ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶ᠋ᠢ ᠠᠷᠪᠢᠯᠠᠨ ᠭᠠᠮᠨᠠᠬᠤ ᠲᠦᠷᠢᠮ》᠎ᠢ ᠥᠨᠥᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ
ᠨᠡᠶ᠋ᠢᠲᠡᠯᠡᠭᠰᠡᠨ ᠴᠠᠭ᠄ 2025-09-01

  9 ᠳ᠋ᠦ᠍ᠭᠡᠷ ᠰᠠᠷ᠎ᠠ᠎ᠶ᠋ᠢᠨ 1᠎ᠤ ᠡᠳᠦᠷ᠂ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶ᠋ᠢ ᠠᠷᠪᠢᠯᠠᠨ ᠭᠠᠮᠨᠠᠬᠤ ᠲᠦᠷᠢᠮ》(ᠳᠣᠷᠣᠭ᠍ᠰᠢ《ᠲᠦᠷᠢᠮ》 ᠭᠡᠵᠦ᠍ ᠲᠣᠪᠴᠢᠯᠠᠨ᠎ᠠ)᠎ᠢ ᠵᠢᠩᠬᠢᠨᠢ᠎ᠪᠠᠷ ᠬᠡᠷᠡᠭ᠌ᠵᠢᠭᠦᠯᠪᠡ᠃ 《ᠲᠦᠷᠢᠮ》᠎ᠳᠤ ᠨᠡᠢᠲᠡ ᠲᠤᠯᠤᠭᠠᠨ ᠪᠦᠯᠦᠭ 47 ᠵᠦᠢᠯ ᠪᠠᠢᠵᠤ᠂ ᠶᠡᠷᠦᠩᠬᠡᠶ ᠲᠦᠷᠢᠮ᠂ ᠤᠰᠤ ᠬᠡᠷᠡᠭ᠌ᠯᠡᠬᠦ᠌ ᠬᠠᠮᠢᠶᠠᠷᠤᠯᠲᠠ᠂ ᠤᠰᠤ ᠠᠷᠪᠢᠯᠠᠬᠤ ᠠᠷᠭ᠎ᠠ ᠬᠡᠮᠵᠢᠶ᠎ᠡ᠂ ᠬᠡᠪ᠎ᠤᠨ ᠪᠤᠰᠤ ᠤᠰᠤ᠎ᠶ᠋ᠢ ᠠᠱᠢᠭ᠍ᠯᠠᠬᠤ᠂ ᠪᠠᠲᠤᠯᠠᠭ᠎ᠠ ᠪᠠ ᠬᠢᠨᠠᠯᠲᠠ ᠲᠠᠯᠪᠢᠬᠤ᠂ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ ᠵᠡᠷᠭᠡ ᠲᠠᠯ᠎ᠠ᠎ᠪᠠᠷ ᠲᠣᠭ᠍ᠲᠠᠭᠠᠯ ᠭᠠᠷᠭᠠᠵᠤ᠂ ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠡᠯ᠎ᠡ ᠲᠠᠯ᠎ᠠ᠎ᠶ᠋ᠢᠨ᠎ᠬᠢᠨ ᠬᠠᠮᠵᠢᠯᠴᠠᠬᠤ᠂ ᠵᠠᠬ᠎ᠠ ᠳᠡᠯᠭᠡᠭᠦᠷ᠎ᠢᠶᠠᠷ ᠲᠣᠬᠢᠷᠠᠭᠤᠯᠬᠤ᠂ ᠣᠯᠠᠨ ᠨᠡᠢᠲᠡ᠎ᠪᠠᠷ᠎ᠢᠶᠠᠨ ᠣᠷᠣᠯᠴᠠᠭᠰᠠᠨ ᠤᠰᠤ ᠠᠷᠪᠢᠯᠠᠬᠤ ᠲᠣᠭ᠍ᠲᠠᠴᠠ᠂ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ ᠠᠱᠢᠭ᠍ᠯᠠᠯᠲᠠ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ ᠮᠡᠳᠡᠭᠡ ᠵᠠᠩᠭᠢ᠂ ᠡᠨᠧᠷᠭᠢ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠬᠤᠪᠢᠶᠠᠷᠢᠯᠠᠯ ᠶᠣᠰᠣᠭᠠᠷ ᠲᠣᠰ ᠬᠦᠷᠢᠶᠡᠨ᠎ᠳᠠᠬᠢ ᠤᠰᠤ ᠠᠷᠪᠢᠯᠠᠬᠤ ᠬᠠᠮᠢᠶ᠎ᠠ ᠪᠥᠬᠦᠶ ᠠᠵᠢᠯ᠎ᠢᠶᠠᠨ ᠰᠠᠢᠲᠤᠷ ᠬᠢᠵᠦ᠍᠂ ᠪᠥᠬᠦ᠌ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠲᠠᠶ ᠪᠦᠭᠡᠳ ᠡᠷᠴᠢᠮᠯᠢᠭ ᠠᠱᠢᠭ᠍ᠯᠠᠬᠤ᠎ᠶ᠋ᠢ ᠬᠠᠮᠲᠤ᠎ᠪᠠᠷ ᠠᠬᠢᠭᠤᠯᠬᠤ ᠬᠡᠷᠡᠭ᠌ᠲᠡᠢ ᠭᠡᠵᠦ᠍ ᠲᠣᠳᠣᠷᠬᠠᠢᠯᠠᠪᠠ᠃

  《ᠲᠦᠷᠢᠮ》᠎ᠨᠢ ᠤᠰᠤ ᠠᠷᠪᠢᠯᠠᠬᠤ ᠪᠠᠢᠯᠳᠤᠬᠤ ᠪᠣᠳᠣᠯᠭ᠎ᠠ᠎ᠶ᠋ᠢᠨ ᠱᠢᠨ᠎ᠡ ᠱᠠᠭᠠᠷᠳᠠᠯᠭ᠎ᠠ ᠪᠠ ᠪᠥᠬᠦ᠌ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠠᠰᠠᠭᠤᠳᠠᠯ ᠲᠣᠪᠤᠢᠮ᠎ᠠ᠂ ᠲᠠᠷᠢᠶᠠᠯᠠᠩ ᠮᠠᠯ ᠠᠵᠤ ᠠᠬᠤᠶ᠎ᠶ᠋ᠢᠨ ᠤᠰᠤ ᠬᠡᠷᠡᠭ᠌ᠯᠡᠬᠦ᠌ ᠡᠵᠡᠯᠡᠬᠦ᠌ ᠬᠠᠷᠢᠴᠠᠯ ᠥᠨᠳᠥᠷ᠂ ᠡᠨᠧᠷᠭᠢ᠎ᠶ᠋ᠢᠨ ᠠᠵᠤ ᠦᠢᠯᠡᠳᠪᠦᠷᠢ᠎ᠶ᠋ᠢ ᠲᠥᠪᠯᠡᠷᠡᠭᠦᠯᠬᠦ᠂ ᠠᠮᠢ ᠠᠬᠤᠶ᠎ᠶ᠋ᠢᠨ ᠤᠰᠤ ᠬᠡᠷᠡᠭ᠌ᠯᠡᠬᠦ᠌ ᠬᠡᠷᠡᠭ᠌ᠴᠡᠭᠡ᠎ᠶ᠋ᠢᠨ ᠬᠡᠮᠵᠢᠶ᠎ᠡ ᠶᠡᠭᠡ ᠵᠡᠷᠭᠡ ᠣᠨᠴᠠᠯᠢᠭ᠎ᠲᠤ ᠴᠢᠭ᠌ᠯᠡᠭᠦᠯᠦᠨ᠂ ᠲᠠᠷᠢᠶᠠᠯᠠᠩ᠎ᠤᠨ ᠤᠰᠤᠯᠠᠯᠲᠠ᠂ ᠠᠵᠤ ᠦᠢᠯᠡᠳᠪᠦᠷᠢ᠎ᠶ᠋ᠢᠨ ᠤᠰᠤ ᠬᠡᠷᠡᠭ᠌ᠯᠡᠬᠦ᠂ ᠬᠤᠲᠠ ᠪᠠᠯᠭᠠᠰᠤ᠎ᠶ᠋ᠢᠨ ᠠᠮᠢᠳᠤᠷᠠᠯ᠂ ᠣᠯᠠᠨ ᠨᠡᠢᠲᠡ᠎ᠶ᠋ᠢᠨ ᠦᠢᠯᠡᠴᠢᠯᠡᠭᠡ᠂ ᠠᠮᠢ ᠠᠬᠤᠶ᠎ᠶ᠋ᠢᠨ ᠦᠵᠡᠮᠵᠢ ᠵᠡᠷᠭᠡ ᠬᠦᠷᠢᠶᠡᠨ᠎ᠳᠠᠬᠢ ᠤᠰᠤ ᠠᠷᠪᠢᠯᠠᠬᠤ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠡᠯ᠎ᠡ ᠬᠦᠷᠢᠶ᠎ᠡ ᠴᠠᠷᠠᠭ᠎ᠠ ᠡᠯ᠎ᠡ ᠠᠵᠢᠯ ᠲᠥᠷᠥᠯ᠎ᠤᠨ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠠᠨ᠎ᠠ᠃ ᠤᠰᠤ ᠠᠷᠪᠢᠯᠠᠬᠤ ᠳᠦᠷᠢᠮ᠎ᠦ᠋ᠨ ᠪᠠᠢᠭᠤᠯᠤᠯᠲᠠ᠎ᠶᠢ ᠲᠡᠭᠦᠯᠳᠡᠷᠵᠢᠭᠦᠯᠬᠦ᠌᠎ᠶᠢᠨ ᠲᠣᠭᠣᠷᠢᠨ᠎ᠳ᠋ᠤ᠂ 《ᠳᠦᠷᠢᠮ》᠎ᠳ᠋ᠦ᠍ ᠶᠡᠷᠦᠩᠬᠡᠢ ᠬᠡᠮᠵᠢᠶ᠎ᠡ᠎ᠶᠢ ᠡᠵᠡᠮᠳᠡᠬᠦ᠌ ᠂ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠬᠤ᠂ ᠥᠨᠳᠥᠷ ᠦᠷ᠎ᠡ ᠪᠦᠲᠦᠮᠵᠢᠲᠡᠢ ᠠᠱᠢᠭ᠍ᠯᠠᠬᠤ᠎ᠶᠢ ᠪᠠᠷᠢᠮᠲᠠᠯᠠᠨ᠂ ᠬᠢᠵᠠᠭᠠᠷᠯᠠᠬᠤ ᠪᠠ ᠤᠷᠮᠠᠱᠢᠭᠤᠯᠬᠤ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ ᠂ ᠤᠰᠤ ᠠᠷᠪᠢᠯᠠᠬᠤ ᠲᠥᠯᠥᠪᠵᠢᠭᠦᠯᠭᠡ᠂ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠂ ᠲᠥᠯᠥᠪᠯᠡᠭᠡ᠎ᠲᠡᠢ ᠤᠰᠤ ᠬᠡᠷᠡᠭ᠌ᠯᠡᠬᠦ᠌᠂ ᠲᠥᠯᠥᠪᠯᠡᠭᠡ᠎ᠲᠡᠢ ᠰᠦᠢᠳᠭᠡᠯ ᠬᠤᠷᠢᠶᠠᠬᠤ ᠂ ᠤᠰᠤᠨ᠎ᠤ᠋ ᠦᠨ᠎ᠡ᠎ᠶᠢᠨ ᠲᠣᠭ᠍ᠲᠠᠴᠠ᠂ ᠤᠰᠤ ᠠᠷᠪᠢᠯᠠᠬᠤ 《ᠭᠤᠷᠪᠠ᠎ᠶᠢ ᠵᠡᠷᠭᠡ ᠪᠡᠷ ᠬᠢᠬᠦ᠌》᠂ ᠤᠰᠤᠨ᠎ᠤ᠋ ᠡᠬᠢ ᠪᠠᠶᠠᠯᠢᠭ᠎ᠢ᠋ ᠲᠥᠯᠥᠪᠵᠢᠭᠦᠯᠬᠦ᠌ ᠵᠡᠷᠭᠡ ᠳᠦᠷᠢᠮ᠎ᠢ᠋ ᠲᠣᠳᠣᠷᠬᠠᠢᠯᠠᠵᠤ᠂ ᠳᠦᠷᠢᠮ᠎ᠦ᠋ᠨ ᠬᠡᠷᠡᠭ᠌ᠵᠢᠭᠦᠯᠬᠦ᠌ ᠬᠦᠴᠦᠨ ᠪᠠ ᠨᠠᠢᠳᠠᠪᠤᠷᠢᠵᠢᠭᠤᠯᠬᠤ ᠴᠢᠨᠠᠷ᠎ᠢ᠋ ᠴᠢᠩᠭᠠᠳᠭᠠᠨ᠎ᠠ᠃ ᠡᠩ᠎ᠤᠨ ᠪᠤᠰᠤ ᠤᠰᠤᠨ ᠠᠱᠢᠭ᠍ᠯᠠᠯᠲᠠ᠎ᠶ᠋ᠢ ᠠᠬᠢᠭᠤᠯᠬᠤ᠎ᠶ᠋ᠢᠨ ᠲᠣᠭᠤᠷᠢᠨ᠎ᠳᠤ᠂ 《ᠲᠦᠷᠢᠮ》᠎ᠳᠤ ᠳᠠᠬᠢᠯᠲᠠ ᠤᠰᠤ᠂ ᠠᠭᠤᠷᠬᠠᠢ᠎ᠶ᠋ᠢᠨ ᠨᠦᠬᠡ (ᠬᠤᠳᠳᠤᠭ)᠎ᠶ᠋ᠢᠨ ᠤᠰᠤ᠂ ᠪᠣᠷᠣᠭᠠᠨ (ᠴᠠᠰᠤ)᠎ᠤ ᠤᠰᠤ ᠵᠡᠷᠭᠡ ᠡᠩ᠎ᠤᠨ ᠪᠤᠰᠤ ᠤᠰᠤ᠎ᠶ᠋ᠢ ᠨᠢᠭᠡᠳᠦᠯᠲᠡᠶ ᠲᠣᠬᠢᠷᠠᠭᠤᠯᠬᠤ᠎ᠳᠤ ᠣᠷᠣᠭᠤᠯᠵᠤ᠂ ᠪᠣᠷᠣᠭᠠᠨ᠎ᠤ ᠦᠶᠡᠷ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠡᠩ᠎ᠤᠨ ᠪᠤᠰᠤ ᠤᠰᠤᠨ ᠠᠱᠢᠭ᠍ᠯᠠᠯᠲᠠ᠎ᠶ᠋ᠢᠨ ᠬᠡᠷᠡᠭ᠌ᠯᠡᠬᠦ᠌ ᠪᠠᠢᠳᠠᠯ᠎ᠢ ᠥᠷᠭᠡᠳᠭᠡᠬᠦ᠌ ᠬᠡᠷᠡᠭ᠌ᠲᠡᠢ ᠭᠡᠵᠦ᠍ ᠲᠣᠭ᠍ᠲᠠᠭᠠᠪᠠ᠃ ᠵᠠᠬ᠎ᠠ ᠳᠡᠯᠭᠡᠭᠦᠷᠴᠢᠯᠡᠯᠲᠡ᠎ᠶ᠋ᠢᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢᠨ ᠲᠣᠭᠤᠷᠢᠨ᠎ᠳᠤ᠂ 《ᠲᠦᠷᠢᠮ》᠎ᠳᠤ ᠤᠰᠤᠨ᠎ᠤ ᠡᠷᠬᠡ᠎ᠶ᠋ᠢᠨ ᠠᠷᠠᠯᠵᠢᠶ᠎ᠠ᠂ ᠭᠡᠷ᠎ᠡ ᠪᠠᠷ ᠤᠰᠤ ᠠᠷᠪᠢᠯᠠᠬᠤ ᠵᠡᠷᠭᠡ ᠵᠠᠬ᠎ᠠ ᠳᠡᠯᠭᠡᠭᠦᠷ᠎ᠤᠨ ᠲᠣᠭ᠍ᠲᠠᠴᠠ᠎ᠶ᠋ᠢ ᠪᠠᠢᠭᠤᠯᠵᠤ᠂ ᠤᠰᠤ ᠠᠷᠪᠢᠯᠠᠬᠤ ᠠᠵᠤ ᠦᠢᠯᠡᠰ ᠪᠠ ᠤᠰᠤ ᠠᠷᠪᠢᠯᠠᠬᠤ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢ ᠵᠣᠷᠢᠭ᠍ᠵᠢᠭᠤᠯᠤᠨ ᠳᠡᠮᠵᠢᠵᠦ᠍᠂ ᠤᠰᠤ ᠠᠷᠪᠢᠯᠠᠬᠤ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠨ᠎ᠡ ᠭᠡᠵᠦ᠍ ᠲᠣᠭ᠍ᠲᠠᠭᠠᠪᠠ᠃ ᠡᠭᠦᠨ᠎ᠤ ᠬᠠᠮᠲᠤ᠌᠂ 《ᠲᠦᠷᠢᠮ》 ᠎ᠨᠢ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠰᠡᠭᠦᠯᠴᠢ᠎ᠶ᠋ᠢᠨ ᠤᠰᠤ᠎ᠶ᠋ᠢ ᠡᠭᠡᠭᠦᠯᠦᠨ ᠬᠤᠷᠢᠶᠠᠭ᠍ᠰᠠᠨ ᠥᠬᠡᠶ᠂ ᠤᠰᠤ ᠠᠷᠪᠢᠯᠠᠬᠤ ᠲᠥᠬᠦᠭᠡᠷᠦᠮᠵᠢ᠎ᠶ᠋ᠢ ᠤᠭ᠍ᠰᠠᠷᠠᠭ᠍ᠰᠠᠨ ᠥᠬᠡᠶ ᠵᠡᠷᠭᠡ ᠤᠰᠤ ᠠᠷᠪᠢᠯᠠᠬᠤ ᠡᠭᠦᠷᠭᠡ᠎ᠠᠴᠠ ᠵᠥᠷᠢᠴᠡᠭ᠌ᠰᠡᠨ ᠠᠵᠤ ᠠᠬᠤᠢᠯᠠᠯ᠂ ᠪᠠᠢᠭᠤᠯᠤᠮᠵᠢ ᠪᠠ ᠬᠤᠪᠢ ᠬᠥᠮᠦᠨ᠎ᠤ ᠨᠡᠯᠢᠶᠡᠳ ᠴᠢᠩᠭ᠎ᠠ ᠱᠢᠢᠳᠭᠡᠬᠦ᠌ ᠵᠦᠶ᠋ᠯ ᠵᠤᠷᠪᠤᠰ᠎ᠢ ᠲᠣᠭ᠍ᠲᠠᠭᠠᠵᠤ᠂ ᠬᠠᠤᠯᠢ ᠴᠠᠭᠠᠵᠠ᠎ᠶ᠋ᠢᠨ ᠰᠦᠷᠳᠡᠭᠦᠯᠬᠦ᠌ ᠬᠦᠴᠦᠨ᠎ᠢ ᠴᠢᠩᠭᠠᠳᠭᠠᠬᠤ᠎ᠶ᠋ᠢᠨ ᠬᠠᠮᠲᠤ ᠤᠰᠤ ᠠᠷᠪᠢᠯᠠᠬᠤ ᠲᠠᠯ᠎ᠠ᠎ᠪᠠᠷ ᠢᠲᠡᠭᠡᠯ ᠠᠯᠳᠠᠭ᠍ᠰᠠᠨ ᠦᠢᠯᠡ ᠠᠵᠢᠯᠯᠠᠭ᠎ᠠ᠎ᠶ᠋ᠢ ᠢᠲᠡᠭᠡᠮᠵᠢ᠎ᠶ᠋ᠢᠨ ᠦᠨᠡᠯᠡᠯᠲᠡ᠎ᠶ᠋ᠢᠨ ᠱᠢᠰᠲ᠋ᠧᠮ᠎ᠳᠤ ᠣᠷᠣᠭᠤᠯᠤᠨ᠎ᠠ ᠭᠡᠵᠦ᠍ ᠲᠣᠭ᠍ᠲᠠᠭᠠᠪᠠ᠃

  《ᠲᠦᠷᠢᠮ》᠎ᠢ ᠬᠡᠷᠡᠭ᠌ᠵᠢᠭᠦᠯᠦᠭ᠌ᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠥᠬᠦ᠌ ᠣᠷᠣᠨ᠎ᠤ ᠤᠰᠤᠨ᠎ᠤ ᠡᠬᠢ ᠪᠠᠶᠠᠯᠢᠭ᠎ᠢ ᠪᠥᠬᠦ᠌ ᠲᠠᠯ᠎ᠠ᠎ᠪᠠᠷ ᠠᠷᠪᠢᠯᠠᠨ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠬᠤ᠎ᠳᠤ ᠬᠦᠴᠦᠲᠡᠶ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠬᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ 《ᠳᠦᠷᠢᠮ》 ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠱᠢᠮᠳᠠᠭᠤᠯᠤᠨ ᠵᠢᠯᠣᠭᠤᠳᠴᠤ᠌᠂ ᠨᠢᠭᠡᠨᠲᠡ ᠨᠡᠢᠲᠡᠯᠡᠭ᠌ᠰᠡᠨ 《〈ᠤᠰᠤ᠎ᠪᠠᠷ ᠳᠥᠷᠪᠡᠨ ᠵᠦᠢᠯ᠎ᠢ ᠲᠣᠭ᠍ᠲᠠᠭᠠᠬᠤ〉᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠂ 《ᠳᠠᠬᠢᠯᠲᠠ ᠤᠰᠤ᠎ᠶ᠋ᠢ ᠶᠡᠷᠦᠩᠬᠡᠢᠯᠡᠨ ᠠᠱᠢᠭ᠍ᠯᠠᠬᠤ᠎ᠶ᠋ᠢ ᠴᠢᠩᠭᠠᠳᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠭ᠎ᠠ ᠬᠡᠮᠵᠢᠶ᠎ᠡ᠎ᠨᠦᠭᠦᠳ》ᠵᠡᠷᠭᠡ ᠢᠵᠢ ᠪᠦᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠨᠦᠭᠦᠳ᠎ᠲᠠᠢ ᠤᠶᠠᠯᠳᠤᠭᠤᠯᠤᠨ᠂ 《ᠤᠰᠤ᠎ᠪᠠᠷ  ᠳᠥᠷᠪᠡᠨ ᠵᠦᠢᠯ᠎ᠢ ᠲᠣᠭ᠍ᠲᠠᠭᠠᠬᠤ》 ᠵᠠᠷᠴᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠰᠤ ᠠᠷᠪᠢᠯᠠᠬᠤ ᠠᠵᠢᠯᠯᠠᠭ᠎ᠠ᠎ᠶ᠋ᠢᠨ ᠡᠯ᠎ᠡ ᠵᠦᠢᠯ᠎ᠤᠨ ᠭᠤᠤᠯᠳᠠᠯᠭ᠎ᠠ᠎ᠲᠠᠢ ᠡᠭᠦᠷᠭᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠦᠬᠦ᠌ ᠬᠦᠴᠦᠨ᠎ᠢᠶᠠᠷ᠎ᠢᠶᠠᠨ ᠲᠦᠯᠬᠢᠨ ᠠᠬᠢᠭᠤᠯᠤᠨ᠎ᠠ᠃ 2025 ᠣᠨ᠎ᠳᠤ ᠪᠥᠬᠦ᠌ ᠣᠷᠣᠨ᠎ᠤ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ 196.3 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ᠎ᠤᠨ ᠳᠣᠲᠣᠷ᠎ᠠ ᠬᠢᠵᠠᠭᠠᠷᠯᠠᠬᠤ᠎ᠪᠠᠷ ᠴᠢᠷᠮᠠᠢᠵᠤ᠂ ᠪᠥᠬᠦ᠌ ᠣᠷᠣᠨ᠎ᠤ ᠲᠦᠮᠡᠨ ᠲᠥᠭᠦᠷᠢᠭ᠎ᠤᠨ GDP᠎ᠶ᠋ᠢᠨ ᠤᠰᠤ ᠬᠡᠷᠡᠭ᠌ᠯᠡᠬᠦ᠌ ᠬᠡᠮᠵᠢᠶ᠎ᠡ ᠪᠠ ᠲᠦᠮᠡᠨ ᠲᠥᠭᠦᠷᠢᠭ᠎ᠤᠨ ᠠᠵᠤ ᠦᠢᠯᠡᠳᠪᠦᠷᠢ᠎ᠶ᠋ᠢᠨ ᠨᠡᠮᠡᠭ᠌ᠳᠡᠯ ᠥᠷᠲᠡᠭ᠎ᠤᠨ ᠤᠰᠤ ᠬᠡᠷᠡᠭ᠌ᠯᠡᠬᠦ᠌ ᠬᠡᠮᠵᠢᠶ᠎ᠡ᠎ᠶ᠋ᠢ 2020 ᠣᠨ᠎ᠤ᠎ᠬᠢ᠎ᠠᠴᠠ 12% ᠪᠠ 13% ᠎ᠪᠠᠷ ᠪᠠᠭᠤᠷᠠᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤᠨ᠎ᠤ ᠪᠦᠲᠦᠮᠵᠢᠲᠡᠶ ᠠᠱᠢᠭ᠍ᠯᠠᠯᠲᠠ᠎ᠶ᠋ᠢᠨ ᠢᠯᠡᠳᠭᠡᠮᠵᠢ᠎ᠶ᠋ᠢ 0.59᠎ᠠᠴᠠ ᠳᠡᠭᠡᠭ᠌ᠰᠢ᠎ᠳᠤ ᠬᠦᠷᠦᠭᠦᠯᠵᠦ᠍᠂ ᠤᠰᠤ᠎ᠶ᠋ᠢ ᠠᠷᠪᠢᠯᠠᠵᠤ ᠡᠷᠴᠢᠮᠵᠢᠭᠦᠯᠦᠨ ᠬᠡᠷᠡᠭ᠌ᠯᠡᠬᠦ᠌ ᠪᠣᠳᠠᠲᠤ ᠦᠷ᠎ᠡ ᠪᠦᠲᠦᠮᠵᠢ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠣᠷᠣᠨ ᠵᠠᠶ ᠪᠠ ᠬᠢᠷᠢ ᠬᠡᠮᠵᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠨ ᠳᠡᠭᠡᠭ᠌ᠰᠢᠯᠡᠭᠦᠯᠵᠦ᠍᠂ ᠪᠥᠬᠦ᠌ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠴᠢᠩᠭ᠎ᠠ ᠤᠰᠤᠨ᠎ᠤ ᠠᠮᠤᠷ ᠲᠦᠪᠱᠢᠨ᠎ᠤ ᠪᠠᠲᠤᠯᠠᠭ᠎ᠠ ᠬᠠᠩᠭᠠᠨ᠎ᠠ᠃

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠱᠢᠠᠠᠯᠠᠯᠳᠡ᠎ᠶ᠋ᠢᠨ ᠳᠢᠩᠬᠢᠮ
          
ᠬᠠᠮᠢᠶ᠎ᠡ ᠪᠦᠬᠦᠢ ᠰᠣᠨᠢᠨ
 
            