《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠳᠦᠷᠢᠮ》(ᠳᠣᠷᠣᠭ᠍ᠰᠢ 《ᠳᠦᠷᠢᠮ》 ᠭᠡᠵᠦ᠍ ᠲᠣᠪᠴᠢᠯᠠᠨ᠎ᠠ)᠎ᠢ 2025 ᠣᠨ᠎ᠤ 9 ᠳ᠋ᠤᠭᠡᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠂ ᠡᠨᠡ ᠪᠣᠯ ᠮᠠᠨ᠎ᠤ ᠣᠷᠣᠨ᠎ᠤ ᠠᠩᠬᠠᠳᠠᠭ᠍ᠴᠢ ᠳᠠᠩ ᠵᠦᠢᠯ᠎ᠤᠨ ᠴᠢᠬᠤᠯᠠ ᠶᠡᠭᠡ ᠰᠠᠭᠤᠷᠢ ᠪᠡᠯᠡᠳᠭᠡᠮᠵᠢᠳᠤ ᠴᠢᠭ᠌ᠯᠡᠭᠦᠯᠦᠨ ᠲᠣᠭ᠍ᠲᠠᠭᠠᠭ᠍ᠰᠠᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠪᠣᠯᠤᠨ᠎ᠠ᠃
ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠢᠨᠵᠧᠨᠧᠷᠢᠩ ᠪᠣᠯ ᠤᠯᠤᠰ᠎ᠤᠨ 172 ᠵᠦᠢᠯ᠎ᠤᠨ ᠤᠰᠤ ᠠᠷᠪᠢᠯᠠᠬᠤ ᠤᠰᠤ ᠬᠠᠩᠭᠠᠬᠤ ᠴᠢᠬᠤᠯᠠ ᠶᠡᠭᠡ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠨᠢᠭᠡ ᠪᠣᠯᠣᠨ᠎ᠠ᠂ ᠮᠥᠨ ᠴᠤ᠌ ᠥᠪᠡᠷᠲᠡᠭᠡᠨ ᠵᠠᠰᠠᠬᠤ ᠣᠷᠣᠨ᠎ᠤ ᠣᠳᠣ ᠪᠣᠯᠲᠠᠯ᠎ᠠ ᠪᠡᠯᠡ ᠣᠷᠣᠭᠤᠯᠬᠤ ᠬᠡᠪᠴᠢᠶ᠎ᠡ᠎ᠪᠠᠷ ᠬᠠᠮᠤᠭ᠎ᠤᠨ ᠶᠡᠭᠡ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ ᠪᠠᠢᠵᠤ᠂ ᠮᠠᠨ᠎ᠤ ᠣᠷᠣᠨ᠎ᠤ ᠪᠠᠷᠠᠭᠤᠨ ᠬᠡᠰᠡᠭ ᠤᠨ ᠯᠢᠶᠣᠤ ᠾᠧ ᠭᠤᠣᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠪᠠᠢᠳᠠᠯ᠎ᠢ ᠨᠠᠮᠳᠠᠭᠤᠯᠵᠤ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠪᠠᠢᠵᠤ᠂ 2025 ᠣᠨ᠎ᠤ 6 ᠳ᠋ᠤᠭᠠᠷ ᠰᠠᠷ᠎ᠠ᠎ᠶ᠋ᠢᠨ 30 ᠤ ᠡᠳᠦᠷ᠂ ᠢᠨᠵᠧᠨᠧᠷᠢᠩ᠎ᠤᠨ ᠪᠥᠬᠦ᠌ ᠱᠤᠭᠤᠮ᠎ᠢᠶᠠᠷ ᠤᠰᠤ ᠲᠤᠷᠱᠢᠨ ᠨᠡᠪᠲᠡᠷᠡᠭᠦᠯᠪᠡ᠃ 《ᠳᠦᠷᠢᠮ》᠎ᠨᠢ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠂ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠶ᠋ᠢᠨ ᠡᠭᠦᠷᠭᠡ ᠬᠠᠷᠢᠭᠤᠴᠠᠯᠭ᠎ᠠ᠂ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠬᠦᠷᠢᠶ᠎ᠡ ᠬᠡᠪᠴᠢᠶ᠎ᠡ᠎ᠶ᠋ᠢ ᠵᠠᠭᠠᠭ᠍ᠯᠠᠨ ᠲᠣᠭ᠍ᠲᠠᠭᠠᠬᠤ᠂ ᠢᠨᠵᠧᠨᠧᠷᠢᠩ᠎ᠤᠨ ᠤᠰᠤ ᠬᠠᠩᠭᠠᠬᠤ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ᠂ ᠤᠰᠤᠨ᠎ᠤ ᠰᠦᠢᠳᠭᠡᠯ᠎ᠢ ᠬᠤᠷᠢᠶᠠᠬᠤ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ ᠵᠡᠷᠭᠡ᠎ᠳᠤ ᠪᠣᠳᠠᠲᠠᠶ ᠲᠣᠭ᠍ᠲᠠᠭᠠᠯ ᠭᠠᠷᠭᠠᠵᠤ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢ ᠬᠠᠤᠯᠢ᠎ᠪᠠᠷ ᠵᠠᠰᠠᠬᠤ ᠵᠠᠮ᠎ᠳᠤ ᠣᠷᠣᠭᠤᠯᠤᠭ᠍ᠰᠠᠨ᠎ᠢ ᠬᠠᠷᠠᠭᠤᠯᠵᠤ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠢᠵᠢ ᠪᠦᠷᠢᠳᠦᠭᠦᠯᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠴᠢᠩᠳᠠᠯᠠᠵᠤ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠢᠨᠵᠧᠨᠧᠷᠢᠩ᠎ᠤᠨ ᠤᠰᠤ ᠳᠠᠮᠵᠢᠭᠤᠯᠬᠤ ᠭᠤᠣᠯ ᠱᠤᠭᠤᠮ᠎ᠳᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠢ ᠢᠳᠡᠪᠬᠢᠲᠡᠶ᠎ᠪᠠᠷ ᠵᠣᠬᠢᠴᠠᠭᠤᠯᠤᠨ ᠢᠨᠵᠧᠨᠧᠷᠢᠩ᠎ᠤᠨ ᠤᠰᠤ ᠬᠠᠩᠭᠠᠬᠤ ᠦᠨ᠎ᠡ ᠬᠠᠩᠰᠢ᠎ᠶ᠋ᠢ ᠬᠢᠨᠠᠨ ᠲᠣᠭ᠍ᠲᠠᠭᠠᠵᠤ᠂ ᠢᠨᠵᠧᠨᠧᠷᠢᠩ᠎ᠤᠨ ᠬᠠᠮᠢᠶᠠᠷᠤᠯᠲᠠ᠎ᠶ᠋ᠢᠨ ᠨᠢᠭᠡᠴᠢ᠎ᠶ᠋ᠢ ᠰᠢᠮᠳᠠᠭᠤᠯᠤᠨ ᠵᠢᠯᠣᠭᠤᠳᠴᠤ᠌ ᠪᠠᠢᠭᠠᠳ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠬᠡᠪᠴᠢᠶ᠎ᠡ᠎ᠶ᠋ᠢ ᠵᠠᠭᠠᠭ᠍ᠯᠠᠨ ᠲᠣᠭ᠍ᠲᠠᠭᠠᠬᠤ ᠵᠡᠷᠭᠡ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ; ᠢᠨᠵᠧᠨᠧᠷᠢᠩ ᠳᠠᠭᠠᠤ᠎ᠶ᠋ᠢᠨ ᠡᠯ᠎ᠡ ᠲᠥᠷᠥᠯ᠎ᠤᠨ ᠦᠢᠯᠡᠳᠪᠦᠷᠢᠯᠡᠯ ᠠᠮᠢᠳᠤᠷᠠᠯ᠂ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠬᠤ ᠵᠡᠷᠭᠡ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠵᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭ᠌ᠵᠢᠭᠦᠯᠦᠯᠲᠡ᠎ᠶ᠋ᠢ ᠲᠣᠭᠤᠷᠢᠨ ᠪᠠᠢᠴᠠᠭᠠᠬᠤ ᠡᠷᠴᠢᠮ᠎ᠢᠶᠠᠨ ᠴᠢᠩᠭᠠᠷᠠᠭᠤᠯᠵᠤ᠂ ᠣᠷᠣᠨ ᠪᠦᠰᠡ ᠠᠯᠤᠰᠯᠠᠨ ᠬᠤᠯᠪᠣᠭᠠᠯᠠᠨ ᠬᠥᠳᠡᠯᠦᠯᠴᠡᠵᠦ᠍᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠢᠨᠵᠧᠨᠧᠷᠢᠩ᠎ᠤᠨ ᠠᠵᠢᠯᠯᠠᠭᠠᠨ ᠪᠠ ᠢᠨᠵᠧᠨᠧᠷᠢᠩ᠎ᠤᠨ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠬᠤ ᠬᠠᠤᠯᠢ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ 《ᠲᠦᠷᠢᠮ》᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠂ ᠬᠠᠤᠯᠢ ᠲᠣᠭ᠍ᠲᠠᠭᠠᠯ ᠲᠦᠷᠢᠮ᠎ᠤᠨ ᠳᠠᠪᠠᠭᠤᠯᠢᠭ᠎ᠢ ᠦᠨᠡᠨ ᠬᠦ᠌ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢ ᠴᠢᠨᠠᠷ ᠰᠠᠢᠲᠠᠶ ᠠᠬᠢᠭᠤᠯᠤᠨ᠎ᠠ᠃