᠢᠨᠵᠧᠨᠧᠷᠢᠩ᠎ᠢ ᠭᠠᠭ᠍ᠴᠠ ᠴᠢᠭ᠌ᠯᠡᠯ ᠎ᠢᠶᠠᠷ ᠣᠷᠣᠭᠤᠯᠵᠤ ᠪᠠᠢᠭ᠍ᠰᠠᠨ᠎ᠠᠴᠠ 《ᠵᠠᠰᠠᠬᠤ — ᠬᠤᠪᠢᠷᠠᠭᠤᠯᠬᠤ — ᠲᠠᠬᠢᠨ ᠣᠷᠣᠭᠤᠯᠬᠤ》 ᠲᠡᠢᠰᠢ ᠨᠥᠭᠡᠴᠡᠲᠡᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠤᠰᠤ ᠬᠥᠷᠥᠰᠥ᠍᠎ᠶ᠋ᠢᠨ ᠢᠳᠡᠭ᠌ᠳᠡᠯ᠎ᠢ ᠵᠠᠰᠠᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠠᠭᠤᠰᠤᠯᠴᠠᠭᠤᠯᠬᠤ᠂ ᠠᠮᠢ ᠠᠬᠤᠢ᠎ᠶ᠋ᠢ ᠬᠠᠮᠠᠭᠠᠯᠠᠬᠤ ᠪᠠ ᠠᠮᠢ ᠠᠬᠤᠢ᠎ᠶ᠋ᠢᠨ ᠦᠷᠳᠡᠭ᠎ᠢ ᠬᠠᠮᠵᠢᠯᠴᠠᠨ ᠪᠡᠶᠡᠯᠡᠭᠦᠯᠬᠦ᠌᠎ᠶ᠋ᠢ ᠠᠬᠢᠭᠤᠯᠵᠤ᠂ 《ᠠᠮᠢ ᠠᠬᠤᠢ ᠰᠠᠢᠬᠠᠨ᠂ ᠠᠵᠤ ᠦᠢᠯᠡᠰ ᠬᠥᠭ᠌ᠵᠢᠩᠭᠦᠢ᠂ ᠠᠷᠠᠳ ᠢᠷᠭᠡᠳ ᠪᠠᠶᠠᠵᠢᠬᠤ》᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠱᠢᠠᠠᠯᠠᠯᠳᠡ᠎ᠶ᠋ᠢᠨ ᠳᠢᠩᠬᠢᠮ
          
ᠬᠠᠮᠢᠶ᠎ᠡ ᠪᠦᠬᠦᠢ ᠰᠣᠨᠢᠨ
 
            