ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠤᠯ᠎ᠤᠨ ᠤᠰᠤ ᠬᠥᠷᠥᠰᠥ᠎ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠤ ᠥᠷᠲᠡᠭ᠎ᠤᠨ ᠬᠤᠪᠢᠷᠠᠭᠤᠯᠤᠯᠲᠠ᠎ᠶ᠋ᠢ ᠱᠢᠪᠲᠤᠯᠪᠠ
ᠨᠡᠶ᠋ᠢᠲᠡᠯᠡᠭᠰᠡᠨ ᠴᠠᠭ᠄ 2025-09-18

  9 ᠳ᠋ᠦ᠍ᠭᠡᠷ ᠰᠠᠷ᠎ᠠ᠎ᠶ᠋ᠢᠨ 17 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠯᠦᠭ ᠤᠰᠤ ᠬᠦᠷᠦᠰᠦ᠎ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠤ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ ᠶᠠᠪᠤᠳᠠᠯ᠎ᠨᠢ ᠬᠢᠩᠭᠠᠨ ᠠᠢᠮᠠᠭ᠎ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠳᠤ ᠭᠠᠷ᠎ᠤᠨ ᠥᠰᠥᠭ  ᠵᠢᠷᠤᠪᠠ᠂ ᠥᠪᠥᠷ ᠮᠣᠩᠭᠤᠯ᠎ᠤᠨ ᠤᠰᠤ  ᠬᠦᠷᠦᠰᠦ ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠤ ᠥᠷᠲᠡᠭ᠎ᠤᠨ ᠬᠤᠪᠢᠷᠠᠭᠤᠯᠤᠯᠲᠠ᠎ᠶᠢᠨ ᠲᠡᠭ᠎ᠢ ᠰᠢᠪᠲᠤᠯᠤᠭᠰᠠᠨ᠎ᠢ ᠬᠠᠷᠠᠭᠤᠯᠵᠤ ᠪᠠᠢᠨ᠎ᠠ᠃

  ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠠᠷᠠᠯᠵᠢᠶ᠎ᠠ᠎ᠳᠤ 《ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠠᠵᠤ ᠠᠬᠤᠢᠯᠠᠯ ᠪᠠ ᠨᠡᠢᠭᠡᠮ ᠨᠡᠢᠲᠡ ᠬᠠᠮᠲᠤ᠎ᠪᠠᠷ ᠣᠷᠣᠯᠴᠠᠬᠤ᠂ ᠵᠠᠬ᠎ᠠ ᠳᠡᠯᠭᠡᠭᠦᠷᠴᠢᠯᠡᠨ ᠠᠵᠢᠯᠯᠠᠬᠤ᠂ ᠦᠷᠭᠦᠯᠵᠢᠯᠡᠵᠦ᠍ ᠪᠣᠯᠬᠤ》 ᠰᠡᠳᠭᠢᠴᠡ ᠶᠣᠰᠣᠭᠠᠷ᠂ ᠬᠢᠩᠭᠠᠨ ᠠᠢᠮᠠᠭ᠎ᠤᠨ ᠬᠥᠳᠡᠭᠡ ᠲᠣᠰᠭᠤᠨ᠎ᠤ ᠥᠮᠴᠢᠯᠡᠯ᠎ᠤᠨ ᠡᠷᠬᠡ᠎ᠶ᠋ᠢᠨ ᠠᠷᠠᠯᠵᠢᠶᠠᠨ᠎ᠤ ᠦᠢᠯᠡᠴᠢᠯᠡᠭᠡᠨ᠎ᠤ ᠲᠠᠪᠴᠠᠩ᠎ᠳᠤ ᠲᠦᠱᠢᠭ᠌ᠯᠡᠨ᠂ ᠠᠮᠢ ᠠᠬᠤᠶ᠎ᠶ᠋ᠢᠨ ᠪᠦᠲᠦᠭᠡᠭ᠌ᠳᠡᠬᠦᠨ᠎ᠢ ᠨᠡᠭᠡᠭᠡᠨ ᠬᠥᠭ᠌ᠵᠢᠭᠦᠯᠵᠦ᠍ ᠡᠵᠡᠩᠨᠡᠬᠦ᠌ ᠡᠷᠬᠡ ᠬᠢᠭᠡᠳ ᠱᠢᠨ᠎ᠡ᠎ᠪᠠᠷ ᠨᠡᠮᠡᠭ᠌ᠳᠡᠭ᠌ᠰᠡᠨ ᠲᠠᠷᠢᠶᠠᠨ ᠭᠠᠵᠠᠷ᠎ᠤᠨ ᠭᠦᠢᠴᠡᠳᠭᠡᠯ ᠲᠤᠭ᠎ᠠ᠎ᠶ᠋ᠢ ᠬᠠᠮᠵᠢᠯᠴᠠᠨ ᠠᠷᠠᠯᠵᠢᠶᠠᠯᠠᠬᠤ ᠲᠣᠭ᠍ᠲᠠᠴᠠ᠎ᠶ᠋ᠢ ᠬᠠᠢᠨ ᠰᠦᠪᠡᠭ᠌ᠴᠢᠯᠡᠵᠦ᠍᠂ ᠲᠤᠬᠠᠶ᠎ᠶ᠋ᠢᠨ ᠭᠠᠵᠠᠷ᠎ᠤᠨ ᠠᠮᠢ ᠠᠬᠤᠶ᠎ᠶ᠋ᠢᠨ ᠳᠠᠪᠠᠭᠤᠯᠢᠭ᠎ᠢ ᠠᠵᠤ ᠠᠬᠤᠶ᠎ᠶ᠋ᠢᠨ ᠥᠷᠲᠡᠭ ᠪᠣᠯᠭᠠᠨ ᠬᠤᠪᠢᠷᠠᠭᠤᠯᠬᠤ᠎ᠶ᠋ᠢ ᠳᠥᠯᠭᠢᠨ ᠠᠬᠢᠭᠤᠯᠵᠤ᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠬᠢᠭᠡᠳ ᠣᠯᠠᠨ ᠲᠦᠮᠡᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠡᠶᠡᠯᠡᠭᠦᠯᠦᠨ᠎ᠡ᠃

  ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠠᠵᠢᠯᠲᠠᠨ ᠢᠯᠡᠷᠬᠡᠢᠯᠡᠬᠦ᠌᠎ᠳᠡᠭᠡᠨ᠂ ᠥᠪᠥᠷ ᠮᠣᠩᠭᠤᠯ ᠤᠰᠤ ᠬᠦᠷᠦᠰᠦ ᠶ᠋ᠢ ᠬᠠᠮᠠᠭᠠᠯᠠᠬᠤ ᠠᠮᠢ ᠠᠬᠤᠶ᠎ᠶ᠋ᠢᠨ ᠪᠦᠲᠦᠭᠡᠭ᠌ᠳᠡᠬᠦᠨ᠎ᠢ ᠪᠠᠢᠴᠠᠭᠠᠨ ᠬᠡᠮᠵᠢᠬᠦ᠂ ᠥᠷᠲᠡᠭ᠎ᠢ ᠲᠣᠭᠠᠴᠠᠭ᠎ᠠ ᠬᠢᠬᠦ᠂ ᠠᠷᠠᠯᠵᠢᠶᠠᠨ᠎ᠤ ᠲᠦᠷᠢᠮ ᠪᠠ ᠠᠱᠢᠭ ᠣᠷᠣᠯᠭ᠎ᠠ᠎ᠶ᠋ᠢ ᠬᠤᠪᠢᠶᠠᠷᠢᠯᠠᠬᠤ ᠵᠡᠷᠭᠡ ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠣᠯᠠᠨ ᠡᠱᠢᠵᠢᠬᠦᠯᠦᠨ ᠬᠤᠪᠢᠷᠠᠭᠤᠯᠬᠤ ᠠᠷᠭ᠎ᠠ ᠵᠠᠮ᠎ᠢ ᠥᠷᠭᠡᠳᠭᠡᠵᠦ᠍᠂  ᠤᠰᠤ ᠬᠦᠷᠦᠰᠦ ᠎ᠶ᠋ᠢ ᠬᠠᠮᠠᠭᠠᠯᠠᠬᠤ ᠢᠨᠵᠧᠨᠧᠷᠢᠩ᠎ᠤᠨ ᠲᠠᠩ ᠭᠠᠭ᠍ᠴᠠ ᠣᠷᠣᠭᠤᠯᠤᠯᠲᠠ ᠪᠠᠢᠭ᠍ᠰᠠᠨ᠎ᠠᠴᠠ 《ᠵᠠᠰᠠᠬᠤ — ᠬᠤᠪᠢᠷᠠᠭᠤᠯᠬᠤ — ᠳᠠᠬᠢᠨ ᠣᠷᠣᠭᠤᠯᠬᠤ》 ᠲᠡᠢᠰᠢ ᠦᠷᠭᠦᠯᠵᠢᠯᠡᠨ ᠬᠥᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠤᠰᠤ ᠬᠦᠷᠦᠰᠦ᠎ᠶ᠋ᠢᠨ ᠢᠳᠡᠭ᠌ᠳᠡᠯ᠎ᠢ ᠵᠠᠰᠠᠬᠤ ᠬᠢᠭᠡᠳ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠣᠷᠭᠠᠨᠢᠭ᠎ᠢᠶᠠᠷ ᠠᠭᠤᠰᠤᠯᠴᠠᠭᠤᠯᠬᠤ᠂ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠠᠮᠢ ᠠᠬᠤᠶ᠎ᠶ᠋ᠢᠨ ᠥᠷᠲᠡᠭ᠎ᠢ ᠬᠠᠮᠵᠢᠯᠴᠠᠨ ᠪᠡᠶᠡᠯᠡᠭᠦᠯᠬᠦ᠌᠎ᠶ᠋ᠢ ᠠᠬᠢᠭᠤᠯᠤᠨ᠎ᠠ ᠭᠡᠵᠡᠶ᠃

ᠢᠷᠡᠯᠲᠡ᠄ ᠳᠤᠮᠳᠠᠳᠤ ᠤᠯᠤᠰ᠎ᠤᠨ ᠤᠰᠤᠨ ᠠᠱᠢᠭ᠍ᠯᠠᠯᠲᠠ᠎ᠶ᠋ᠢᠨ ᠰᠣᠨᠢᠨ
          
ᠬᠠᠮᠢᠶ᠎ᠡ ᠪᠦᠬᠦᠢ ᠰᠣᠨᠢᠨ
 
            