ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠶᠢ ᠰᠢᠰᠲᠧᠮ᠎ᠲᠠᠢ ᠰᠦᠪᠡᠭᠴᠢᠯᠡᠨ ᠠᠬᠢᠭᠤᠯᠤᠨ᠎ᠠ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ
《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠠᠨᠠᠭᠤᠯᠭ᠎ᠠ᠎ᠳᠤ᠂ 《 ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ 》 《 ᠰᠢᠨ᠎ᠡ ᠬᠡᠯᠪᠡᠷᠢ᠎ᠶᠢᠨ ᠰᠠᠭᠤᠷᠢ ᠲᠥᠬᠦᠭᠡᠷᠦᠮᠵᠢ᠎ᠶᠢ ᠵᠣᠬᠢᠰᠲᠠᠢ᠎ᠪᠠᠷ ᠤᠷᠢᠳᠴᠢᠯᠠᠨ ᠪᠦᠲᠦᠭᠡᠨ ᠪᠠᠶ᠋ᠢᠭᠤᠯᠬᠤ ᠬᠡᠷᠡᠭᠲᠡᠢ 》 《 ᠤᠯᠠᠮᠵᠢᠯᠠᠯᠲᠤ ᠰᠠᠭᠤᠷᠢ ᠲᠥᠬᠦᠭᠡᠷᠦᠮᠵᠢ᠎ᠶᠢᠨ ᠰᠢᠨᠡᠴᠢᠯᠡᠯᠲᠡ ᠪᠠ ᠲᠤᠭᠠᠴᠢᠯᠠᠯᠳᠠ ᠣᠶᠤᠨᠴᠢᠯᠠᠯᠲᠠ᠎ᠶᠢᠨ ᠥᠭᠡᠷᠡᠴᠢᠯᠡᠯᠲᠡ᠎ᠶᠢ ᠲᠦᠯᠬᠢᠨ ᠠᠬᠢᠭᠤᠯᠬᠤ ᠬᠡᠷᠡᠭᠲᠡᠢ 》 ᠭᠡᠵᠦ ᠳᠤᠷᠠᠳᠤᠨ ᠭᠠᠷᠭᠠᠵᠠᠢ᠃ 《 ᠭᠣᠣᠯ ᠮᠥᠷᠡᠨ᠎ᠦ ᠬᠠᠮᠠᠭᠠᠯᠠᠯᠲᠠ ᠵᠠᠰᠠᠯᠲᠠ᠎ᠶᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ 》᠎ᠳᠤ᠂ ᠲᠣᠭᠠᠴᠢᠯᠠᠭᠰᠠᠨ ᠢᠬᠡᠷ᠎ᠡ ᠰᠠᠪᠠ ᠭᠠᠵᠠᠷ᠎ᠢᠶᠠᠷ ᠭᠣᠣᠯᠳᠠᠯᠭ᠎ᠠ ᠪᠣᠯᠭᠠᠵᠤ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢ ᠰᠢᠰᠲᠧᠮ᠎ᠲᠠᠢ ᠰᠦᠪᠡᠭᠴᠢᠯᠡᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠢᠨ᠎ᠠ᠃ ᠪᠢᠳᠡ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠡᠷᠡᠰ ᠰᠠᠢᠲᠤᠷ ᠨᠠᠢᠳᠠᠪᠤᠷᠢᠵᠢᠭᠤᠯᠤᠨ ᠰᠠᠢᠲᠤᠷ ᠪᠡᠶᠡᠯᠡᠭᠦᠯᠵᠦ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮᠵᠢ᠎ᠶᠢ ᠰᠠᠢᠲᠤᠷ ᠲᠥᠯᠥᠪᠯᠡᠨ ᠰᠠᠢᠲᠤᠷ ᠪᠦᠲᠦᠭᠡᠨ ᠪᠠᠶ᠋ᠢᠭᠤᠯᠬᠤ ᠬᠡᠷᠡᠭᠲᠡᠢ᠃
ᠶᠡᠷᠦᠩᠬᠡᠢ ᠱᠦᠵᠢ ᠰᠢ᠎ᠶᠢᠨ ᠫᠢᠩ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠤᠰᠤᠨ ᠠᠰᠢᠭ᠍ᠯᠠᠯᠲᠠ᠎ᠶᠢᠨ ᠠᠵᠢᠯ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠭᠰᠠᠨ ᠪᠠᠢᠨ᠎ᠠ᠃ ᠣᠢᠷ᠎ᠠ᠎ᠶᠢᠨ ᠵᠢᠯ᠎ᠡᠴᠡ ᠨᠠᠭᠠᠰᠢ᠂ ᠠᠭᠤᠷ ᠠᠮᠢᠰᠬᠤᠯ᠎ᠤᠨ ᠬᠤᠪᠢᠷᠠᠯᠲᠠ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠳᠠᠭᠠᠯᠳᠤᠨ᠂ ᠤᠰᠤᠨ᠎ᠤ ᠠᠮᠤᠷ ᠲᠦᠪᠰᠢᠨ᠎ᠦ ᠬᠦᠷᠢᠶᠡᠨ᠎ᠳᠡᠬᠢ ᠠᠶᠤᠯ ᠲᠦᠭᠰᠢᠭᠦᠷᠢ᠎ᠶᠢᠨ ᠬᠡᠮ ᠰᠣᠭᠣᠭ ᠨᠡᠮᠡᠭᠳᠡᠬᠦ ᠪᠠ ᠡᠰᠡᠷᠭᠦᠴᠡᠬᠦ ᠴᠢᠳᠠᠪᠤᠷᠢ ᠬᠦᠷᠦᠯᠴᠡᠬᠦ ᠦᠭᠡᠢ ᠪᠠᠢᠬᠤ᠂ ᠲᠡᠦᠬᠡ᠎ᠶᠢᠨ ᠠᠶᠤᠯ ᠲᠦᠭᠰᠢᠭᠦᠷᠢ ᠬᠤᠷᠠᠮᠳᠤᠬᠤ ᠪᠠ ᠰᠢᠨ᠎ᠡ ᠬᠡᠯᠪᠡᠷᠢ᠎ᠶᠢᠨ ᠠᠶᠤᠯ ᠲᠦᠭᠰᠢᠭᠦᠷᠢ ᠳᠠᠪᠬᠤᠴᠠᠬᠤ ᠠᠰᠠᠭᠤᠳᠠᠯ ᠤᠯᠠᠮ᠎ᠠᠴᠠ ᠤᠯᠠᠮ ᠲᠣᠪᠣᠢᠮ᠎ᠠ ᠪᠣᠯᠵᠤ᠂ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠳᠤ ᠲᠤᠯᠭᠠᠷᠠᠵᠤ ᠪᠠᠢᠭ᠎ᠠ ᠣᠷᠴᠢᠨ ᠲᠣᠭᠣᠷᠢᠨ᠎ᠤ ᠨᠥᠬᠥᠴᠡᠯ ᠥᠩᠭᠡᠷᠡᠭᠰᠡᠨ᠎ᠦ ᠬᠢ᠎ᠡᠴᠡ ᠨᠠᠩ ᠪᠤᠳᠤᠯᠢᠶᠠᠨᠲᠠᠢ᠂ ᠨᠠᠩ ᠲᠤᠢᠯᠰᠢᠷᠠᠬᠤ ᠬᠠᠨᠳᠤᠰᠢ᠎ᠲᠠᠢ ᠪᠣᠯᠵᠤ᠂ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠤᠰᠤᠨ᠎ᠤ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠡᠵᠡᠮᠳᠡᠬᠦ ᠱᠠᠭᠠᠷᠳᠠᠯᠭ᠎ᠠ ᠨᠠᠩ ᠲᠤᠯᠭᠠᠮ᠎ᠠ᠂ ᠨᠠᠩ ᠲᠣᠪᠣᠢᠮ᠎ᠠ ᠪᠣᠯᠪᠠ᠃ ᠡᠭᠦᠨ᠎ᠦ ᠬᠠᠮᠲᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠲᠦᠷᠭᠡᠨ ᠬᠤᠪᠢᠰᠤᠯᠲᠠ᠎ᠶᠢ ᠲᠦᠷᠭᠡᠳᠬᠡᠵᠦ᠂ ᠬᠣᠰᠢᠭᠤᠷᠠᠯ ᠮᠡᠷᠭᠡᠵᠢᠯ᠎ᠦᠨ ᠰᠢᠪᠲᠤᠯᠤᠯᠲᠠ ᠲᠥᠪᠯᠡᠷᠡᠩᠭᠦᠢ ᠢᠯᠡᠷᠡᠵᠦ᠂ ᠤᠰᠤᠨ ᠠᠰᠢᠭ᠍ᠯᠠᠯᠲᠠ᠎ᠶᠢᠨ ᠣᠶᠤᠨᠴᠢ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠪᠡᠶᠡᠯᠡᠭᠦᠯᠬᠦ᠎ᠳᠦ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠠᠢ᠃ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠢ ᠪᠠᠶ᠋ᠢᠭᠤᠯᠬᠤ ᠪᠣᠯ ᠠᠶᠤᠯ ᠲᠦᠭᠰᠢᠭᠦᠷᠢ᠎ᠶᠢᠨ ᠥᠷᠢᠰᠦᠯᠳᠦᠭᠡᠨ᠎ᠢ ᠠᠷᠭᠠᠴᠠᠬᠤ᠂ ᠴᠠᠭ ᠦᠶ᠎ᠡ᠎ᠶᠢᠨ ᠬᠤᠪᠢᠷᠠᠯᠲᠠ᠎ᠶᠢ ᠡᠵᠡᠮᠳᠡᠬᠦ᠂ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠪᠤᠢ ᠪᠣᠯᠭᠠᠬᠤ ᠵᠠᠩᠭᠢᠯᠠᠭ᠎ᠠ᠎ᠶᠢᠨ ᠠᠷᠭ᠎ᠠ ᠪᠠᠷᠢᠯ ᠪᠣᠯᠣᠨ᠎ᠠ᠂ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ᠎ᠢᠶᠡᠷ ᠡᠨᠧᠷᠭᠢ ᠣᠯᠭᠣᠬᠤ᠂ ᠲᠤᠭᠠᠴᠢᠯᠠᠯᠳᠠ ᠣᠶᠤᠨᠴᠢᠯᠠᠯᠲᠠ᠎ᠪᠠᠷ ᠬᠦᠴᠦᠨ ᠣᠯᠭᠣᠬᠤ᠎ᠶᠢ ᠴᠢᠩᠭᠠᠳᠬᠠᠵᠤ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠤᠨ ᠪᠠᠢᠭᠤᠯᠤᠯᠲᠠ᠎ᠶᠢ ᠰᠢᠰᠲᠧᠮ ᠲᠠᠢ ᠰᠦᠪᠡᠭᠴᠢᠯᠡᠨ ᠠᠬᠢᠭᠤᠯᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃
ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠢ ᠹᠢᠽᠢᠺ᠎ᠦᠨ ᠤᠰᠤᠨ ᠠᠰᠢᠭ᠍ᠯᠠᠯᠲᠠ᠎ᠶᠢᠨ ᠡᠲᠡᠭᠡᠳ᠎ᠲᠠᠢ ᠵᠡᠷᠭᠡ᠎ᠪᠡᠷ ᠠᠵᠢᠯᠯᠠᠭᠤᠯᠬᠤ᠂ ᠬᠡᠢᠰᠪᠦᠷᠢ ᠪᠠ ᠪᠣᠳᠠᠲᠠᠢ᠎ᠶᠢ ᠬᠠᠷᠢᠯᠴᠠᠨ ᠰᠣᠯᠢᠯᠴᠠᠬᠤ᠂ ᠳᠠᠪᠬᠤᠴᠠᠭᠤᠯᠤᠨ ᠰᠢᠯᠢᠳᠡᠭᠵᠢᠭᠦᠯᠬᠦ᠎ᠶᠢ ᠠᠬᠢᠭᠤᠯᠤᠨ᠎ᠠ
ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠂ ᠹᠢᠽᠢᠺ᠎ᠦᠨ ᠤᠰᠦᠠ ᠠᠰᠢᠭ᠍ᠯᠠᠯᠲᠠ᠎ᠶᠢᠨ ᠡᠲᠡᠭᠡᠳ᠎ᠢᠶᠠᠷ ᠨᠢᠭᠡᠴᠢ ᠪᠣᠯᠭᠠᠵᠤ᠂ ᠴᠠᠭ ᠵᠠᠢ᠎ᠶᠢᠨ ᠲᠣᠭ᠎ᠠ ᠪᠠᠷᠢᠮᠲᠠ᠎ᠪᠠᠷ ᠰᠠᠭᠤᠷᠢ ᠪᠣᠯᠭᠠᠵᠤ᠂ ᠲᠣᠭᠠᠨ᠎ᠤ ᠤᠬᠠᠭᠠᠨ᠎ᠤ ᠵᠠᠭᠪᠤᠷ᠎ᠢᠶᠠᠷ ᠭᠣᠣᠯ ᠪᠣᠯᠭᠠᠵᠤ᠂ ᠤᠰᠦᠠ ᠠᠰᠢᠭ᠍ᠯᠠᠯᠲᠠ᠎ᠶᠢᠨ ᠮᠡᠳᠡᠯᠭᠡ᠎ᠪᠡᠷ ᠬᠥᠳᠡᠯᠭᠡᠭᠦᠷ ᠪᠣᠯᠭᠠᠨ᠎ᠠ᠃ ᠹᠢᠽᠢᠺ᠎ᠦᠨ ᠤᠰᠤᠨ ᠠᠰᠢᠭ᠍ᠯᠠᠯᠲᠠ᠎ᠶᠢᠨ ᠪᠥᠬᠥ ᠬᠦᠴᠦᠨ ᠵᠦᠢᠯ ᠪᠠ ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠬᠠᠮᠢᠶᠠᠷᠤᠯᠲᠠ᠎ᠶᠢᠨ ᠠᠵᠢᠯᠯᠠᠭ᠎ᠠ᠎ᠶᠢᠨ ᠪᠥᠬᠥ ᠶᠠᠪᠤᠴᠠ᠎ᠳᠤ ᠲᠣᠭᠠᠴᠢᠯᠠᠭᠰᠠᠨ ᠲᠤᠰᠬᠠᠯ᠂ ᠣᠶᠤᠨᠴᠢ᠎ᠪᠠᠷ ᠳᠠᠭᠤᠷᠢᠶᠠᠬᠤ᠂ ᠤᠷᠢᠳᠴᠢᠯᠠᠨ ᠪᠠᠷᠠᠯᠠᠬᠤ ᠰᠣᠷᠢᠯᠲᠠ ᠬᠢᠵᠦ᠂ ᠹᠢᠽᠢᠺ᠎ᠦᠨ ᠤᠰᠤᠨ ᠠᠰᠢᠭ᠍ᠯᠠᠯᠲᠠ᠎ᠶᠢᠨ ᠡᠲᠡᠭᠡᠳ ᠯᠦ᠍ᠭᠡ ᠵᠡᠷᠭᠡ᠎ᠪᠡᠷ ᠠᠵᠢᠯᠯᠠᠬᠤ᠂ ᠬᠡᠢᠰᠪᠦᠷᠢ ᠪᠠ ᠪᠣᠳᠠᠲᠠᠢ᠎ᠶᠢ ᠬᠠᠷᠢᠯᠴᠠᠨ ᠰᠣᠯᠢᠯᠴᠠᠬᠤ᠂ ᠳᠠᠪᠬᠤᠴᠠᠭᠤᠯᠤᠨ ᠰᠢᠯᠢᠳᠡᠭᠵᠢᠭᠦᠯᠬᠦ ᠶᠡᠷᠦᠩᠬᠡᠢᠯᠡᠭᠰᠡᠨ ᠰᠢᠰᠲᠧᠮᠵᠢ ᠨᠢ ᠲᠣᠭᠠᠴᠢᠯᠠᠭᠰᠠᠨ ᠢᠬᠡᠷ᠎ᠡ ᠰᠠᠪᠠ ᠭᠠᠵᠠᠷ᠂ ᠲᠣᠭᠠᠴᠢᠯᠠᠭᠰᠠᠨ ᠢᠬᠡᠷ᠎ᠡ ᠤᠰᠤᠨ᠎ᠤ ᠲᠣᠣᠷ᠂ ᠲᠣᠭᠠᠴᠢᠯᠠᠭᠰᠠᠨ ᠢᠬᠡᠷ᠎ᠡ ᠢᠨᠵᠧᠨᠧᠷᠢᠩ᠎ᠢᠶᠡᠷ ᠪᠦᠷᠢᠯᠳᠦᠵᠦ᠂ ᠭᠤᠷᠪᠠᠭᠤᠯᠠ᠎ᠶᠢᠨ ᠬᠣᠭᠣᠷᠣᠨᠳᠤ᠎ᠪᠠᠨ ᠬᠠᠷᠢᠯᠴᠠᠨ ᠣᠷᠣᠯᠠᠬᠤ ᠦᠭᠡᠢ᠂ ᠲᠣᠰ ᠲᠣᠰ᠎ᠤᠨ ᠭᠣᠣᠯᠳᠠᠯᠭ᠎ᠠ᠎ᠲᠠᠢ᠂ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠨ᠎ᠡ᠃ ᠲᠣᠭᠠᠴᠢᠯᠠᠭᠰᠠᠨ ᠢᠬᠡᠷ᠎ᠡ ᠰᠠᠪᠠ ᠭᠠᠵᠠᠷ ᠨᠢ ᠭᠣᠣᠯᠳᠠᠭᠤ ᠰᠠᠪᠠ ᠭᠠᠵᠠᠷ᠎ᠤᠨ 《 ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠵᠠᠰᠠᠬᠤ᠂ ᠨᠢᠭᠡᠳᠦᠯᠲᠡᠢ ᠲᠣᠬᠢᠷᠠᠭᠤᠯᠬᠤ᠂ ᠨᠢᠭᠡᠳᠦᠯᠲᠡᠢ ᠬᠠᠮᠢᠶᠠᠷᠬᠤ》᠎ᠶᠢ ᠲᠤᠯᠭᠠᠭᠤᠷᠢᠯᠠᠵᠤ᠂ ᠰᠠᠪᠠ ᠭᠠᠵᠠᠷ᠎ᠤᠨ ᠤᠯᠠᠨ ᠡᠯᠧᠮᠧᠨ᠋ᠲ᠂ ᠤᠯᠠᠨ ᠡᠲᠡᠭᠡᠳ᠂ ᠤᠯᠠᠨ ᠬᠠᠷᠠᠯᠲᠠᠲᠤ ᠵᠠᠰᠠᠯᠲᠠ᠎ᠶᠢᠨ ᠬᠠᠮᠢᠶᠠᠷᠤᠯᠲᠠ᠎ᠶᠢᠨ 《 ᠫᠠᠷᠸᠲ᠋ᠤ᠋ ᠵᠢᠨ ᠬᠠᠮᠤᠭ᠎ᠤᠨ ᠰᠢᠯᠢᠳᠡᠭ 》᠎ᠢ ᠪᠡᠶᠡᠯᠡᠭᠦᠯᠬᠦ᠎ᠳᠦ ᠬᠦᠴᠦ ᠨᠡᠮᠡᠷᠢᠯᠡᠨ᠎ᠡ᠃ ᠲᠣᠭᠠᠴᠢᠯᠠᠭᠰᠠᠨ ᠢᠬᠡᠷ᠎ᠡ ᠤᠰᠤᠨ᠎ᠤ ᠲᠣᠣᠷ ᠨᠢ ᠭᠣᠣᠯᠳᠠᠭᠤ 《 ᠰᠢᠰᠲᠧᠮ ᠨᠢ ᠪᠦᠷᠢᠨ ᠲᠡᠭᠦᠯᠳᠡᠷ᠂ ᠠᠶᠤᠯᠭᠦᠢ ᠪᠥᠭᠡᠳ ᠨᠠᠢᠳᠠᠪᠤᠷᠢᠲᠠᠢ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠪᠥᠭᠡᠳ ᠣᠶᠤᠨᠯᠢᠭ᠋᠂ ᠣᠷᠴᠢᠯ ᠨᠢ ᠢᠯᠭᠤᠮ ᠰᠢᠯᠤᠭᠤᠨ᠂ ᠲᠣᠬᠢᠷᠠᠭᠤᠯᠤᠯ ᠡᠵᠡᠮᠳᠡᠯ ᠨᠢ ᠡᠮᠬᠢ ᠵᠢᠷᠤᠮ᠎ᠲᠠᠢ 》 ᠤᠰᠤᠨ᠎ᠤ ᠲᠣᠣᠷ᠎ᠤᠨ ᠪᠠᠢᠭᠤᠯᠤᠯᠲᠠ ᠪᠠ ᠠᠵᠢᠯᠯᠠᠭ᠎ᠠ᠎ᠨᠢ ᠲᠤᠯᠭᠠᠭᠤᠷᠢᠯᠠᠨ᠎ᠠ᠃ ᠲᠣᠭᠠᠴᠢᠯᠠᠭᠰᠠᠨ ᠢᠬᠡᠷ᠎ᠡ ᠪᠠᠷᠢᠯᠭ᠎ᠠ ᠨᠢ ᠭᠣᠣᠯᠳᠠᠭᠤ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠠᠮᠤᠷ ᠲᠦᠪᠰᠢᠨ᠎ᠢᠶᠡᠷ ᠠᠵᠢᠯᠯᠠᠬᠤ ᠪᠠ ᠴᠢᠳᠠᠮᠵᠢ᠎ᠪᠠᠨ ᠪᠠᠳᠠᠷᠠᠭᠤᠯᠬᠤ᠎ᠶᠢ ᠲᠤᠯᠭᠠᠭᠤᠷᠢᠯᠠᠨ᠎ᠠ᠃
ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠢ ᠪᠠᠢᠭᠤᠯᠵᠤ᠂ 《 ᠬᠡᠷᠡᠭᠴᠡᠭᠡ᠎ᠪᠡᠷ ᠲᠠᠲᠠᠬᠤ᠂ ᠬᠡᠷᠡᠭᠯᠡᠬᠦ᠎ᠶᠢ ᠳᠡᠭᠡᠳᠦᠯᠡᠬᠦ᠂ ᠲᠤᠭᠠᠴᠢᠯᠠᠯᠳᠠ ᠣᠶᠤᠨᠴᠢᠯᠠᠯᠲᠠ᠎ᠪᠠᠷ ᠬᠦᠴᠦᠨ ᠣᠯᠭᠣᠬᠤ᠂ ᠴᠢᠳᠠᠪᠤᠷᠢ᠎ᠪᠠᠨ ᠳᠡᠭᠡᠭᠰᠢᠯᠡᠭᠦᠯᠬᠦ 》 ᠵᠠᠷᠴᠢᠮ ᠶᠣᠰᠣᠭᠠᠷ᠂ ᠤᠰᠤᠨ ᠠᠰᠢᠭ᠍ᠯᠠᠯᠲᠠ᠎ᠶᠢᠨ ᠠᠵᠢᠯ᠎ᠤᠨ ᠪᠣᠳᠠᠲᠤ ᠬᠡᠷᠡᠭᠴᠡᠭᠡ᠎ᠡᠴᠡ ᠡᠭᠦᠰᠴᠦ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠂ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ ᠪᠣᠯᠣᠨ ᠲᠣᠬᠢᠷᠠᠭᠤᠯᠤᠯᠲᠠ᠎ᠶᠢ ᠭᠦᠨᠵᠡᠭᠡᠢ ᠵᠠᠳᠠᠯᠵᠤ᠂ ᠵᠢᠴᠢ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ ᠪᠠ ᠠᠵᠢᠯᠯᠠᠭᠠᠨ᠎ᠤ ᠬᠠᠮᠢᠶᠠᠷᠤᠯᠲᠠ᠂ ᠭᠣᠣᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ᠂ ᠬᠥᠷᠥᠰᠥ ᠰᠢᠷᠣᠢ᠎ᠶᠢᠨ ᠬᠠᠮᠠᠭᠠᠯᠠᠯᠲᠠ᠂ ᠤᠰᠤᠯᠠᠯᠲᠠ᠎ᠶᠢᠨ ᠣᠷᠣᠨ᠎ᠤ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠪᠠ ᠥᠭᠡᠷᠡᠴᠢᠯᠡᠯᠲᠡ᠂ ᠬᠥᠳᠡᠭᠡ ᠲᠣᠰᠬᠣᠨ᠎ᠤ ᠤᠰᠤ ᠬᠠᠩᠭᠠᠬᠤ ᠵᠡᠷᠭᠡ ᠤᠰᠤᠨ ᠠᠰᠢᠭ᠍ᠯᠠᠯᠲᠠ᠎ᠶᠢᠨ ᠲᠤᠬᠠᠢᠯᠠᠭᠰᠠᠨ ᠠᠵᠢᠯ᠎ᠤᠨ ᠬᠠᠷᠠᠯᠲᠠ᠂ ᠶᠠᠪᠤᠴᠠ᠂ ᠴᠢᠳᠠᠮᠵᠢ᠂ ᠲᠣᠭ᠎ᠠ ᠪᠠᠷᠢᠮᠲᠠ ᠵᠡᠷᠭᠡ᠎ᠶᠢᠨ ᠬᠡᠷᠡᠭᠴᠡᠭᠡ ᠱᠠᠭᠠᠷᠳᠠᠯᠭ᠎ᠠ᠂ ᠦᠷ᠎ᠡ ᠠᠰᠢᠭ᠋᠎ᠢᠶᠠᠷ ᠤᠳᠤᠷᠢᠳᠤᠮᠵᠢ ᠪᠣᠯᠭᠠᠨ ᠬᠢᠨᠠᠨ ᠬᠡᠮᠵᠢᠵᠦ ᠮᠡᠳᠡᠷᠡᠬᠦ ᠰᠢᠰᠲᠧᠮ᠂ ᠲᠣᠭᠠᠨ᠎ᠤ ᠤᠬᠠᠭᠠᠨ᠎ᠤ ᠵᠠᠭᠪᠤᠷ᠎ᠤᠨ ᠰᠢᠰᠲᠧᠮ᠎ᠦᠨ ᠪᠠᠢᠭᠤᠯᠤᠯᠲᠠ᠎ᠶᠢ ᠠᠬᠢᠭᠤᠯᠵᠤ᠂ ᠲᠣᠭᠠᠴᠢᠯᠠᠭᠰᠠᠨ ᠢᠬᠡᠷ᠎ᠡ ᠲᠠᠪᠴᠠᠩ᠎ᠢ ᠪᠠᠢᠭᠤᠯᠵᠤ᠂ ᠤᠰᠤᠨ ᠠᠰᠢᠭ᠍ᠯᠠᠯᠲᠠ᠎ᠶᠢᠨ ᠲᠤᠬᠠᠢᠯᠠᠭᠰᠠᠨ ᠠᠵᠢᠯ᠎ᠤᠨ ᠬᠡᠷᠡᠭᠯᠡᠯᠲᠡ᠎ᠶᠢ ᠪᠦᠬᠦ ᠲᠠᠯ᠎ᠠ᠎ᠪᠠᠷ ᠲᠤᠯᠭᠠᠭᠤᠷᠢᠯᠠᠵᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠬᠤ᠂ ᠪᠡᠯᠡᠳᠬᠡᠯ ᠲᠥᠰᠥᠯ᠎ᠦᠨ ᠴᠢᠳᠠᠮᠵᠢ᠎ᠶᠢ ᠪᠡᠶᠡᠯᠡᠭᠦᠯᠵᠦ᠂ ᠤᠰᠤᠨ ᠠᠰᠢᠭ᠍ᠯᠠᠯᠲᠠ᠎ᠶᠢᠨ ᠣᠳᠣᠬᠢᠴᠢᠯᠠᠭᠰᠠᠨ ᠵᠠᠰᠠᠯᠲᠠ᠎ᠶᠢᠨ ᠬᠠᠮᠢᠶᠠᠷᠤᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃
《 ᠠᠭᠠᠷ ᠣᠭᠲᠠᠷᠭᠤᠢ ᠭᠠᠵᠠᠷ ᠤᠰᠤ ᠢᠨᠵᠧᠨᠧᠷᠢᠩ 》᠎ᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠵᠦ ᠮᠡᠳᠡᠷᠡᠬᠦ ᠰᠢᠰᠲᠧᠮ᠎ᠢ ᠲᠦᠷᠭᠡᠪᠴᠢᠯᠡᠨ ᠪᠠᠢᠭᠤᠯᠤᠨ᠎ᠠ
ᠲᠣᠭ᠎ᠠ ᠪᠠᠷᠢᠮᠲᠠ ᠪᠣᠯ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢᠨ ᠰᠠᠭᠤᠷᠢ ᠮᠥᠨ᠂ ᠬᠢᠨᠠᠨ ᠬᠡᠮᠵᠢᠵᠦ ᠮᠡᠳᠡᠷᠡᠬᠦ ᠪᠣᠯ ᠲᠣᠭ᠎ᠠ ᠪᠠᠷᠢᠮᠲᠠ᠎ᠶᠢ ᠣᠯᠬᠤ ᠠᠷᠭ᠎ᠠ ᠮᠠᠶᠢᠭ᠋ ᠪᠠ ᠠᠷᠭ᠎ᠠ ᠵᠠᠮ ᠮᠥᠨ᠃ ᠡᠷᠬᠡᠪᠰᠢ 《 ᠠᠭᠠᠷ ᠣᠭᠲᠠᠷᠭᠤᠢ ᠭᠠᠵᠠᠷ ᠤᠰᠤ ᠢᠨᠵᠧᠨᠧᠷᠢᠩ 》 ᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠵᠦ ᠮᠡᠳᠡᠷᠡᠬᠦ ᠰᠢᠰᠲᠧᠮ᠎ᠢ ᠲᠦᠷᠭᠡᠳᠬᠡᠨ ᠪᠠᠢᠭᠤᠯᠵᠤ᠂ ᠹᠢᠽᠢᠺ᠎ᠦᠨ ᠤᠰᠤᠨ ᠠᠰᠢᠭ᠍ᠯᠠᠯᠲᠠ᠎ᠶᠢᠨ ᠡᠲᠡᠭᠡᠳ᠎ᠦᠨ ᠲᠣᠭ᠎ᠠ ᠪᠠᠷᠢᠮᠲᠠ᠎ᠶᠢ ᠬᠢᠨᠠᠨ ᠬᠡᠮᠵᠢᠵᠦ ᠮᠡᠳᠡᠷᠡᠬᠦ᠎ᠶᠢᠨ ᠨᠠᠷᠢᠯᠢᠭ᠋ ᠣᠨᠣᠪᠴᠢᠲᠤ ᠴᠢᠨᠠᠷ᠂ ᠢᠵᠢᠯ ᠠᠯᠬᠤᠮᠲᠤ ᠴᠢᠨᠠᠷ᠂ ᠴᠠᠭ ᠲᠤᠬᠠᠢᠴᠢ ᠴᠢᠨᠠᠷ᠎ᠢ ᠪᠡᠶᠡᠯᠡᠭᠦᠯᠬᠦ ᠬᠡᠷᠡᠭᠲᠡᠢ᠃
ᠨᠢᠭᠡ᠎ᠳᠦ᠂ ᠪᠦᠬᠦᠨ᠎ᠢ ᠪᠦᠷᠬᠦᠭᠦᠯᠬᠦ᠂ ᠪᠦᠬᠦ ᠣᠷᠣᠨ ᠵᠠᠢ᠎ᠶᠢᠨ᠂ ᠪᠦᠬᠦ ᠡᠯᠧᠮᠧᠨ᠋ᠲ᠂ ᠪᠦᠬᠦᠯᠢ ᠡᠳᠦᠷ᠎ᠦᠨ ᠬᠢᠨᠠᠨ ᠬᠡᠮᠵᠢᠯᠲᠡ᠎ᠶᠢ ᠰᠡᠷᠡᠵᠦ ᠮᠡᠳᠡᠬᠦ᠎ᠶᠢ ᠪᠡᠶᠡᠯᠡᠭᠦᠯᠦᠨ᠎ᠡ᠃ 《 ᠪᠦᠬᠦᠨ᠎ᠢ ᠪᠦᠷᠬᠦᠭᠦᠯᠬᠦ 》 ᠭᠡᠳᠡᠭ ᠨᠢ ᠪᠤᠢ ᠪᠦᠬᠦᠢ ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠬᠠᠮᠢᠶᠠᠷᠤᠯᠲᠠ᠎ᠶᠢᠨ ᠡᠲᠡᠭᠡᠳ᠎ᠢ ᠪᠦᠷᠬᠦᠭᠦᠯᠬᠦ᠂ ᠳᠠᠷᠤᠢ ᠭᠣᠣᠯ ᠮᠥᠷᠡᠨ ᠨᠢᠭᠡᠪᠦᠷᠢ᠂ ᠨᠢᠭᠡᠳᠦᠭᠡᠷ ᠳᠡᠰ᠎ᠤᠨ ᠤᠰᠤᠨ᠎ᠤ ᠲᠣᠣᠷ᠂ ᠪᠠᠷᠢᠯᠭ᠎ᠠ ᠨᠢᠭᠡᠪᠦᠷᠢ᠎ᠶᠢ ᠪᠦᠷᠬᠦᠭᠦᠯᠬᠦ᠎ᠶᠢ ᠬᠡᠯᠡᠵᠦ ᠪᠤᠢ᠃ 《 ᠪᠥᠬᠥ ᠣᠷᠣᠨ ᠵᠠᠢ 》 ᠭᠡᠳᠡᠭ ᠨᠢ ᠳᠠᠷᠤᠢ 《 ᠠᠭᠠᠷ 》 《 ᠣᠭᠲᠠᠷᠭᠤᠢ 》 《 ᠭᠠᠵᠠᠷ 》 《 ᠤᠰᠤ 》 《 ᠢᠨᠵᠧᠨᠧᠷᠢᠩ 》᠎ᠦᠨ ᠪᠣᠰᠣᠭ᠎ᠠ ᠴᠣᠭᠴᠠᠲᠤ ᠣᠷᠣᠨ ᠵᠠᠢ᠎ᠠᠴᠠ ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠬᠠᠮᠢᠶᠠᠷᠤᠯᠲᠠ᠎ᠶᠢᠨ ᠡᠲᠡᠭᠡᠳ᠎ᠦᠨ ᠮᠡᠳᠡᠭᠡ ᠵᠠᠩᠭᠢ᠎ᠶᠢᠨ ᠲᠣᠭ᠎ᠠ ᠪᠠᠷᠢᠮᠲᠠ᠎ᠶᠢ ᠬᠢᠨᠠᠨ ᠬᠡᠮᠵᠢᠬᠦ᠎ᠶᠢ ᠬᠡᠯᠡᠵᠦ ᠪᠣᠶ᠃ 《 ᠪᠥᠬᠥ ᠬᠦᠴᠦᠨ ᠵᠦᠢᠯ 》 ᠭᠡᠳᠡᠭ ᠨᠢ ᠳᠠᠷᠤᠢ ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠬᠠᠮᠢᠶᠠᠷᠤᠯᠲᠠ᠎ᠶᠢᠨ ᠡᠲᠡᠭᠡᠳ᠎ᠦᠨ ᠪᠣᠶ ᠪᠦᠬᠦᠢ ᠮᠡᠳᠡᠭᠡ ᠵᠠᠩᠭᠢ᠎ᠶᠢᠨ ᠮᠡᠳᠡᠷᠡᠮᠵᠢ᠎ᠶᠢ ᠪᠡᠶᠡᠯᠡᠭᠦᠯᠦᠨ᠎ᠡ᠂ ᠡᠭᠦᠨ᠎ᠳᠦ ᠪᠠᠢᠭᠠᠯᠢ᠎ᠶᠢᠨ ᠭᠣᠣᠯ ᠮᠥᠷᠡᠨ ᠨᠠᠭᠤᠷ ᠴᠥᠭᠥᠷᠥᠮ᠎ᠦᠨ ᠤᠰᠤᠨ ᠰᠢᠰᠲᠧᠮ᠎ᠦᠨ ᠤᠰᠤᠨ ᠵᠦᠢ᠎ᠶᠢᠨ ᠬᠦᠴᠦᠨ ᠵᠦᠢᠯ᠂ ᠤᠰᠤᠨ ᠬᠦᠴᠦᠨ᠎ᠦ ᠤᠬᠠᠭᠠᠨ᠎ᠤ ᠬᠦᠴᠦᠨ ᠵᠦᠢᠯ᠂ ᠰᠢᠪᠠᠷ ᠡᠯᠡᠰᠦᠨ᠎ᠦ ᠬᠦᠴᠦᠨ ᠤᠬᠠᠭᠠᠨ᠎ᠤ ᠬᠦᠴᠦᠨ ᠵᠦᠢᠯ᠂ ᠲᠣᠭᠠᠴᠢᠯᠠᠭᠰᠠᠨ ᠡᠷᠭᠦᠭᠳᠡᠴᠡ᠎ᠶᠢᠨ ᠵᠠᠭᠪᠤᠷ᠂ ᠪᠠᠷᠢᠯᠭ᠎ᠠ᠎ᠶᠢᠨ ᠪᠠᠢᠷᠢ᠎ᠶᠢᠨ ᠰᠢᠯᠵᠢᠯᠲᠡ᠎ᠶᠢᠨ ᠳᠦᠷᠰᠦ ᠬᠤᠪᠢᠷᠠᠯᠲᠠ᠂ ᠨᠡᠪᠴᠢᠯᠲᠡ᠎ᠶᠢᠨ ᠤᠷᠤᠰᠬᠠᠯ᠎ᠤᠨ ᠨᠡᠪᠴᠢᠯᠲᠡ᠎ᠶᠢᠨ ᠳᠠᠷᠤᠯᠲᠠ᠂ ᠬᠤᠪᠢᠷᠠᠭᠠᠭᠳᠠᠯ᠎ᠤᠨ ᠬᠦᠴᠦᠨ᠎ᠦ ᠬᠤᠪᠢᠷᠠᠭᠠᠭᠳᠠᠯ᠂ ᠭᠠᠵᠠᠷ ᠵᠦᠢ᠎ᠶᠢᠨ ᠮᠡᠳᠡᠭᠡ ᠵᠠᠩᠭᠢ᠎ᠶᠢᠨ ᠰᠢᠰᠲᠧᠮ ᠵᠡᠷᠭᠡ ᠪᠠᠭᠲᠠᠨ᠎ᠠ᠃ 《 ᠪᠦᠬᠦᠯᠢ ᠡᠳᠦᠷ᠎ᠢᠶᠡᠷ᠎ᠢᠶᠡᠨ 》 ᠭᠡᠳᠡᠭ ᠨᠢ ᠴᠠᠭ ᠠᠭᠤᠷ᠂ ᠴᠠᠭ ᠬᠤᠭᠤᠴᠠᠭ᠎ᠠ ᠪᠠ ᠣᠷᠴᠢᠨ ᠲᠣᠭᠣᠷᠢᠨ᠎ᠤ ᠨᠥᠬᠥᠴᠡᠯ᠎ᠦᠨ ᠨᠥᠯᠥᠭᠡ᠎ᠶᠢ ᠭᠥᠷᠳᠡᠬᠦ ᠦᠭᠡᠢ᠎ᠪᠡᠷ ᠢᠮᠠᠭᠲᠠ ᠪᠦᠲᠦᠮᠵᠢᠲᠡᠶ ᠬᠢᠨᠠᠨ ᠬᠡᠮᠵᠢᠵᠦ ᠰᠡᠷᠡᠵᠦ ᠮᠡᠳᠡᠬᠦ ᠪᠠᠢᠳᠠᠯ᠎ᠢ ᠪᠠᠲᠤᠯᠠᠵᠤ᠂ ᠪᠥᠬᠥ ᠲᠠᠯ᠎ᠠ᠎ᠶᠢᠨ᠂ ᠪᠣᠳᠠᠲᠠᠢ ᠴᠠᠭ᠎ᠤᠨ᠂ ᠦᠷᠭᠦᠯᠵᠢᠯᠡᠭᠰᠡᠨ᠂ ᠨᠠᠷᠢᠯᠢᠭ᠋ ᠣᠨᠣᠴᠠᠲᠠᠢ ᠲᠣᠭ᠎ᠠ ᠪᠠᠷᠢᠮᠲᠠ᠎ᠶᠢᠨ ᠮᠡᠳᠡᠭᠡ ᠵᠠᠩᠭᠢ᠎ᠶᠢ ᠣᠯᠵᠤ ᠳᠡᠶ᠋ᠢᠯᠬᠦ᠎ᠶᠢ ᠬᠡᠯᠡᠵᠦ ᠪᠠᠢᠨ᠎ᠠ᠃
ᠬᠣᠶᠠᠷ᠎ᠲᠤ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠪᠦᠲᠦᠴᠡ᠎ᠳᠦ ᠲᠣᠬᠢᠷᠠᠬᠤ ᠲᠣᠭ᠎ᠠ ᠪᠠᠷᠢᠮᠲᠠ᠎ᠶᠢ ᠴᠤᠭᠯᠠᠭᠤᠯᠬᠤ᠎ᠶᠢ ᠴᠢᠩᠭᠠᠳᠬᠠᠨ᠎ᠠ᠃ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮᠵᠢ᠎ᠶᠢ ᠪᠠᠶ᠋ᠢᠭᠤᠯᠬᠤ ᠬᠡᠷᠡᠭᠴᠡᠭᠡ ᠱᠠᠭᠠᠷᠳᠠᠯᠭ᠎ᠠ᠎ᠳᠤ ᠬᠠᠨᠳᠤᠭᠤᠯᠤᠭᠰᠠᠨ ᠪᠠ ᠠᠩᠬᠠᠷᠤᠯ᠎ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠥᠯᠥ ᠬᠠᠩᠭᠠᠵᠤ ᠪᠠᠢᠭ᠎ᠠ ᠬᠢᠨᠠᠨ ᠬᠡᠮᠵᠢᠵᠦ ᠰᠡᠷᠡᠵᠦ ᠮᠡᠳᠡᠬᠦ ᠪᠠᠷᠢᠮᠵᠢᠶ᠎ᠠ᠎ᠶᠢᠨ ᠵᠢᠷᠤᠮᠵᠢᠯ᠎ᠢ ᠪᠠᠢᠴᠠᠭᠠᠨ ᠦᠵᠡᠬᠦ᠎ᠶᠢᠨ ᠬᠠᠮᠲᠤ ᠵᠠᠰᠠᠪᠤᠷᠢ ᠣᠷᠣᠭᠤᠯᠵᠤ᠂ ᠠᠷᠭ᠎ᠠ ᠪᠠᠷᠢᠯ᠂ ᠵᠠᠮ ᠮᠥᠷ᠂ ᠠᠷᠭ᠎ᠠ ᠮᠠᠶᠢᠭ᠋᠂ ᠡᠲᠡᠭᠡᠳ᠎ᠢ ᠲᠡᠭᠦᠯᠳᠡᠷᠵᠢᠭᠦᠯᠦᠨ᠂ ᠬᠢᠨᠠᠨ ᠬᠡᠮᠵᠢᠵᠦ ᠰᠡᠷᠡᠵᠦ ᠮᠡᠳᠡᠬᠦ ᠰᠢᠰᠲᠧᠮ᠎ᠦᠨ ᠰᠢᠨᠵᠢᠯᠡᠬᠦ ᠤᠬᠠᠭᠠᠨᠴᠢ ᠪᠦᠲᠦᠭᠡᠨ ᠪᠠᠢᠭᠤᠯᠤᠯᠲᠠ ᠪᠠ ᠥᠨᠳᠥᠷ ᠳᠠᠪᠲᠠᠮᠵᠢ ᠴᠢᠨᠠᠭᠰᠢᠯᠠᠪᠠᠯ ᠰᠦᠯᠵᠢᠶᠡᠨ᠎ᠳᠡᠬᠢ ᠠᠵᠢᠯᠯᠠᠭ᠎ᠠ᠎ᠨᠢ ᠠᠬᠢᠭᠤᠯᠤᠨ᠎ᠠ᠃ ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠬᠠᠮᠢᠶᠠᠷᠤᠯᠲᠠ᠎ᠶᠢᠨ ᠡᠲᠡᠭᠡᠳ᠎ᠦᠨ ᠰᠠᠭᠤᠷᠢ ᠲᠣᠭ᠎ᠠ ᠪᠠᠷᠢᠮᠲᠠ᠂ ᠪᠠᠢᠳᠠᠯ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ᠂ ᠬᠠᠮᠢᠶᠠᠷᠤᠯᠲᠠ᠎ᠶᠢᠨ ᠲᠣᠭ᠎ᠠ ᠪᠠᠷᠢᠮᠲᠠ᠂ ᠬᠠᠮᠲᠤ᠎ᠪᠠᠷ ᠡᠳ᠋ᠯᠡᠬᠦ ᠲᠣᠭ᠎ᠠ ᠪᠠᠷᠢᠮᠲᠠ᠂ ᠭᠠᠵᠠᠷ ᠵᠦᠢ᠎ᠶᠢᠨ ᠣᠷᠣᠨ ᠵᠠᠢ᠎ᠶᠢᠨ ᠲᠣᠭ᠎ᠠ ᠪᠠᠷᠢᠮᠲᠠ᠎ᠶᠢ ᠴᠤᠭᠯᠠᠭᠤᠯᠵᠤ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮᠵᠢ᠎ᠳᠡᠬᠢ ᠲᠣᠭᠠᠨ᠎ᠤ ᠤᠬᠠᠭᠠᠨ᠎ᠤ ᠵᠠᠭᠪᠤᠷ᠎ᠤᠨ ᠪᠣᠳᠣᠯᠲᠠ᠎ᠶᠢᠨ ᠨᠠᠷᠢᠯᠢᠭ᠋ ᠬᠡᠮᠵᠢᠶ᠎ᠡ᠂ ᠥᠨᠳᠥᠷ ᠳᠠᠪᠲᠠᠮᠵᠢ᠂ ᠦᠷᠭᠦᠯᠵᠢᠯᠡᠬᠦ ᠴᠢᠨᠠᠷ᠎ᠤᠨ ᠱᠠᠭᠠᠷᠳᠠᠯᠭ᠎ᠠ᠎ᠶᠢ ᠬᠠᠩᠭᠠᠵᠤ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮᠵᠢ᠎ᠶᠢ ᠪᠠᠶ᠋ᠢᠭᠤᠯᠬᠤ᠎ᠳᠤ ᠨᠠᠷᠢᠯᠢᠭ᠋ ᠣᠨᠣᠴᠠᠲᠠᠢ ᠹᠢᠽᠢᠺ᠎ᠦᠨ ᠪᠣᠯᠵᠣᠯᠲᠤ ᠲᠣᠭ᠎ᠠ ᠪᠠ ᠪᠣᠳᠠᠲᠠᠢ ᠬᠢᠵᠠᠭᠠᠷᠯᠠᠬᠤ ᠨᠥᠬᠥᠴᠡᠯ᠎ᠢ ᠬᠠᠩᠭᠠᠵᠤ᠂ ᠹᠢᠽᠢᠺ᠎ᠦᠨ ᠡᠲᠡᠭᠡᠳ ᠯᠤᠭ᠎ᠠ ᠢᠵᠢᠯ ᠠᠯᠬᠤᠮ᠎ᠢᠶᠠᠷ ᠡᠪᠴᠡᠯᠳᠦᠬᠦ᠎ᠶᠢ ᠪᠠᠲᠤᠯᠠᠨ᠎ᠠ᠃
ᠭᠤᠷᠪᠠ᠎ᠳᠤ᠂ ᠲᠣᠭ᠎ᠠ ᠪᠠᠷᠢᠮᠲᠠ᠎ᠶᠢ ᠴᠤᠭᠯᠠᠭᠤᠯᠤᠨ ᠬᠠᠮᠲᠤ᠎ᠪᠠᠷ ᠡᠳ᠋ᠯᠡᠬᠦ᠎ᠶᠢ ᠴᠢᠩᠭᠠᠳᠬᠠᠨ᠎ᠠ᠃ ᠳ᠋ᠠᠢᠲ᠋ᠠ᠎ᠶᠢᠨ ᠡᠬᠢ ᠪᠠᠶᠠᠯᠢᠭ᠋᠎ᠤᠨ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠨᠢᠭᠡᠳᠦᠯᠲᠡᠢ ᠲᠥᠯᠥᠪᠯᠡᠨ ᠬᠠᠮᠢᠶᠠᠷᠬᠤ᠎ᠶᠢ ᠴᠢᠩᠭᠠᠳᠬᠠᠵᠤ᠂ ᠡᠮᠬᠢᠯᠡᠨ ᠨᠡᠢᠯᠡᠭᠦᠯᠵᠦ ᠴᠤᠭᠯᠠᠭᠤᠯᠵᠤ᠂ ᠬᠠᠮᠲᠤ᠎ᠪᠠᠷ ᠭᠥᠷᠳᠡᠵᠦ ᠠᠰᠢᠭ᠍ᠯᠠᠨᠠ᠃ ᠤᠯᠤᠰ᠎ᠤᠨ ᠬᠢᠨᠠᠨ ᠬᠡᠮᠵᠢᠯᠲᠡ᠎ᠶᠢᠨ ᠡᠬᠢ ᠪᠠᠶᠠᠯᠢᠭ᠋᠎ᠢ ᠭᠦᠢᠴᠡᠳ ᠠᠰᠢᠭ᠍ᠯᠠᠨ᠂ ᠠᠵᠤ ᠠᠬᠤᠢ ᠨᠡᠢᠭᠡᠮ᠂ ᠭᠠᠵᠠᠷ ᠰᠢᠷᠣᠢ᠎ᠶᠢᠨ ᠠᠰᠢᠭ᠍ᠯᠠᠯᠲᠠ᠂ ᠠᠮᠢ ᠠᠬᠤᠢ ᠣᠷᠴᠢᠨ ᠲᠣᠭᠣᠷᠢᠨ᠂ ᠴᠠᠭ ᠠᠭᠤᠷ ᠵᠡᠷᠭᠡ ᠬᠠᠮᠢᠶ᠎ᠠ ᠪᠦᠬᠦᠢ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠨ᠎ᠡ᠃ ᠤᠰᠤᠨ ᠠᠰᠢᠭ᠍ᠯᠠᠯᠲᠠ᠎ᠶᠢᠨ ᠲᠣᠭ᠎ᠠ ᠪᠠᠷᠢᠮᠲᠠ᠎ᠶᠢ ᠴᠤᠭᠯᠠᠭᠤᠯᠬᠤ ᠲᠠᠪᠴᠠᠩ᠎ᠢ ᠪᠠᠢᠭᠤᠯᠵᠤ᠂ ᠪᠥᠬᠥ ᠤᠯᠤᠰ᠎ᠤᠨ ᠤᠰᠤᠨ ᠠᠰᠢᠭ᠍ᠯᠠᠯᠲᠠ᠎ᠶᠢᠨ ᠨᠢᠭᠡ ᠵᠢᠷᠤᠭ᠎ᠤᠨ ᠰᠠᠭᠤᠷᠢᠨ ᠳᠡᠭᠡᠷ᠎ᠡ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ ᠣᠯᠠᠨ ᠡᠬᠢᠲᠦ᠂ ᠣᠯᠠᠨ ᠬᠡᠮᠵᠢᠯᠲᠦ᠂ ᠣᠯᠠᠨ ᠬᠡᠮ ᠬᠡᠮᠵᠢᠶ᠎ᠡ᠎ᠲᠠᠢ ᠲᠣᠭ᠎ᠠ ᠪᠠᠷᠢᠮᠲᠠ᠎ᠶᠢ ᠴᠤᠭᠯᠠᠭᠤᠯᠬᠤ ᠬᠠᠮᠢᠶᠠᠷᠤᠯᠲᠠ᠎ᠶᠢ ᠥᠷᠨᠢᠭᠦᠯᠬᠦ᠎ᠶᠢᠨ ᠬᠠᠮᠲᠤ ᠪᠦᠲᠦᠮᠵᠢᠲᠡᠶ ᠠᠵᠢᠯᠯᠠᠭᠠᠨ᠎ᠤ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠯᠳᠦᠭᠦᠯᠦᠨ᠎ᠡ᠃
ᠳᠥᠷᠪᠡ᠎ᠳᠦ᠂ ᠬᠢᠨᠠᠨ ᠬᠡᠮᠵᠢᠬᠦ ᠮᠡᠷᠭᠡᠵᠢᠯ᠎ᠦᠨ ᠲᠤᠨᠤᠭ ᠲᠥᠬᠦᠭᠡᠷᠦᠮᠵᠢ᠎ᠶᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠲᠦᠷᠭᠡᠳᠬᠡᠨ᠎ᠡ᠃ ᠤᠰᠤᠨ ᠠᠰᠢᠭ᠍ᠯᠠᠯᠲᠠ᠎ᠶᠢᠨ ᠠᠯᠤᠰ ᠰᠡᠷᠡᠯ᠎ᠦᠨ ᠳᠠᠭᠠᠭᠤᠯᠢ ᠣᠳᠣᠨ᠎ᠤ ᠬᠡᠷᠡᠭᠯᠡᠭᠡᠨ᠎ᠦ ᠣᠳᠣᠨ ᠣᠷᠣᠨ᠎ᠢ ᠪᠠᠢᠭᠤᠯᠵᠤ᠂ ᠤᠰᠤᠨ ᠠᠰᠢᠭ᠍ᠯᠠᠯᠲᠠ᠎ᠶᠢᠨ ᠪᠣᠷᠣᠭᠠᠨ᠎ᠢ ᠬᠡᠮᠵᠢᠬᠦ ᠷᠠᠳᠠᠷ᠎ᠤᠨ ᠲᠣᠣᠷ ᠪᠠᠶ᠋ᠢᠭᠤᠯᠬᠤ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠳᠠᠭᠠᠭᠤᠯᠢ ᠣᠳᠣᠨ᠎ᠤ ᠠᠯᠤᠰ ᠰᠡᠷᠡᠯ᠂ ᠷᠠᠳᠠᠷ᠎ᠤᠨ ᠰᠣᠨᠠᠷ ᠵᠡᠷᠭᠡ᠎ᠳᠦ ᠰᠠᠭᠤᠷᠢᠯᠠᠨ ᠤᠰᠤᠨ ᠠᠰᠢᠭ᠍ᠯᠠᠯᠲᠠ᠎ᠶᠢᠨ ᠹᠢᠽᠢᠺ᠎ᠦᠨ ᠡᠲᠡᠭᠡᠳ᠎ᠢ ᠬᠢᠨᠠᠨ ᠬᠡᠮᠵᠢᠬᠦ ᠪᠠ ᠬᠠᠢᠨ ᠬᠡᠮᠵᠢᠬᠦ ᠰᠢᠨ᠎ᠡ ᠮᠡᠷᠭᠡᠵᠢᠯ᠎ᠦᠨ ᠰᠤᠳᠤᠯᠤᠯ᠎ᠢ ᠢᠳᠡᠪᠬᠢᠲᠡᠢ᠎ᠪᠡᠷ ᠠᠬᠢᠭᠤᠯᠤᠨ᠎ᠠ᠃ ᠵᠢᠯᠣᠭᠣᠴᠢ ᠦᠭᠡᠢ ᠨᠢᠰᠬᠡᠯ᠂ ᠵᠢᠯᠣᠭᠣᠴᠢ ᠦᠭᠡᠢ ᠣᠩᠭᠣᠴᠠ᠂ ᠤᠰᠤᠨ ᠳᠣᠣᠷᠠᠬᠢ ᠮᠠᠰᠢᠨ ᠬᠥᠮᠥᠨ᠂ ᠯᠠᠢᠰᠧᠷ ᠷᠠᠳᠠᠷ᠂ ᠬᠠᠵᠠᠭᠤ᠎ᠡᠴᠡ ᠰᠢᠷᠪᠢᠬᠦ ᠷᠠᠳᠠᠷ᠂ ᠨᠡᠪᠲᠡᠯᠬᠦ ᠮᠠᠶᠢᠭ᠋᠎ᠤᠨ ᠭᠠᠵᠠᠷ ᠰᠢᠨᠵᠢᠯᠡᠭᠡᠨ᠎ᠦ ᠷᠠᠳᠠᠷ᠂ ᠣᠶᠤᠨᠲᠤ ᠨᠦᠯᠦᠭᠡᠯᠡᠬᠦᠷ ᠵᠡᠷᠭᠡ ᠰᠢᠨ᠎ᠡ ᠲᠣᠨᠣᠭ ᠲᠥᠬᠦᠭᠡᠷᠦᠮᠵᠢ᠎ᠶᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠴᠢᠩᠭᠠᠷᠠᠭᠤᠯᠵᠤ᠂ ᠰᠠᠪᠠ ᠭᠠᠵᠠᠷ᠎ᠤᠨ ᠳᠣᠲᠣᠷᠠᠬᠢ ᠭᠠᠵᠠᠷ ᠵᠦᠢ᠎ᠶᠢᠨ ᠮᠡᠳᠡᠭᠡ ᠵᠠᠩᠭᠢ᠎ᠶᠢᠨ ᠲᠣᠭ᠎ᠠ ᠪᠠᠷᠢᠮᠲᠠ ᠢᠯᠠᠩᠭᠤᠶ᠎ᠠ ᠳᠡᠪᠢᠰᠬᠡᠷ ᠨᠢᠭᠤᠷ᠂ ᠢᠨᠵᠧᠨᠧᠷᠢᠩ᠎ᠦᠨ ᠰᠢᠨᠵᠢ ᠪᠠᠢᠳᠠᠯ᠂ ᠤᠰᠤᠨ ᠵᠦᠢ᠎ᠶᠢᠨ ᠬᠦᠴᠦᠨ ᠵᠦᠢᠯ᠂ ᠤᠰᠤᠨ ᠬᠦᠴᠦᠨ᠎ᠦ ᠤᠬᠠᠭᠠᠨ᠎ᠤ ᠬᠦᠴᠦᠨ ᠵᠦᠢᠯ᠂ ᠰᠢᠪᠠᠷ ᠡᠯᠡᠰᠦᠨ᠎ᠦ ᠬᠦᠴᠦᠨ ᠤᠬᠠᠭᠠᠨ᠎ᠤ ᠬᠦᠴᠦᠨ ᠵᠦᠢᠯ᠎ᠢ ᠴᠠᠭ ᠲᠤᠬᠠᠢ ᠳ᠋ᠤᠨᠢ ᠬᠥᠳᠡᠯᠦᠩᠭᠦᠢ᠎ᠪᠡᠷ ᠬᠢᠨᠠᠨ ᠬᠡᠮᠵᠢᠬᠦ᠎ᠶᠢ ᠪᠡᠶᠡᠯᠡᠭᠦᠯᠦᠨ᠎ᠡ ᠃ ᠰᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠎ᠶᠢ ᠲᠦᠷᠭᠡᠳᠬᠡᠵᠦ᠂ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ ᠬᠢᠭᠡᠳ ᠤᠰᠤᠨ ᠠᠰᠢᠭ᠍ᠯᠠᠯᠲᠠ᠎ᠶᠢᠨ ᠬᠢᠨᠠᠨ ᠬᠡᠮᠵᠢᠯᠲᠡ᠎ᠶᠢᠨ ᠮᠡᠳᠡᠷᠡᠬᠦᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃
ᠲᠣᠭᠠᠨ᠎ᠤ ᠤᠬᠠᠭᠠᠨ᠎ᠤ ᠳᠠᠭᠤᠷᠢᠶᠠᠮᠠᠯ ᠶᠠᠪᠤᠴᠠ ᠪᠠ ᠹᠢᠽᠢᠺ᠎ᠦᠨ ᠶᠠᠪᠤᠴᠠ᠎ᠶᠢᠨ 《 ᠳᠡᠭᠡᠳᠦ ᠬᠡᠮᠵᠢᠶᠡᠨ᠎ᠦ ᠦᠨᠡᠨ᠎ᠢ ᠪᠠᠲᠤᠯᠠᠬᠤ 》᠎ᠶᠢ ᠪᠡᠶᠡᠯᠡᠭᠦᠯᠬᠦ᠎ᠶᠢ ᠪᠠᠲᠤᠯᠠᠬᠤ ᠬᠡᠷᠡᠭᠲᠡᠢ
ᠲᠣᠭᠠᠨ᠎ᠤ ᠤᠬᠠᠭᠠᠨ᠎ᠤ ᠵᠠᠭᠪᠤᠷ ᠪᠣᠯ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠨᠠᠷᠢᠯᠢᠭ᠋ ᠣᠨᠣᠴᠠᠲᠠᠢ᠎ᠪᠠᠷ ᠲᠤᠰᠬᠠᠭᠳᠠᠬᠤ᠂ ᠬᠡᠢᠰᠪᠦᠷᠢ ᠪᠠ ᠪᠣᠳᠠᠲᠠᠢ᠎ᠶᠢ ᠬᠠᠷᠢᠯᠴᠠᠨ ᠰᠣᠯᠢᠯᠴᠠᠬᠤ᠂ 《 ᠳᠥᠷᠪᠡ᠎ᠶᠢ ᠤᠷᠢᠳᠴᠢᠯᠠᠬᠤ 》 ᠴᠢᠳᠠᠮᠵᠢ᠎ᠶᠢ ᠪᠡᠶᠡᠯᠡᠭᠦᠯᠬᠦ᠎ᠶᠢᠨ ᠵᠠᠩᠭᠢᠯᠠᠭ᠎ᠠ ᠪᠣᠯᠣᠨ᠎ᠠ᠃ ᠣᠲᠣ᠌᠎ᠶᠢᠨ ᠪᠠᠢᠭ᠎ᠠ ᠤᠰᠤᠨ ᠠᠰᠢᠭ᠍ᠯᠠᠯᠲᠠ᠎ᠶᠢᠨ ᠵᠠᠭᠪᠤᠷ᠎ᠤᠨ ᠰᠠᠭᠤᠷᠢᠨ ᠳᠡᠭᠡᠷ᠎ᠡ ᠪᠣᠭᠣᠮᠲᠠ ᠰᠢᠪᠲᠤᠯᠬᠤ᠎ᠶᠢ ᠭᠦᠨᠵᠡᠭᠡᠢᠷᠡᠭᠦᠯᠵᠦ᠂ ᠲᠥᠪᠯᠡᠷᠡᠭᠦᠯᠦᠨ ᠬᠡᠷᠡᠭᠯᠡᠵᠦ᠂ ᠲᠣᠭᠠᠨ᠎ᠤ ᠤᠬᠠᠭᠠᠨ᠎ᠤ ᠳᠠᠭᠤᠷᠢᠶᠠᠬᠤ ᠶᠠᠪᠤᠴᠠ ᠪᠠ ᠹᠢᠽᠢᠺ᠎ᠦᠨ ᠶᠠᠪᠤᠴᠠ᠎ᠶᠢᠨ 《 ᠳᠡᠭᠡᠳᠦ ᠬᠡᠮᠵᠢᠶᠡᠨ᠎ᠦ ᠦᠨᠡᠨ᠎ᠢ ᠪᠠᠲᠤᠯᠠᠬᠤ 》᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠨ᠎ᠠ᠃
ᠨᠢᠭᠡ᠎ᠳᠦ᠂ ᠵᠠᠭᠪᠤᠷ ᠪᠠᠶ᠋ᠢᠭᠤᠯᠬᠤ ᠭᠣᠣᠯᠳᠠᠯᠭ᠎ᠠ᠎ᠶᠢ ᠲᠤᠪᠤᠢ᠍ᠢᠯᠭᠠᠨᠠ᠃ ᠤᠰᠤᠨ ᠠᠰᠢᠭ᠍ᠯᠠᠯᠲᠠ᠎ᠶᠢᠨ ᠠᠵᠢᠯ ᠨᠢ ᠦᠶᠡᠷ᠎ᠢ ᠰᠡᠷᠭᠡᠢᠯᠡᠬᠦ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠠᠮᠤ ᠪᠤᠳᠠᠭᠠᠨ᠎ᠤ ᠠᠮᠤᠷ ᠲᠦᠪᠰᠢᠨ᠂ ᠠᠮᠢ ᠠᠬᠤᠢ᠎ᠶᠢᠨ ᠠᠮᠤᠷ ᠲᠦᠪᠰᠢᠨ᠎ᠳᠦ ᠬᠣᠯᠪᠣᠭᠳᠠᠵᠤ᠂ ᠵᠠᠭᠪᠤᠷ᠎ᠤᠨ ᠪᠣᠳᠣᠯᠲᠠ᠎ᠶᠢᠨ ᠪᠠᠷᠠᠭᠠᠯᠬᠢᠯᠠᠯᠳᠤ ᠴᠢᠨᠠᠷ᠂ ᠨᠠᠷᠢᠯᠢᠭ᠋ ᠣᠨᠣᠴᠠᠲᠠᠢ ᠴᠢᠨᠠᠷ᠎ᠤᠨ ᠱᠠᠭᠠᠷᠳᠠᠯᠭ᠎ᠠ ᠲᠤᠢᠯ᠎ᠤᠨ ᠥᠨᠳᠥᠷ ᠪᠠᠢᠳᠠᠭ᠃ ᠡᠷᠬᠡᠪᠰᠢ ᠵᠢᠮ᠎ᠡ ᠶᠣᠰᠣ᠌᠎ᠶᠢ ᠢᠯᠡᠷᠡᠭᠦᠯᠬᠦ ᠪᠠ ᠵᠢᠮ᠎ᠡ ᠶᠣᠰᠣ᠌᠎ᠶᠢ ᠡᠵᠡᠮᠰᠢᠬᠦ᠎ᠳᠦ ᠰᠠᠭᠤᠷᠢᠯᠠᠭᠰᠠᠨ ᠵᠢᠮ᠎ᠡ ᠶᠣᠰᠣ᠌᠎ᠶᠢᠨ ᠵᠠᠭᠪᠤᠷ᠂ ᠲᠣᠭᠠᠨ᠎ᠤ ᠪᠦᠷᠢᠳᠬᠡᠯ ᠪᠠ ᠲᠣᠭ᠎ᠠ ᠪᠠᠷᠢᠮᠲᠠ᠎ᠶᠢ ᠠᠭᠤᠳᠠᠯᠬᠤ᠎ᠳᠤ ᠰᠠᠭᠤᠷᠢᠯᠠᠭᠰᠠᠨ ᠪᠦᠷᠢᠳᠬᠡᠯ᠎ᠦᠨ ᠵᠠᠭᠪᠤᠷ᠂ ᠵᠢᠴᠢ ᠬᠣᠶᠠᠷ ᠵᠦᠢᠯ᠎ᠦᠨ ᠵᠠᠭᠪᠤᠷ᠎ᠤᠨ ᠬᠠᠷᠢᠯᠴᠠᠨ ᠰᠢᠭᠢᠳᠦᠨ ᠣᠷᠣᠵᠤ᠂ ᠰᠢᠰᠲᠧᠮ᠎ᠲᠠᠢ ᠠᠭᠤᠰᠤᠯᠴᠠᠭᠰᠠᠨ ᠬᠣᠯᠢᠮᠠᠭ ᠵᠠᠭᠪᠤᠷ᠎ᠢ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠶᠢᠨ ᠭᠣᠣᠯᠳᠠᠯᠭ᠎ᠠ ᠪᠣᠯᠭᠠᠵᠤ᠂ ᠬᠡᠷᠡᠭ ᠪᠣᠳᠠᠰ᠎ᠤᠨ ᠬᠥᠭᠵᠢᠯᠲᠡ᠎ᠶᠢᠨ ᠵᠢᠮ᠎ᠡ ᠶᠣᠰᠣ᠌᠎ᠶᠢ ᠨᠡᠩ ᠰᠠᠢᠲᠤᠷ ᠢᠯᠡᠷᠡᠭᠦᠯᠵᠦ᠂ ᠪᠣᠳᠠᠲᠤ ᠠᠬᠤᠢ᠎ᠶᠢ ᠵᠡᠷᠭᠡ᠎ᠪᠡᠷ ᠲᠤᠰᠬᠠᠵᠤ᠂ ᠲᠡᠦᠬᠡ᠎ᠶᠢ ᠳᠠᠬᠢᠨ ᠳᠠᠪᠲᠠᠨ ᠤᠷᠪᠠᠭᠤᠯᠵᠤ᠂ ᠢᠷᠡᠭᠡᠳᠦᠢ᠎ᠶᠢ ᠲᠥᠰᠥᠭᠡᠯᠡᠵᠦ ᠤᠯᠠᠷᠢᠭᠤᠯᠬᠤ ᠬᠡᠷᠡᠭᠲᠡᠢ᠃
ᠬᠣᠶᠠᠷ᠎ᠲᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠪᠣᠯᠣᠨ ᠲᠣᠭᠠᠨ᠎ᠤ ᠤᠬᠠᠭᠠᠨ᠎ᠤ ᠵᠠᠭᠪᠤᠷ᠎ᠤᠨ ᠬᠣᠯᠪᠣᠯᠳᠤᠨ ᠬᠥᠳᠡᠯᠦᠯᠴᠡᠬᠦ᠎ᠶᠢ ᠴᠢᠩᠭᠠᠳᠬᠠᠨ᠎ᠠ᠃ ᠠᠳᠠᠯᠢ ᠪᠤᠰᠤ ᠣᠷᠣᠨ ᠪᠦᠰᠡ᠎ᠶᠢᠨ ᠠᠭᠤᠷ ᠠᠮᠢᠰᠬᠤᠯ᠎ᠤᠨ ᠨᠥᠬᠥᠴᠡᠯ᠂ ᠳᠡᠪᠢᠰᠬᠡᠷ ᠨᠢᠭᠤᠷ᠎ᠤᠨ ᠨᠥᠬᠥᠴᠡᠯ ᠵᠢᠴᠢ ᠢᠨᠵᠧᠨᠧᠷᠢᠩ᠎ᠦᠨ ᠰᠢᠨᠵᠢ ᠪᠠᠢᠳᠠᠯ᠎ᠢ ᠦᠨᠳᠦᠰᠦᠯᠡᠵᠦ᠂ 《 ᠠᠭᠠᠷ ᠣᠭᠲᠠᠷᠭᠤᠢ ᠭᠠᠵᠠᠷ ᠤᠰᠤ ᠢᠨᠵᠧᠨᠧᠷᠢᠩ 》᠎ᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠵᠦ ᠮᠡᠳᠡᠷᠡᠬᠦ ᠰᠢᠰᠲᠧᠮ᠎ᠦᠨ ᠴᠤᠭᠯᠠᠭᠤᠯᠤᠭᠰᠠᠨ ᠲᠣᠭ᠎ᠠ ᠪᠠᠷᠢᠮᠲᠠ ᠵᠢᠴᠢ ᠬᠢᠵᠠᠭᠠᠷᠯᠠᠬᠤ ᠨᠥᠬᠥᠴᠡᠯ᠂ ᠲᠣᠬᠢᠷᠠᠭᠤᠯᠬᠤ ᠳᠦᠷᠢᠮ᠂ ᠲᠡᠦᠬᠡ᠎ᠶᠢᠨ ᠠᠬᠤᠢ ᠪᠠᠢᠳᠠᠯ ᠵᠡᠷᠭᠡ ᠤᠰᠤᠨ ᠠᠰᠢᠭ᠍ᠯᠠᠯᠲᠠ᠎ᠶᠢᠨ ᠲᠤᠰᠬᠠᠢ ᠮᠡᠷᠭᠡᠵᠢᠯ᠎ᠦᠨ ᠮᠡᠳᠡᠯᠭᠡ᠎ᠶᠢ ᠭᠦᠢᠴᠡᠳ ᠠᠰᠢᠭ᠍ᠯᠠᠨ᠂ ᠵᠠᠭᠪᠤᠷ᠎ᠢᠶᠠᠷ ᠪᠤᠳᠤᠬᠤ ᠵᠠᠭᠠᠭ ᠬᠢᠵᠠᠭᠠᠷ᠎ᠤᠨ ᠨᠥᠬᠥᠴᠡᠯ᠎ᠢ ᠴᠠᠭ ᠲᠤᠬᠠᠢ ᠳ᠋ᠤᠨᠢ ᠵᠠᠰᠠᠵᠤ᠂ ᠵᠠᠭᠪᠤᠷ᠎ᠢᠶᠠᠷ ᠪᠤᠳᠤᠬᠤ ᠹᠢᠽᠢᠺ᠎ᠦᠨ ᠪᠣᠯᠵᠣᠯᠲᠤ ᠲᠣᠭ᠎ᠠ᠎ᠶᠢ ᠰᠦᠯᠵᠢᠶᠡᠨ ᠳᠡᠭᠡᠷ᠎ᠡ ᠬᠥᠳᠡᠯᠦᠩᠭᠦᠢ᠎ᠪᠡᠷ ᠲᠣᠭᠲᠠᠭᠠᠵᠤ᠂ ᠵᠠᠭᠪᠤᠷ᠎ᠤᠨ ᠰᠢᠰᠲᠧᠮ᠎ᠦᠨ ᠠᠯᠳᠠᠰᠢ᠎ᠶᠢ ᠪᠠᠭᠤᠷᠠᠭᠤᠯᠤᠨ᠂ ᠵᠠᠭᠪᠤᠷ᠎ᠤᠨ ᠳᠠᠭᠤᠷᠢᠶᠠᠯ᠎ᠤᠨ ᠣᠨᠣᠪᠴᠢ᠎ᠶᠢᠨ ᠬᠡᠮᠵᠢᠶ᠎ᠡ᠎ᠶᠢ ᠳᠡᠭᠡᠭᠰᠢᠯᠡᠭᠦᠯᠦᠨ᠎ᠡ᠃
ᠭᠤᠷᠪᠠ᠎ᠳᠤ᠂ ᠵᠠᠭᠪᠤᠷ᠎ᠢ ᠰᠤᠳᠤᠯᠤᠨ ᠨᠡᠭᠡᠭᠡᠬᠦ᠎ᠶᠢ ᠴᠢᠩᠭᠠᠳᠬᠠᠨ᠎ᠠ᠃ 《 ᠥᠨᠳᠥᠷ ᠠᠳᠠᠯᠢᠰᠢᠯᠢ ᠪᠠᠲᠤᠯᠠᠬᠤ 》 ᠱᠠᠭᠠᠷᠳᠠᠯᠭ᠎ᠠ᠎ᠶᠢ ᠡᠵᠡᠮᠳᠡᠨ᠂ ᠤᠰᠤᠨ ᠠᠰᠢᠭ᠍ᠯᠠᠯᠲᠠ᠎ᠶᠢᠨ ᠵᠢᠮ᠎ᠡ ᠶᠣᠰᠣ᠌᠎ᠶᠢᠨ ᠵᠠᠭᠪᠤᠷ᠎ᠤᠨ ᠬᠡᠷᠡᠭᠯᠡᠯᠲᠡ ᠪᠠ ᠰᠤᠳᠤᠯᠭᠠᠨ᠎ᠢ ᠭᠦᠨᠵᠡᠭᠡᠢᠷᠡᠭᠦᠯᠵᠦ᠂ ᠨᠡᠢᠯᠡᠮᠡᠯ ᠳᠠᠭᠠᠭᠤᠯᠢ ᠣᠲᠣ᠌᠂ ᠷᠠᠳᠠᠷ ᠵᠡᠷᠭᠡ ᠣᠯᠠᠨ ᠡᠬᠢᠲᠦ ᠲᠣᠭ᠎ᠠ ᠪᠠᠷᠢᠮᠲᠠ᠎ᠶᠢᠨ 《 ᠡᠭᠦᠯᠡ ︱ ᠪᠣᠷᠣᠭᠠᠨ 》᠎ᠤ ᠪᠣᠷᠣᠭᠠᠨ᠎ᠢ ᠤᠷᠢᠳᠴᠢᠯᠠᠨ ᠮᠡᠳᠡᠭᠡᠯᠡᠬᠦ ᠵᠠᠭᠪᠤᠷ᠎ᠢ ᠲᠦᠷᠭᠡᠳᠬᠡᠨ ᠠᠬᠢᠭᠤᠯᠵᠤ᠂ ᠲᠠᠷᠬᠠᠮᠠᠯ ᠬᠡᠯᠪᠡᠷᠢ᠎ᠶᠢᠨ ᠤᠰᠤᠨ ᠵᠦᠢ᠎ᠶᠢᠨ ᠵᠠᠭᠪᠤᠷ᠎ᠢ ᠪᠠᠢᠭᠤᠯᠤᠨ᠂ ᠦᠶᠡᠷ᠎ᠦᠨ ᠤᠰᠤᠨ᠎ᠤ ᠤᠯᠠᠷᠢᠨ ᠬᠤᠪᠢᠰᠬᠤ ᠤᠰᠤᠨ᠎ᠤ ᠬᠥᠳᠡᠯᠭᠡᠬᠦ ᠬᠦᠴᠦᠨ᠎ᠦ ᠤᠬᠠᠭᠠᠨ᠎ᠤ ᠵᠠᠭᠪᠤᠷ᠂ ᠮᠥᠰᠥ ᠤᠰᠤᠨ᠎ᠤ ᠬᠥᠳᠡᠯᠭᠡᠬᠦ ᠬᠦᠴᠦᠨ᠎ᠦ ᠤᠬᠠᠭᠠᠨ᠎ᠤ ᠵᠠᠭᠪᠤᠷ᠂ ᠬᠥᠷᠥᠰᠥ ᠰᠢᠷᠣᠢ᠎ᠶᠢᠨ ᠢᠳᠡᠭᠳᠡᠯ᠎ᠦᠨ ᠵᠠᠭᠪᠤᠷ᠂ ᠡᠯᠡᠰᠦ ᠰᠢᠪᠠᠷ᠎ᠤᠨ ᠬᠥᠳᠡᠯᠭᠡᠬᠦ ᠬᠦᠴᠦᠨ᠎ᠦ ᠤᠬᠠᠭᠠᠨ᠎ᠤ ᠵᠠᠭᠪᠤᠷ᠂ ᠪᠣᠬᠢᠷᠲᠤᠯ ᠪᠣᠳᠠᠰ᠎ᠢ ᠲᠠᠷᠬᠠᠭᠠᠨ ᠰᠢᠯᠵᠢᠭᠦᠯᠬᠦ ᠵᠠᠭᠪᠤᠷ ᠵᠡᠷᠭᠡ᠎ᠶᠢ ᠪᠦᠷᠢᠨᠰᠢᠭᠦᠯᠦᠨ᠎ᠡ᠃ ᠵᠠᠭᠪᠤᠷ᠎ᠢ ᠰᠢᠯᠭᠠᠨ ᠠᠪᠬᠤ ᠪᠠ ᠦᠨᠡᠯᠡᠬᠦ ᠰᠢᠰᠲᠧᠮᠵᠢ᠎ᠶᠢ ᠲᠣᠭᠲᠠᠭᠠᠵᠤ᠂ ᠲᠡᠦᠬᠡ ᠪᠠ ᠲᠤᠬᠠᠢ᠎ᠶᠢᠨ ᠴᠠᠭ᠎ᠤᠨ ᠨᠡᠢᠲᠡᠯᠢᠭ ᠲᠣᠭ᠎ᠠ ᠪᠠᠷᠢᠮᠲᠠ᠎ᠳᠤ ᠰᠠᠭᠤᠷᠢᠯᠠᠨ᠂ ᠵᠠᠭᠪᠤᠷ᠎ᠤᠨ ᠴᠢᠳᠠᠮᠵᠢ᠎ᠶᠢ ᠰᠢᠯᠭᠠᠨ ᠪᠠᠲᠤᠯᠠᠬᠤ᠎ᠶᠢ ᠴᠢᠩᠭᠠᠳᠬᠠᠵᠤ᠂ ᠵᠠᠭᠪᠤᠷ᠎ᠤᠨ ᠦᠷ᠎ᠡ ᠳ᠋ᠦᠩ᠎ᠦᠨ ᠣᠨᠣᠪᠴᠢᠲᠤ ᠴᠢᠨᠠᠷ᠎ᠢ ᠦᠨᠡᠯᠡᠨ ᠵᠢᠱ᠌ᠢᠨ᠎ᠡ᠃
ᠳᠥᠷᠪᠡ᠎ᠳᠦ᠂ 《 ᠵᠥᠪ ᠴᠢᠭᠯᠡᠯ ︱ ᠰᠥᠷᠭᠡᠦ ᠴᠢᠭᠯᠡᠯ ︱ ᠵᠥᠪ ᠴᠢᠭᠯᠡᠯ 》᠎ᠤᠨ ᠤᠯᠠᠷᠢᠭᠤᠯᠬᠤ ᠴᠢᠳᠠᠪᠬᠢ᠎ᠶᠢ ᠴᠢᠩᠭᠠᠳᠬᠠᠨ᠎ᠠ᠃ ᠠᠳᠠᠯᠢ ᠪᠤᠰᠤ ᠦᠵᠡᠭᠳᠡᠯᠳᠦ ᠴᠢᠭᠯᠡᠭᠦᠯᠦᠨ ᠵᠠᠳᠠᠯᠤᠨ ᠪᠤᠳᠤᠵᠤ ᠦᠵᠡᠪᠡᠯ᠂ 《 ᠵᠥᠪ ᠴᠢᠭᠯᠡᠯ 》 ᠵᠢᠡᠷ ᠰᠠᠪᠠ ᠭᠠᠵᠠᠷ᠎ᠤᠨ ᠤᠰᠤᠨ ᠤᠷᠤᠰᠬᠠᠯ᠎ᠤᠨ ᠤᠯᠠᠷᠢᠨ ᠬᠤᠪᠢᠰᠬᠤ ᠶᠠᠪᠤᠴᠠ᠎ᠶᠢ ᠤᠯᠠᠷᠢᠭᠤᠯᠤᠨ ᠲᠣᠭᠯᠠᠨ᠎ᠠ ; ᠲᠤᠬᠠᠢᠯᠠᠭᠰᠠᠨ ᠠᠵᠢᠯ᠎ᠤᠨ ᠰᠢᠢᠳᠪᠦᠷᠢᠲᠦ ᠪᠣᠳᠣᠯᠭ᠎ᠠ᠎ᠶᠢᠨ ᠬᠠᠷᠠᠯᠲᠠ᠎ᠶᠢ ᠲᠣᠭᠲᠠᠭᠠᠬᠤ ᠵᠢᠴᠢ ᠢᠨᠵᠧᠨᠧᠷᠢᠩ᠎ᠦᠨ ᠠᠮᠤᠷ ᠲᠦᠪᠰᠢᠨ᠎ᠦ ᠬᠡᠷᠡᠭᠯᠡᠯᠲᠡ᠎ᠶᠢ ᠬᠢᠵᠠᠭᠠᠷᠯᠠᠬᠤ ᠨᠥᠬᠥᠴᠡᠯ᠎ᠢ ᠲᠣᠭᠲᠠᠭᠠᠬᠤ᠎ᠪᠠᠷ ᠳᠠᠮᠵᠢᠭᠤᠯᠤᠨ ᠢᠨᠵᠧᠨᠧᠷᠢᠩ᠎ᠦᠨ ᠲᠣᠬᠢᠷᠠᠭᠤᠯᠤᠯᠲᠠ᠎ᠶᠢᠨ ᠲᠥᠰᠥᠯ᠎ᠢ 《 ᠰᠥᠷᠭᠡᠦ ᠴᠢᠭᠯᠡᠯ᠎ᠢᠶᠡᠷ 》 ᠤᠯᠠᠷᠢᠭᠤᠯᠤᠨ ᠭᠠᠷᠭᠠᠵᠤ᠂ ᠣᠯᠠᠨ ᠲᠥᠰᠥᠯ᠎ᠢ ᠬᠠᠷᠢᠴᠠᠭᠤᠯᠤᠨ ᠰᠣᠩᠭᠣᠬᠤ᠎ᠶᠢ ᠪᠡᠶᠡᠯᠡᠭᠦᠯᠦᠨ᠎ᠡ ; ᠬᠢᠯᠢ᠎ᠶᠢᠨ ᠵᠠᠭᠠᠭ᠎ᠤᠨ ᠨᠥᠬᠥᠴᠡᠯ᠎ᠢ ᠬᠠᠩᠭᠠᠭᠰᠠᠨ ᠪᠠᠢᠳᠠᠯ ᠳᠣᠣᠷ᠎ᠠ ᠬᠠᠮᠤᠭ᠎ᠤᠨ ᠰᠢᠨ᠎ᠡ ᠬᠤᠪᠢᠷᠠᠯᠲᠠ᠎ᠶᠢᠨ ᠡᠯᠧᠮᠧᠨ᠋ᠲ᠎ᠢ ᠪᠣᠳᠣᠯᠬᠢᠯᠠᠨ ᠳᠠᠬᠢᠨᠲᠠ 《 ᠵᠥᠪ ᠴᠢᠭᠯᠡᠯ 》᠎ᠢᠶᠡᠷ ᠤᠯᠠᠷᠢᠭᠤᠯᠵᠤ᠂ ᠢᠷᠡᠭᠡᠳᠦᠢ᠎ᠶᠢᠨ᠂ ᠰᠢᠨᠵᠢᠯᠡᠬᠦ ᠤᠬᠠᠭᠠᠨᠴᠢ᠂ ᠨᠠᠷᠢᠯᠢᠭ᠋ ᠣᠨᠣᠴᠠᠲᠠᠢ᠂ ᠠᠮᠤᠷ ᠲᠦᠪᠰᠢᠨ᠎ᠦ ᠰᠢᠢᠳᠪᠦᠷᠢᠲᠦ ᠪᠣᠳᠣᠯᠭ᠎ᠠ᠎ᠶᠢᠨ ᠳᠡᠮᠵᠢᠯᠭᠡ ᠬᠠᠩᠭᠠᠨ᠎ᠠ᠃
ᠦᠷᠭᠦᠯᠵᠢᠯᠡᠨ ᠬᠤᠪᠢᠷᠠᠵᠤ ᠪᠠᠢᠭ᠎ᠠ ᠭᠣᠣᠯ ᠮᠥᠷᠡᠨ ᠨᠠᠭᠤᠷ ᠴᠥᠭᠥᠷᠥᠮ᠎ᠦᠨ ᠤᠰᠤᠨ ᠵᠦᠢ᠎ᠶᠢᠨ ᠪᠠᠢᠳᠠᠯ᠂ ᠰᠠᠪᠠ ᠭᠠᠵᠠᠷ᠎ᠤᠨ ᠳᠡᠪᠢᠰᠬᠡᠷ ᠲᠠᠯ᠎ᠠ᠎ᠶᠢᠨ ᠨᠥᠬᠥᠴᠡᠯ᠂ ᠢᠨᠵᠧᠨᠧᠷᠢᠩ᠎ᠦᠨ ᠠᠵᠢᠯᠯᠠᠭᠠᠨ᠎ᠤ ᠰᠢᠨᠵᠢ ᠪᠠᠢᠳᠠᠯ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠂ ᠲᠣᠭᠠᠴᠢᠯᠠᠭᠰᠠᠨ ᠢᠬᠡᠷ᠎ᠡ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠪᠠᠢᠭᠤᠯᠤᠯᠲᠠ᠎ᠶᠢ ᠡᠷᠬᠡᠪᠰᠢ ᠬᠡᠷᠡᠭᠯᠡᠭᠡᠨ᠎ᠦ ᠳᠤᠮᠳᠠ ᠲᠡᠭᠦᠯᠳᠡᠷᠵᠢᠭᠦᠯᠵᠦ᠂ ᠪᠣᠳᠠᠲᠤ ᠠᠵᠢᠯ᠎ᠤᠨ ᠳᠤᠮᠳᠠ ᠲᠡᠰ ᠳᠡᠪᠰᠢᠭᠦᠯᠵᠦ᠂ ᠰᠢᠨ᠎ᠡ ᠪᠠᠢᠳᠠᠯ ᠳᠣᠣᠷᠠᠬᠢ ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠬᠠᠮᠢᠶᠠᠷᠤᠯᠲᠠ᠎ᠶᠢᠨ ᠬᠡᠷᠡᠭᠴᠡᠭᠡ᠎ᠳᠦ ᠳᠠᠰᠤᠷᠠᠯᠳᠠ ᠦᠭᠡᠢ ᠵᠣᠬᠢᠴᠠᠬᠤ᠎ᠶᠢᠨ ᠬᠠᠮᠲᠤ ᠬᠠᠩᠭᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃