
ᠯᠢ ᠭᠦᠸᠧ ᠶᠢᠩ ᠲᠠᠩᠭᠤᠯᠠ ᠠᠭᠤᠯᠠ ᠨᠢᠷᠤᠭᠤ᠎ᠶᠢᠨ ᠭᠤᠣᠯ ᠣᠷᠭᠢᠯ ᠪᠣᠯᠬᠤ ᠭᠧ ᠯᠠ ᠳ᠋ᠠᠨ ᠳ᠋ᠦᠩ ᠴᠠᠰᠤᠲᠤ ᠠᠭᠤᠯᠠᠨ᠎ᠤ ᠪᠠᠷᠠᠭᠤᠨ ᠡᠮᠦᠨ᠎ᠡ ᠲᠠᠯ᠎ᠠ᠎ᠳᠤ ᠪᠠᠢᠴᠠᠭᠠᠨ ᠰᠤᠳᠤᠯᠤᠯᠲᠠ ᠬᠢᠪᠡ
9 ᠳ᠋ᠦ᠍ᠭᠡᠷ ᠰᠠᠷ᠎ᠠ᠎ᠶ᠋ᠢᠨ 13 ᠤ ᠡᠳᠦᠷ᠎ᠠᠴᠠ 17 ᠤ ᠡᠳᠦᠷ ᠪᠣᠯᠲᠠᠯ᠎ᠠ᠂ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠰᠠᠢᠳ ᠯᠢ ᠭᠦᠸᠧ ᠶᠢᠩ ᠬᠥᠬᠡᠮᠥ᠋ᠷᠡᠨ᠎ᠤ ᠡᠬᠢ ᠰᠤᠷᠪᠤᠯᠵᠢ ᠪᠣᠯᠤᠨ ᠲᠥᠪᠡᠳ᠎ᠤᠨ ᠨᠠᠴᠢᠤᠢ ᠤᠰᠤᠨ ᠠᠱᠢᠭ᠍ᠯᠠᠯᠲᠠ᠎ᠶ᠋ᠢᠨ ᠠᠵᠢᠯ᠎ᠢ ᠪᠠᠢᠴᠠᠭᠠᠨ ᠰᠤᠳᠤᠯᠬᠤ᠎ᠳᠠᠭᠠᠨ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠥᠬᠡᠮᠥ᠋ᠷᠡᠨ᠎ᠤ ᠬᠠᠮᠠᠭᠠᠯᠠᠯᠲᠠ ᠵᠠᠰᠠᠯᠲᠠ᠎ᠶ᠋ᠢᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠤᠯᠢ ᠲᠣᠭ᠍ᠲᠠᠭᠠᠯ ᠶᠣᠰᠣᠭᠠᠷ ᠬᠥᠬᠡᠮᠥ᠋ᠷᠡᠨ᠎ᠤ ᠡᠬᠢ ᠡᠭᠦᠰᠦᠯ᠎ᠢ ᠴᠢᠩᠭ᠎ᠠ ᠬᠠᠮᠠᠭᠠᠯᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠦᠳᠡᠭᠡ ᠲᠤᠰᠬᠤᠨ ᠮᠠᠯᠵᠢᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠪᠦᠯᠬᠦᠮᠳᠡᠯ᠎ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠶ ᠦᠵᠡᠰᠭᠦᠯᠡᠩᠲᠦ ᠰᠠᠢᠬᠠᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠱᠢᠨ᠎ᠡ ᠲᠥᠪᠡᠳ᠎ᠢ ᠴᠢᠷᠮᠠᠢᠨ ᠪᠥᠲᠥᠭᠡᠨ ᠪᠠᠢᠭᠤᠯᠬᠤ᠎ᠳᠤ ᠤᠰᠤᠨ ᠠᠱᠢᠭ᠍ᠯᠠᠯᠲᠠ᠎ᠶ᠋ᠢᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠯᠢ ᠭᠦᠸᠧ ᠶᠢᠩ ᠬᠥᠬᠡᠮᠥ᠋ᠷᠡᠨ᠎ᠤ ᠡᠬᠢ ᠰᠤᠷᠪᠤᠯᠵᠢ᠎ᠶ᠋ᠢ ᠪᠠᠢᠴᠠᠭᠠᠨ ᠰᠤᠳᠤᠯᠪᠠ
ᠯᠢ ᠭᠦᠸᠧ ᠶᠢᠩ ᠲᠠᠩᠭᠤᠯᠠ ᠠᠭᠤᠯᠠ ᠨᠢᠷᠤᠭᠤ᠎ᠶᠢᠨ ᠭᠣᠣᠯ ᠣᠷᠭᠢᠯ ᠪᠣᠯᠬᠤ ᠭᠧ ᠯᠠ ᠳ᠋ᠠᠨ ᠴᠠᠰᠤᠲᠤ ᠠᠭᠤᠯᠠᠨ᠎ᠤ ᠪᠠᠷᠠᠭᠤᠨ ᠡᠮᠦᠨ᠎ᠡ ᠲᠠᠯ᠎ᠠ᠎ᠶ᠋ᠢᠨ ᠵᠢᠶᠠᠩ ᠭᠧᠨ ᠳ᠋ᠢ ᠷᠦ᠋ ᠮᠥᠰᠥᠨ ᠭᠤᠣᠯ᠎ᠳᠤ ᠭᠦᠨᠵᠡᠭᠡᠢᠷᠡᠵᠦ᠍᠂ ᠬᠥᠬᠡᠮᠥ᠋ᠷᠡᠨ᠎ᠤ ᠡᠬᠢ ᠰᠤᠷᠪᠤᠯᠵᠢ᠎ᠶ᠋ᠢ ᠪᠠᠢᠴᠠᠭᠠᠨ ᠰᠤᠳᠤᠯᠪᠠ᠃ ᠯᠢ ᠭᠦᠸᠧ ᠶᠢᠩ᠂ ᠲᠦᠮᠡᠨ ᠭᠠᠵᠠᠷ᠎ᠤᠨ ᠬᠥᠬᠡᠮᠥ᠋ᠷᠡᠨ᠎ᠦ ᠡᠬᠢ ᠨᠢ ᠬᠥᠬᠡᠨᠠᠭᠤᠷ ᠲᠥᠪᠡᠳ᠎ᠦᠨ ᠥᠨᠳᠥᠷᠯᠢᠭ᠎ᠡᠴᠡ ᠡᠬᠢ ᠠᠪᠴᠤ ᠂ ᠵᠠᠭᠤᠨ ᠭᠣᠣᠯ᠎ᠢ ᠨᠡᠢᠯᠡᠭᠦᠯᠦᠨ ᠲᠡᠯᠡᠶ᠎ᠳᠦ ᠴᠢᠳᠬᠤᠳᠠᠭ ᠂ ᠲᠡᠭᠦᠨ᠎ᠦ ᠡᠬᠢ ᠡᠭᠦᠰᠦᠯ᠎ᠦᠨ ᠣᠷᠣᠨ ᠨᠢ ᠰᠠᠪᠠ ᠭᠠᠵᠠᠷ᠎ᠤᠨ ᠤᠰᠤᠨ᠎ᠤ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠣᠨ᠎ᠠ᠂ ᠡᠬᠢ ᠡᠭᠦᠰᠦᠯ᠎ᠤᠨ ᠤᠬᠠᠮᠰᠠᠷ᠎ᠢᠶᠠᠨ ᠪᠠᠲᠤ ᠪᠤᠢ ᠪᠣᠯᠭᠠᠵᠤ᠂ ᠬᠥᠬᠡᠮᠥ᠋ᠷᠡᠨ᠎ᠢ ᠬᠠᠮᠠᠭᠠᠯᠠᠬᠤ ᠬᠠᠤᠯᠢ ᠪᠣᠯᠤᠨ 《ᠭᠤᠣᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠨ ᠬᠠᠮᠠᠭᠠᠯᠠᠬᠤ᠂ ᠬᠢᠨᠠᠨ ᠬᠡᠮᠵᠢᠬᠦ᠂ ᠰᠤᠳᠤᠯᠬᠤ᠂ ᠵᠠᠰᠠᠬᠤ ᠠᠵᠢᠯ᠎ᠢ ᠰᠠᠢᠲᠤᠷ ᠠᠳᠭᠤᠬᠤ ᠬᠡᠷᠡᠭ᠌ᠲᠡᠢ᠃ ᠠᠮᠢ ᠠᠬᠤᠶ᠎ᠶ᠋ᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠶᠡᠭᠡ᠎ᠪᠠᠷ ᠬᠠᠮᠠᠭᠠᠯᠠᠬᠤ᠎ᠶ᠋ᠢ ᠬᠠᠮᠲᠤ᠎ᠪᠠᠷ ᠠᠳᠭᠤᠵᠤ᠂ ᠶᠡᠭᠡ᠎ᠪᠠᠷ ᠨᠡᠭᠡᠭᠡᠨ ᠬᠥᠭ᠌ᠵᠢᠭᠦᠯᠬᠦ᠌ ᠥᠬᠡᠶ ᠪᠠᠢᠵᠤ᠂ ᠡᠬᠢ ᠡᠭᠦᠰᠦᠯ᠎ᠤᠨ ᠣᠷᠣᠨ᠎ᠤ ᠬᠠᠮᠢᠶᠠᠷᠤᠯᠲᠠ᠎ᠶ᠋ᠢᠨ ᠬᠡᠪᠴᠢᠶ᠎ᠡ᠎ᠶ᠋ᠢ ᠬᠠᠤᠯᠢ ᠶᠣᠰᠣᠭᠠᠷ ᠵᠠᠭᠠᠭ᠍ᠯᠠᠨ ᠲᠣᠭ᠍ᠲᠠᠭᠠᠬᠤ᠎ᠶ᠋ᠢᠨ ᠬᠠᠮᠲᠤ ᠨᠡᠢᠭᠡᠮ᠎ᠳᠤ ᠵᠠᠷᠯᠠᠨ ᠨᠡᠢᠲᠡᠯᠡᠵᠦ᠍᠂ ᠴᠢᠩᠭ᠎ᠠ ᠬᠠᠮᠠᠭᠠᠯᠠᠬᠤ᠎ᠶ᠋ᠢ ᠬᠡᠷᠡᠭ᠌ᠵᠢᠭᠦᠯᠦᠨ᠂ ᠡᠬᠢ ᠡᠭᠦᠰᠦᠯ᠎ᠤᠨ ᠬᠠᠮᠠᠭᠠᠯᠠᠯᠲᠠ᠎ᠶ᠋ᠢᠨ ᠣᠷᠣᠨ ᠪᠦᠰᠡ᠎ᠶ᠋ᠢ ᠬᠠᠤᠯᠢ ᠪᠤᠰᠤ᠎ᠪᠠᠷ ᠡᠵᠡᠯᠡᠬᠦ᠌᠎ᠶ᠋ᠢ ᠴᠠᠭᠠᠵᠠᠯᠠᠬᠤ ᠬᠡᠷᠡᠭ᠌ᠲᠡᠶ᠃ ᠡᠬᠢ ᠡᠭᠦᠰᠦᠯ᠎ᠤᠨ ᠣᠷᠣᠨ᠎ᠤ ᠬᠢᠨᠠᠨ ᠬᠡᠮᠵᠢᠬᠦ᠌ ᠰᠦᠯᠵᠢᠶᠡᠨ᠎ᠤ ᠱᠢᠰᠲ᠋ᠧᠮ᠎ᠢ ᠱᠠᠯᠠᠪᠳᠠᠨ ᠪᠠᠢᠭᠤᠯᠵᠤ᠂ ᠲᠤᠭ᠎ᠠ ᠪᠠᠷᠢᠮᠲᠠ᠎ᠶ᠋ᠢ ᠴᠤᠭ᠍ᠯᠠᠭᠤᠯᠬᠤ ᠪᠠ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠵᠤ᠂ ᠡᠬᠢ ᠡᠭᠦᠰᠦᠯ᠎ᠤᠨ ᠣᠷᠣᠨ᠎ᠤ ᠴᠠᠭ ᠠᠭᠤᠷ᠎ᠤᠨ ᠤᠰᠤᠨ ᠵᠦᠢ ᠵᠢᠴᠢ ᠳᠡᠪᠢᠰᠭᠡᠷ ᠲᠠᠯ᠎ᠠ ᠵᠡᠷᠭᠡ ᠡᠯᠧᠮᠧᠨ᠋ᠲ᠎ᠢ ᠴᠠᠭ ᠲᠤᠬᠠᠢᠳᠤᠨᠢ ᠪᠦᠬᠦ᠌ ᠲᠠᠯ᠎ᠠ᠎ᠪᠠᠷ ᠡᠵᠡᠮᠱᠢᠵᠦ᠍᠂ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠬᠤ ᠬᠡᠷᠡᠭ᠌ᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠪᠠᠷᠢᠮᠲᠠᠯᠠᠵᠤ᠂ ᠡᠬᠢ ᠡᠭᠦᠰᠦᠯ᠎ᠠᠴᠠ᠎ᠨᠢ ᠵᠠᠰᠠᠬᠤ ᠴᠢᠳᠠᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠡᠯ᠎ᠡ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠳᠦᠷᠢᠮ᠎ᠤᠨ ᠨᠡᠷᠡᠳᠤ ᠣᠷᠣᠬᠤ ᠬᠠᠷᠢᠭᠤᠴᠠᠯᠭ᠎ᠠ᠎ᠲᠠᠢ ᠪᠥᠭᠡᠳ ᠪᠦᠲᠦᠮᠵᠢᠲᠡᠢ ᠪᠠᠢᠬᠤ᠎ᠶ᠋ᠢ ᠠᠬᠢᠭᠤᠯᠵᠤ᠂ ᠬᠥᠬᠡᠮᠥ᠋ᠷᠡᠨ᠎ᠤ ᠡᠬᠢ ᠡᠭᠦᠰᠦᠯ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ ᠭᠡᠵᠦ ᠵᠢᠭ᠋ᠠᠵᠤ ᠭᠠᠷᠭ᠋ᠠᠪᠠ᠃

ᠯᠢ ᠭᠦᠸᠧ ᠶᠢᠩ ᠨᠠᠴᠢᠤᠢ ᠬᠤᠲᠠ᠎ᠳᠤ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ ᠠᠵᠢᠯᠯᠠᠭᠠᠨ᠎ᠤ ᠲᠥᠬᠦᠭᠡᠷᠦᠮᠵᠢ᠎ᠶ᠋ᠢ ᠪᠠᠢᠴᠠᠭᠠᠨ ᠰᠤᠳᠤᠯᠪᠠ
ᠨᠠᠴᠢᠤᠢ ᠬᠤᠲᠠ᠎ᠶ᠋ᠢᠨ ᠬᠠᠬᠢᠷ ᠬᠦᠢᠲᠡᠨ ᠭᠠᠵᠠᠷ ᠣᠷᠣᠨ᠎ᠤ ᠤᠰᠤ ᠬᠠᠩᠭᠠᠬᠤ ᠤᠰᠤ ᠵᠠᠯᠠᠬᠤ (ᠨᠡᠭᠦᠷᠡᠰᠦᠲᠥ᠋ᠷᠥᠭ᠌ᠴᠢ ᠦᠭᠡᠢ) ᠶ᠋ᠢ ᠰᠤᠳᠤᠯᠤᠨ ᠨᠡᠭᠡᠭᠡᠬᠦ᠌ ᠲᠤᠷᠱᠢᠯᠲᠠ᠎ᠶ᠋ᠢᠨ ᠰᠠᠭᠤᠷᠢᠨ ᠭᠠᠵᠠᠷ᠂ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ ᠠᠵᠢᠯᠯᠠᠭᠠᠨ᠎ᠤ ᠬᠠᠮᠢᠶᠠᠷᠤᠨ ᠬᠠᠮᠠᠭᠠᠯᠠᠬᠤ ᠶᠡᠷᠦᠩᠬᠡᠶ ᠥᠷᠲᠡᠭᠡ᠎ᠳᠤ᠂ ᠯᠢ ᠭᠦᠸᠧ ᠶᠢᠩ ᠨᠠᠴᠢᠤᠢ ᠬᠤᠲᠠ᠎ᠶ᠋ᠢᠨ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ ᠢᠨᠵᠧᠨᠧᠷᠢᠩ᠎ᠤᠨ ᠬᠥᠯᠳᠡᠬᠦ᠌᠎ᠶ᠋ᠢ ᠰᠡᠷᠭᠡᠢᠯᠡᠬᠦ᠌ ᠪᠠ ᠤᠰᠤᠨ᠎ᠤ ᠴᠢᠨᠠᠷ᠎ᠢ ᠪᠠᠲᠤᠯᠠᠬᠤ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠯᠢ ᠭᠦᠸᠧ ᠶᠢᠩ᠂ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ᠎ᠨᠢ ᠥᠷᠭᠡᠨ ᠣᠯᠠᠨ ᠮᠠᠯᠴᠢᠨ ᠲᠠᠷᠢᠶᠠᠴᠢᠨ᠎ᠤ ᠦᠨᠳᠦᠰᠦᠨ ᠠᠷᠠᠳ᠎ᠤᠨ ᠠᠮᠢᠳᠤᠷᠠᠯ᠎ᠲᠠᠢ ᠬᠤᠯᠪᠣᠭ᠍ᠳᠠᠵᠤ ᠪᠠᠢᠳᠠᠭ᠂ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠰᠡᠳᠭᠢᠯᠭᠡ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ 《 3+1》 ᠪᠠᠷᠢᠮᠵᠢᠶᠠᠵᠢᠭᠤᠯᠬᠤ ᠪᠠᠢᠭᠤᠯᠤᠯᠲᠠ ᠪᠠ ᠬᠠᠮᠢᠶᠠᠷᠴᠤ᠌ ᠬᠠᠮᠠᠭᠠᠯᠠᠬᠤ ᠵᠠᠭ᠍ᠪᠤᠷ᠎ᠢ ᠲᠦᠷᠭᠡᠳᠭᠡᠨ ᠬᠡᠷᠡᠭ᠌ᠵᠢᠭᠦᠯᠵᠦ᠍᠂ ᠬᠦᠳᠡᠭᠡ ᠲᠤᠰᠬᠤᠨ ᠮᠠᠯᠵᠢᠬᠤ ᠣᠷᠣᠨ ᠤᠤᠭᠤᠬᠤ ᠤᠰᠤᠨ᠎ᠤ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ᠃ ᠣᠨᠴᠠᠭᠠᠢᠯᠠᠨ ᠲᠥᠪᠡᠳ᠎ᠤᠨ ᠬᠦᠳᠡᠭᠡ ᠲᠤᠰᠬᠤᠨ ᠮᠠᠯᠵᠢᠬᠤ ᠣᠷᠣᠨ᠎ᠤ ᠣᠨᠴᠠᠯᠢᠭᠲᠤ ᠴᠢᠭ᠌ᠯᠡᠭᠦᠯᠦᠨ᠂ ᠪᠣᠯᠪᠠᠰᠤᠷᠠᠩᠭᠤᠶ ᠪᠣᠯᠤᠭ᠍ᠰᠠᠨ ᠵᠢᠵᠢᠭ ᠬᠡᠯᠪᠡᠷᠢ᠎ᠶ᠋ᠢᠨ ᠤᠰᠤ ᠬᠠᠩᠭᠠᠬᠤ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠨᠢᠭᠡ ᠡᠷᠦᠬᠡ ᠨᠢᠭᠡ ᠬᠥᠮᠦᠨ᠎ᠢ ᠴᠦ᠍ ᠣᠷᠬᠢᠭ᠍ᠳᠠᠭᠤᠯᠬᠤ ᠥᠬᠡᠶ᠂ ᠣᠷᠳᠣ ᠬᠤᠭᠤᠴᠠᠭ᠎ᠠ᠎ᠪᠠᠷ ᠦᠷᠭᠦᠯᠵᠢᠯᠡᠭᠦᠯᠬᠦ᠌᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃ ᠬᠦᠳᠡᠭᠡ ᠲᠤᠰᠬᠤᠨ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ᠎ᠤᠨ ᠱᠢᠶᠠᠨ᠎ᠤ ᠬᠡᠪᠴᠢᠶᠡᠨ᠎ᠳᠤ ᠨᠢᠭᠡᠳᠦᠯᠲᠡᠶ ᠬᠠᠮᠢᠶᠠᠷᠬᠤ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠤᠰᠤᠨ᠎ᠤ ᠡᠬᠢ ᠰᠤᠷᠪᠤᠯᠵᠢ᠎ᠠᠴᠠ ᠤᠰᠤᠨ ᠭᠤᠭᠤᠵᠢᠭᠤᠷ ᠬᠦᠷᠲᠡᠯᠡᠬᠢ ᠪᠥᠬᠦ᠌ ᠶᠠᠪᠤᠴᠠ᠎ᠶ᠋ᠢᠨ ᠤᠰᠤᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠲᠤᠰᠭᠠᠢᠵᠢᠭ᠍ᠰᠠᠨ ᠰᠡᠯᠪᠢᠨ ᠵᠠᠰᠠᠵᠤ ᠬᠠᠮᠢᠶᠠᠷᠤᠨ ᠬᠠᠮᠠᠭᠠᠯᠠᠬᠤ ᠪᠠ ᠤᠰᠤᠨ᠎ᠤ ᠴᠢᠨᠠᠷ᠎ᠢ ᠲᠣᠭᠤᠷᠢᠨ ᠪᠠᠢᠴᠠᠭᠠᠬᠤ᠎ᠶ᠋ᠢ ᠴᠢᠩᠭᠠᠳᠭᠠᠵᠤ᠂ 《 ᠤᠤᠭᠤᠬᠤ ᠤᠰᠤ᠎ᠲᠠᠢ 》 ᠪᠠᠢᠭᠰᠠᠨ ᠠ᠋ᠴᠠ᠎ᠪᠠᠨ 《 ᠰᠠᠢᠨ ᠤᠰᠤ ᠤᠤᠭᠤᠬᠤ 》 ᠲᠡᠢ᠌ᠰᠢ ᠬᠤᠪᠢᠷᠠᠭᠤᠯᠬᠤ᠎ᠶᠢ ᠪᠡᠶᠡᠯᠡᠭᠦᠯᠵᠦ ᠂ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠯᠢ ᠭᠦᠸᠧ ᠶᠢᠩ ᠨᠠᠮᠦ᠋ᠼᠦ᠋ᠸᠸᠢ ᠬᠠᠮᠠᠭᠠᠯᠠᠨ ᠵᠠᠰᠠᠬᠤ ᠠᠵᠢᠯ᠎ᠢ ᠪᠠᠢᠴᠠᠭᠠᠨ ᠰᠤᠳᠤᠯᠪᠠ
ᠯᠢ ᠭᠦᠸᠧ ᠶᠢᠩ ᠪᠠᠰᠠ ᠨᠦᠵᠢᠶᠠᠩ ᠮᠥᠷᠡᠨ᠎ᠦ ᠡᠬᠢ᠎ᠶᠢᠨ ᠣᠷᠣᠨ ᠪᠣᠯᠣᠨ ᠨᠠᠮᠦ᠋ᠼᠦ᠋ᠸᠸ ᠤᠨ ᠬᠠᠮᠠᠭᠠᠯᠠᠯᠲᠠ ᠵᠠᠰᠠᠯᠲᠠ᠎ᠶᠢᠨ ᠠᠵᠢᠯ᠎ᠳᠤ ᠪᠠᠢᠴᠠᠭᠠᠨ ᠰᠤᠳᠤᠯᠤᠯᠲᠠ ᠬᠢᠵᠡᠢ᠃
ᠵᠣᠬᠢᠶᠠᠭ᠍ᠴᠢ᠄ ᠵᠠᠩ ᠶᠤᠸᠠᠢ ᠹᠧᠩ ᠬᠠᠷᠢᠭᠤᠴᠠᠭᠰᠠᠨ ᠨᠠᠢᠷᠠᠭᠤᠯᠤᠭ᠍ᠴᠢ᠄ ᠯᠢ ᠱᠠᠨ