ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠳᠤᠮᠳᠠᠳᠤ ᠤᠯᠤᠰ᠎ᠤᠨ ᠤᠰᠤᠨ᠎ᠤ ᠡᠬᠢ ᠪᠠᠶᠠᠯᠢᠭ᠋᠎ᠤᠨ ᠪᠠᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠨᠡᠢᠭᠡᠮᠯᠢᠭ ᠤᠷᠤᠭᠰᠢᠲᠠᠢ ᠬᠤᠭᠤᠴᠠᠭ᠎ᠠ ᠰᠣᠯᠢᠪᠠ
ᠨᠡᠶ᠋ᠢᠲᠡᠯᠡᠭᠰᠡᠨ ᠴᠠᠭ᠄ 2026-01-16

       12 ᠰᠠᠷ᠎ᠠ᠎ᠶᠢᠨ 28᠎ᠤ ᠡᠳᠦᠷ᠂ ᠳᠤᠮᠳᠠᠳᠤ ᠤᠯᠤᠰ᠎ᠤᠨ ᠤᠰᠤᠨ᠎ᠤ ᠡᠬᠢ ᠪᠠᠶᠠᠯᠢᠭ᠋᠎ᠤᠨ ᠪᠠᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠨᠡᠢᠭᠡᠮᠯᠢᠭ᠎ᠦᠨ ᠭᠤᠷᠪᠠᠳᠤᠭᠠᠷ ᠤᠳᠠᠭᠠᠨ᠎ᠤ ᠭᠡᠰᠢᠭᠦᠳ᠎ᠦᠨ ᠲᠥᠯᠥᠭᠡᠯᠡᠭᠴᠢᠳ᠎ᠦᠨ ᠶᠡᠬᠡ ᠬᠤᠷᠠᠯ ᠪᠠ ᠭᠤᠷᠪᠠᠳᠤᠭᠠᠷ ᠬᠤᠭᠤᠴᠠᠭᠠᠨ᠎ᠤ ᠭᠦᠢᠴᠡᠳᠬᠡᠬᠦ ᠵᠥᠪᠯᠡᠯ᠎ᠤᠨ ᠨᠢᠭᠡᠳᠦᠭᠡᠷ ᠤᠳᠠᠭᠠᠨ᠎ᠤ ᠬᠤᠷᠠᠯ ᠪᠡᠭᠡᠵᠢᠩ᠎ᠳᠦ ᠬᠤᠷᠠᠯᠳᠤᠪᠠ᠃ ᠬᠣᠶᠠᠳᠤᠭᠠᠷ ᠬᠤᠭᠤᠴᠠᠭᠠᠨ᠎ᠤ ᠭᠦᠢᠴᠡᠳᠬᠡᠬᠦ ᠵᠥᠪᠯᠡᠯ᠎ᠤᠨ ᠳᠠᠷᠤᠭ᠎ᠠ ᠼᠠᠢ ᠴᠢ ᠬᠤᠸᠠ ᠬᠤᠷᠠᠯ᠎ᠢ ᠡᠷᠬᠢᠯᠡᠵᠦ᠂ ᠤᠰᠤᠨ ᠠᠰᠢᠭ᠍ᠯᠠᠯᠲᠠ᠎ᠶᠢᠨ ᠶᠠᠮᠤᠨ᠎ᠤ ᠳᠡᠳ᠋ ᠰᠠᠢᠳ ᠴᠧᠨ ᠮᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠤᠰᠤᠨ ᠠᠰᠢᠭ᠍ᠯᠠᠯᠲᠠ᠎ᠶᠢᠨ ᠶᠠᠮᠤᠨ᠎ᠤ ᠶᠡᠷᠦᠩᠬᠡᠢ ᠢᠨᠵᠧᠨᠧᠷ ᠵᠥᠩ ᡁᠢ ᠢᠦᠢ ᠳᠤᠮᠳᠠᠳᠤ ᠤᠯᠤᠰ᠎ᠤᠨ ᠤᠰᠤᠨ᠎ᠤ ᠡᠬᠢ ᠪᠠᠶᠠᠯᠢᠭ᠋᠎ᠤᠨ ᠪᠠᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠨᠡᠢᠭᠡᠮᠯᠢᠭ᠎ᠦᠨ ᠭᠤᠷᠪᠠᠳᠤᠭᠠᠷ ᠬᠤᠭᠤᠴᠠᠭᠠᠨ᠎ᠤ ᠭᠦᠢᠴᠡᠳᠬᠡᠬᠦ ᠵᠥᠪᠯᠡᠯ᠎ᠤᠨ ᠳᠠᠷᠤᠭ᠎ᠠ᠎ᠪᠡᠷ ᠰᠣᠩᠭᠣᠭᠳᠠᠪᠠ᠃
       ᠴᠧᠨ ᠮᠢᠨ᠂ ᠰᠤᠳᠤᠯᠭᠠᠨ᠎ᠤ ᠨᠡᠢᠭᠡᠮᠯᠢᠭ ᠪᠠᠢᠭᠤᠯᠤᠭᠳᠠᠭᠰᠠᠨ᠎ᠠᠴᠠ ᠨᠠᠭᠠᠰᠢ᠂ ᠭᠦᠢᠴᠡᠳᠬᠡᠬᠦ ᠵᠥᠪᠯᠡᠯ᠎ᠤᠨ ᠳᠠᠷᠤᠭ᠎ᠠ ᠼᠠᠢ ᠴᠢ ᠬᠤᠸᠠ᠎ᠶᠢᠨ ᠳᠠᠭᠠᠭᠤᠯᠭ᠎ᠠ᠎ᠪᠠᠷ᠂ ᠤᠰᠤᠨ᠎ᠤ ᠡᠬᠢ ᠪᠠᠶᠠᠯᠢᠭ᠋᠎ᠢ ᠭᠦᠨᠵᠡᠭᠡᠢᠷᠡᠭᠦᠯᠬᠦ ᠪᠠᠢᠯᠳᠤᠬᠤ ᠪᠣᠳᠣᠯᠭ᠎ᠠ᠎ᠶᠢᠨ ᠰᠤᠳᠤᠯᠭᠠᠨ ᠬᠢᠵᠦ᠂ ᠤᠯᠠᠨ ᠲᠦᠷᠦᠯ᠎ᠦᠨ ᠤᠶᠤᠨ᠎ᠤ ᠬᠥᠮᠥᠷᠭᠡ᠎ᠶᠢᠨ ᠦᠷ᠎ᠡ ᠪᠦᠲᠦᠭᠡᠯ ᠨᠢ ᠤᠯᠤᠰ᠎ᠲᠤ ᠬᠦᠯᠢᠶᠡᠨ ᠠᠪᠤᠭᠳᠠᠭᠰᠠᠨ ᠪᠥᠭᠡᠳ ᠴᠢᠬᠤᠯᠠ ᠶᠡᠬᠡ ᠢᠨᠵᠧᠨᠧᠷᠢᠩ᠎ᠦᠨ ᠰᠢᠢᠳᠪᠦᠷᠢᠲᠦ ᠪᠣᠳᠣᠯᠭ᠎ᠠ᠎ᠳᠤ ᠬᠦᠴᠦᠨ ᠨᠡᠮᠡᠷᠢᠯᠡᠵᠦ᠂ ᠤᠯᠠᠨ ᠡᠰᠢᠴᠢᠯᠡᠭᠰᠡᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠡᠯᠪᠡᠭ ᠪᠠᠶᠠᠯᠢᠭ᠋ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠪᠠ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠶᠢ ᠥᠷᠨᠢᠭᠦᠯᠵᠦ᠂ ᠤᠰᠤ ᠵᠠᠰᠠᠬᠤ ᠣᠢᠯᠠᠭᠠᠭᠳᠠᠬᠤᠨ᠎ᠢ ᠥᠷᠭᠡᠨ᠎ᠢᠶᠡᠷ ᠳᠡᠯᠭᠡᠷᠡᠭᠦᠯᠬᠦ᠎ᠶᠢ ᠠᠬᠢᠭᠤᠯᠵᠤ᠂ ᠮᠠᠨ᠎ᠤ ᠤᠯᠤᠰ᠎ᠤᠨ ᠤᠰᠤᠨ ᠠᠰᠢᠭ᠍ᠯᠠᠯᠲᠠ᠎ᠶᠢᠨ ᠤᠯᠠᠨ ᠤᠯᠤᠰ᠎ᠲᠠᠬᠢ ᠦᠭᠡ ᠬᠡᠯᠡᠬᠦ ᠡᠷᠬᠡ᠎ᠶᠢ ᠪᠦᠲᠦᠮᠵᠢᠲᠡᠢ ᠳᠡᠭᠡᠭᠰᠢᠯᠡᠭᠦᠯᠵᠡᠢ ᠭᠡᠵᠦ ᠵᠢᠭᠠᠵᠤ ᠭᠠᠷᠭᠠᠪᠠ᠃ ᠴᠧᠨ ᠮᠢᠨ᠂ ᠰᠤᠳᠤᠯᠭᠠᠨ᠎ᠤ ᠨᠡᠢᠭᠡᠮᠯᠢᠭ ᠨᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠠᠷᠠᠯᠲᠠ᠎ᠲᠠᠢ ᠨᠢᠭ᠍ᠲᠠ ᠤᠶᠠᠯᠳᠤᠭᠤᠯᠵᠤ᠂ ᠤᠰᠤᠨ᠎ᠤ ᠠᠮᠤᠷ ᠲᠦᠪᠰᠢᠨ᠎ᠢ ᠪᠠᠲᠤᠯᠠᠬᠤ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠬᠦᠷᠢᠶ᠎ᠡ ᠴᠠᠷᠠᠭ᠎ᠠ ᠠᠯᠤᠰᠯᠠᠭᠰᠠᠨ ᠤᠶᠤᠨ᠎ᠤ ᠬᠥᠮᠥᠷᠭᠡ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠨᠡᠩ ᠰᠠᠢᠲᠤᠷ ᠦᠢᠯᠡᠴᠢᠯᠡᠵᠦ᠂ ᠰᠢᠨ᠎ᠡ ᠴᠠᠭ ᠦᠶ᠎ᠡ᠎ᠳᠦ ᠰᠢᠨ᠎ᠡ ᠬᠠᠷᠢᠭᠤᠴᠠᠯᠭ᠎ᠠ᠎ᠶᠢ ᠡᠭᠦᠷᠭᠡᠯᠡᠵᠦ᠂ ᠰᠢᠨ᠎ᠡ ᠬᠥᠭᠵᠢᠯᠲᠡ᠎ᠶᠢ ᠪᠡᠶᠡᠯᠡᠭᠦᠯᠵᠦ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
       ᠵᠥᠩ ᡁᠢ ᠢᠦᠢ ᠭᠦᠢᠴᠡᠳᠬᠡᠬᠦ ᠵᠥᠪᠯᠡᠯ᠎ᠤᠨ ᠳᠠᠷᠤᠭ᠎ᠠ᠎ᠪᠠᠷ ᠰᠣᠩᠭᠣᠭᠳᠠᠭᠰᠠᠨ᠎ᠤ ᠳᠠᠷᠠᠭ᠎ᠠ ᠢᠯᠡᠷᠬᠡᠢᠯᠡᠬᠦ᠎ᠳᠡᠭᠡᠨ᠂ ᠰᠢᠨ᠎ᠡ ᠨᠢᠭᠡ ᠬᠤᠭᠤᠴᠠᠭᠠᠨ᠎ᠤ ᠭᠦᠢᠴᠡᠳᠬᠡᠬᠦ ᠵᠥᠪᠯᠡᠯ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶᠠᠨ᠎ᠤ ᠨᠡᠢᠭᠡᠮ᠎ᠦᠨ ᠪᠦᠯᠬᠦᠮ᠎ᠦᠨ ᠥᠭᠡᠷᠡᠴᠢᠯᠡᠯᠲᠡ ᠬᠥᠭᠵᠢᠯᠲᠡ᠎ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠡᠷᠳᠡᠮ ᠰᠢᠨᠵᠢᠯᠡᠭᠡᠨ᠎ᠢᠶᠠᠷ ᠤᠰᠤᠨ ᠠᠰᠢᠭ᠍ᠯᠠᠯᠲᠠ᠎ᠳᠤ ᠦᠢᠯᠡᠴᠢᠯᠡᠬᠦ ᠤᠭ ᠰᠠᠨᠠᠭ᠎ᠠ᠎ᠶᠢ ᠪᠠᠲᠤ ᠰᠠᠬᠢᠵᠤ᠂ ᠰᠤᠳᠤᠯᠭᠠᠨ᠎ᠤ ᠨᠡᠢᠭᠡᠮᠯᠢᠭ᠎ᠦᠨ ᠲᠠᠪᠴᠠᠩ᠎ᠤᠨ ᠦᠢᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠤᠨ᠂ ᠰᠤᠳᠤᠯᠭᠠᠨ᠎ᠤ ᠨᠡᠢᠭᠡᠮᠯᠢᠭ᠎ᠦᠨ ᠴᠢᠳᠠᠪᠤᠷᠢ᠎ᠶᠢᠨ ᠬᠢᠷᠢ ᠬᠡᠮᠵᠢᠶ᠎ᠡ ᠬᠢᠭᠡᠳ ᠨᠥᠯᠥᠭᠡᠯᠡᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠵᠦ᠂ ᠰᠤᠳᠤᠯᠭᠠᠨ᠎ᠤ ᠨᠡᠢᠭᠡᠮᠯᠢᠭ᠎ᠦᠨ ᠠᠵᠢᠯ᠎ᠤᠨ ᠳᠠᠬᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ᠎ᠦᠨ ᠬᠦᠴᠦᠨ᠎ᠢ ᠨᠢᠭ᠍ᠲᠠᠷᠠᠭᠤᠯᠬᠤ᠂ ᠡᠷᠳᠡᠮ ᠰᠢᠨᠵᠢᠯᠡᠭᠡᠨ᠎ᠦ ᠳᠠᠪᠰᠢᠯᠲᠠ᠎ᠶᠢ ᠠᠬᠢᠭᠤᠯᠬᠤ᠂ ᠤᠰᠤᠨ ᠠᠰᠢᠭ᠍ᠯᠠᠯᠲᠠ᠎ᠳᠤ ᠦᠢᠯᠡᠴᠢᠯᠡᠬᠦ ᠦᠢᠯᠡᠳᠦᠯᠭᠡ᠎ᠳᠦ ᠴᠢᠬᠤᠯᠠ ᠬᠤᠪᠢ ᠨᠡᠮᠡᠷᠢ ᠦᠵᠡᠭᠦᠯᠦᠨ᠎ᠡ ᠭᠡᠵᠡᠢ᠃
       ᠭᠡᠰᠢᠭᠦᠨ ᠨᠢᠭᠡᠴᠢ᠎ᠶᠢᠨ ᠲᠥᠯᠥᠭᠡᠯᠡᠭᠴᠢ᠂ ᠰᠠᠯᠪᠤᠷᠢ ᠪᠠᠢᠭᠤᠯᠤᠮᠵᠢ᠎ᠶᠢᠨ ᠲᠥᠯᠥᠭᠡᠯᠡᠭᠴᠢ᠂ ᠣᠨᠴᠠ ᠤᠷᠢᠭ᠍ᠰᠠᠨ ᠲᠥᠯᠥᠭᠡᠯᠡᠭᠴᠢ᠂ ᠭᠦᠢᠴᠡᠳᠬᠡᠬᠦ ᠵᠥᠪᠯᠡᠯ᠎ᠤᠨ ᠵᠢᠱ᠌ᠢᠭᠳᠡᠭᠴᠢ᠂ ᠬᠢᠨᠠᠭ᠍ᠴᠢ᠎ᠶᠢᠨ ᠵᠢᠱ᠌ᠢᠭᠳᠡᠭᠴᠢ ᠵᠢᠴᠢ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠤᠳᠤᠷᠢᠳᠤᠯᠭ᠎ᠠ ᠵᠡᠷᠭᠡ ᠨᠥᠬᠥᠳ ᠬᠤᠷᠠᠯ᠎ᠳᠤ ᠣᠷᠣᠯᠴᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            