ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶᠠᠨ᠎ᠤ ᠥᠭᠦᠯᠡᠯ ᠄ ᠬᠠᠷᠠᠯᠲᠠ᠎ᠪᠠᠨ ᠣᠨᠢᠯᠠᠨ ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ 《 1571 》 ᠠᠵᠢᠯ᠎ᠤᠨ ᠪᠠᠢᠷᠢᠯᠠᠭᠤᠯᠤᠯᠲᠠ ᠶᠣᠰᠣᠭᠠᠷ ᠪᠥᠬᠥ ᠲᠠᠯ᠎ᠠ᠎ᠪᠠᠷ ᠬᠦᠴᠦᠯᠡᠰᠦᠭᠡᠢ
ᠨᠡᠶ᠋ᠢᠲᠡᠯᠡᠭᠰᠡᠨ ᠴᠠᠭ᠄ 2026-01-17

      《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠤᠳᠠᠯ ᠦᠭᠡᠢ ᠰᠡᠬᠦᠯ ᠬᠤᠷᠢᠶᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠤᠳᠠᠯ ᠦᠭᠡᠢ ᠡᠬᠢᠯᠡᠬᠦ ᠭᠡᠵᠦ ᠪᠠᠢᠨ᠎ᠠ᠃ ᠵᠠᠩᠭᠢᠯᠠᠭ᠎ᠠ᠎ᠶᠢᠨ ᠴᠠᠭ ᠮᠥᠴᠡ᠂ ᠴᠢᠬᠤᠯᠠ ᠵᠠᠩᠭᠢᠯᠠᠭ᠎ᠠ᠎ᠶᠢᠨ ᠴᠡᠭ᠎ᠲᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠣᠳᠣᠬᠠᠨ᠎ᠤ ᠠᠵᠤ ᠠᠬᠤᠢ᠎ᠶᠢᠨ ᠪᠠᠢᠳᠠᠯ᠎ᠢ ᠵᠠᠳᠠᠯᠵᠤ᠂ 2026 ᠣᠨ᠎ᠤ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢᠷᠢᠯᠠᠭᠤᠯᠵᠤ᠂ ᠬᠣᠢᠰᠢᠳᠠ᠎ᠶᠢᠨ ᠬᠡᠰᠡᠭ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠲᠣᠳᠣᠷᠬᠠᠢ ᠳᠤᠷᠠᠳᠴᠠᠢ᠃
      ᠡᠨᠡ ᠪᠣᠯ ᠣᠳᠣᠬᠠᠨ᠎ᠳᠤ ᠰᠠᠭᠤᠷᠢᠯᠠᠵᠤ᠂ ᠠᠯᠤᠰ ᠬᠡᠳᠦ᠎ᠶᠢ ᠲᠥᠯᠥᠪᠵᠢᠭᠦᠯᠦᠭᠰᠡᠨ ᠴᠢᠬᠤᠯᠠ ᠬᠤᠷᠠᠯ ᠪᠣᠯᠣᠨ᠎ᠠ᠂ ᠨᠡᠩ ᠴᠤ᠌ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠲᠡᠮᠡᠴᠡᠯ᠎ᠦᠨ ᠵᠣᠷᠢᠭ᠋᠎ᠢ ᠬᠥᠪᠴᠢᠯᠡᠭᠰᠡᠨ ᠪᠦᠬᠦ ᠲᠠᠯ᠎ᠠ᠎ᠶᠢᠨ ᠳᠠᠢᠴᠢᠯᠠᠯᠲᠠ ᠪᠠᠢᠵᠤ᠂ ᠥᠪᠥᠷ ᠮᠣᠩᠭᠣᠯ᠎ᠤᠨ ᠰᠢᠨ᠎ᠡ ᠠᠶᠠᠯᠠᠯ᠎ᠤᠨ ᠴᠢᠭᠯᠡᠯ᠎ᠢ ᠡᠵᠡᠮᠳᠡᠨ᠂ ᠰᠢᠨ᠎ᠡ ᠪᠠᠢᠷᠢᠯᠠᠭᠤᠯᠤᠯᠲᠠ ᠬᠢᠵᠡᠢ᠃ ᠬᠤᠷᠠᠯ ᠨᠢ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠷᠠᠯᠲᠠ ᠡᠭᠦᠷᠭᠡ᠎ᠪᠡᠨ ᠲᠣᠳᠣᠷᠬᠠᠢᠯᠠᠨ᠂ ᠬᠥᠭᠵᠢᠯᠲᠡ᠎ᠶᠢᠨ ᠢᠲᠡᠭᠡᠯ ᠵᠣᠷᠢᠭ᠋᠎ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭ᠍ᠲᠠᠷᠠᠭᠤᠯᠵᠤ᠂ ᠣᠷᠣᠨ ᠳᠠᠶᠠᠭᠠᠷ᠎ᠢᠶᠡᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠡᠷᠡᠮᠡᠬᠡᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠰᠠᠢᠨ ᠰᠠᠢᠬᠠᠨ ᠡᠬᠢᠯᠡᠯᠲᠡ᠎ᠶᠢ ᠪᠡᠶᠡᠯᠡᠭᠦᠯᠬᠦ᠎ᠳᠦ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
      ᠴᠠᠭ ᠬᠤᠭᠤᠴᠠᠭᠠᠨ᠎ᠳᠤ ᠤᠷᠤᠭᠰᠢᠯᠠᠯᠲᠠ᠎ᠶᠢᠨ ᠬᠦᠴᠦᠨ ᠠᠭᠤᠯᠤᠭᠳᠠᠵᠤ᠂ ᠡᠷᠡᠮᠡᠬᠡᠢᠯᠡᠨ ᠲᠡᠮᠡᠴᠡᠵᠦ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠨ᠎ᠡ᠃ 2025 ᠣᠨ ᠪᠣᠯ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠮᠥᠨ ᠂ ᠨᠢᠭᠡ ᠵᠢᠯ᠎ᠦᠨ ᠲᠤᠷᠰᠢ ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠥᠭᠵᠢᠯᠲᠡ᠎ᠶᠢᠨ ᠳᠤᠮᠳᠠ ᠲᠣᠭᠲᠠᠯ ᠬᠦᠴᠦᠨ᠎ᠢᠶᠡᠨ ᠪᠠᠲᠤᠯᠠᠵᠤ᠂ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠠᠮᠢᠵᠢᠷᠠᠯ᠎ᠤᠨ ᠬᠦᠴᠦᠨ᠎ᠢᠶᠠᠨ ᠬᠥᠭᠵᠢᠭᠡᠵᠦ᠂ ᠠᠷᠠᠳ᠎ᠤᠨ ᠠᠮᠢᠳᠤᠷᠠᠯ᠎ᠢᠶᠠᠷ ᠭᠣᠣᠯ ᠪᠣᠯᠭᠠᠬᠤ ᠳᠤᠮᠳᠠ ᠬᠠᠯᠠᠭᠤᠨ ᠳᠤᠯᠠᠭᠠᠨ᠎ᠢᠶᠠᠨ ᠢᠯᠡᠷᠡᠭᠦᠯᠵᠦ᠂ ᠪᠦᠯᠬᠦᠮᠳᠡᠨ ᠲᠡᠮᠡᠴᠡᠬᠦ ᠳᠤᠮᠳᠠ ᠬᠦᠴᠦᠨ ᠴᠢᠳᠠᠯ᠎ᠢᠶᠠᠨ ᠪᠠᠳᠠᠷᠠᠭᠤᠯᠵᠤ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠢᠭᠡᠮ᠂ ᠠᠮᠢ ᠠᠬᠤᠢ᠎ᠶᠢᠨ ᠪᠣᠯᠪᠠᠰᠤᠨ ᠪᠣᠯᠣᠨ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠢᠯ᠎ᠦᠨ ᠦᠢᠯᠡᠰ᠎ᠦᠨ ᠲᠣᠭᠲᠠᠭᠤᠨ᠎ᠢᠶᠠᠷ ᠬᠥᠭᠵᠢᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠲᠡᠭᠦᠰ ᠠᠮᠵᠢᠯᠲᠠ᠎ᠲᠠᠢ ᠥᠨᠳᠥᠷᠯᠡᠬᠦ ᠪᠣᠯᠣᠯ᠎ᠠ᠃ ᠡᠳᠡᠭᠡᠷ ᠠᠮᠵᠢᠯᠲᠠ᠎ᠶᠢ ᠣᠯᠣᠭᠰᠠᠨ᠎ᠤ ᠦᠨᠳᠦᠰᠦ ᠨᠢ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠤᠢ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠂ ᠣᠷᠣᠨ ᠳᠠᠶᠠᠭᠠᠷ᠎ᠤᠨ ᠬᠠᠮᠲᠤ᠎ᠪᠠᠷ ᠲᠡᠮᠡᠴᠡᠭᠰᠡᠨ᠎ᠦ ᠦᠷ᠎ᠡ ᠳ᠋ᠦᠩ ᠪᠣᠯᠣᠨ᠎ᠠ᠃
      ᠢᠷᠡᠬᠦ ᠵᠢᠯ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠂ ᠠᠵᠤ ᠠᠬᠤᠢ᠎ᠶᠢᠨ ᠠᠵᠢᠯ᠎ᠢ ᠬᠡᠷᠬᠢᠨ ᠬᠢᠬᠦ ᠪᠤᠢ ? ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ 《1571》 ᠠᠵᠢᠯ᠎ᠤᠨ ᠪᠠᠢᠷᠢᠯᠠᠭᠤᠯᠤᠯᠲᠠ᠎ᠶᠢ ᠢᠯᠡ ᠲᠣᠳᠣᠷᠬᠠᠢ ᠳᠤᠷᠠᠳᠴᠤ᠂ ᠨᠢᠭᠡᠳᠦᠭᠡᠷ 《1》  ᠨᠢ ᠳᠠᠷᠤᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠲᠦᠭᠡᠨ ᠪᠠᠢᠭᠤᠯᠬᠤ ᠶᠠᠪᠤᠳᠠᠯ ᠪᠣᠯᠣᠨ᠎ᠠ; 《5》 ᠭᠡᠳᠡᠭ ᠨᠢ ᠳᠠᠷᠤᠢ ᠶᠡᠷᠦᠩᠬᠡᠢ ᠱᠦᠵᠢ ᠰᠢ᠎ᠶᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠣᠯᠭᠣᠭᠰᠠᠨ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ 》᠂ 《 ᠨᠢᠭᠡ ᠪᠡᠬᠢᠯᠡᠯᠲᠡ 》᠎ᠶᠢ ᠪᠦᠲᠦᠭᠡᠨ ᠪᠠᠶ᠋ᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠬᠤ᠎ᠶᠢ ᠵᠢᠭᠠᠵᠤ ᠪᠠᠢᠨ᠎ᠠ; 《7》 ᠭᠡᠳᠡᠭ ᠨᠢ ᠳᠠᠷᠤᠢ ᠥᠪᠥᠷ ᠮᠣᠩᠭᠣᠯ᠎ᠤᠨ ᠣᠨᠴᠠᠯᠢᠭ᠋ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠦᠲᠦᠭᠡᠨ ᠪᠠᠶ᠋ᠢᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠬᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠬᠤ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠮᠵᠢ᠎ᠶᠢ ᠪᠠᠶ᠋ᠢᠭᠤᠯᠬᠤ᠂ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠯ᠎ᠢ ᠰᠢᠯᠢᠳᠡᠭᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠵᠡᠷᠭᠡ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ᠎ᠢ ᠬᠡᠯᠡᠵᠦ ᠪᠣᠢ; ᠬᠣᠶᠠᠳᠤᠭᠠᠷ 《 1 》 ᠨᠢ ᠳᠠᠷᠤᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠶᠠᠪᠤᠳᠠᠯ ᠪᠣᠯᠣᠨ᠎ᠠ᠃ ᠡᠨᠡ ᠪᠣᠯ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠭᠦᠨᠵᠡᠭᠡᠢ ᠣᠢᠯᠠᠭᠠᠵᠤ᠂ ᠥᠪᠥᠷ ᠮᠣᠩᠭᠣᠯ᠎ᠤᠨ ᠬᠥᠭᠵᠢᠯᠲᠡ᠎ᠶᠢᠨ ᠱᠠᠲᠤᠴᠢ ᠴᠢᠨᠠᠷᠲᠠᠢ ᠣᠨᠴᠠᠯᠢᠭ᠋᠎ᠢ ᠭᠦᠨᠵᠡᠭᠡᠢ ᠵᠠᠳᠠᠯᠵᠤ ᠭᠠᠷᠭᠠᠭᠰᠠᠨ ᠴᠢᠬᠤᠯᠠ ᠪᠠᠢᠷᠢᠯᠠᠭᠤᠯᠤᠯᠲᠠ ᠪᠣᠯᠣᠨ᠎ᠠ᠂ ᠯᠠᠪᠲᠠᠢ ᠵᠢᠱ᠌ᠢᠯᠲᠡ᠎ᠶᠢ ᠬᠥᠲᠥᠯᠥᠨ ᠵᠢᠯᠤᠭᠣᠳᠴᠤ᠂ ᠢᠲᠡᠭᠡᠯ ᠵᠣᠷᠢᠭ᠋᠎ᠢ ᠬᠥᠪᠴᠢᠯᠡᠵᠦ᠂ ᠣᠷᠣᠨ ᠳᠠᠶᠠᠭᠠᠷ᠎ᠤᠨ ᠴᠢᠭᠯᠡᠯ᠎ᠢ ᠨᠡᠩ ᠪᠠᠲᠤ ᠴᠢᠩᠭ᠎ᠠ᠂ ᠠᠷᠭ᠎ᠠ ᠵᠠᠮ᠎ᠢ ᠨᠡᠩ ᠲᠣᠳᠣᠷᠬᠠᠢ᠂ ᠠᠵᠢᠯᠯᠠᠭ᠎ᠠ᠎ᠶᠢ ᠨᠡᠩ ᠯᠠᠪᠳᠠᠭᠤᠨ ᠪᠠᠲᠤᠲᠠᠢ ᠪᠣᠯᠭᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠢᠳᠠᠯ᠎ᠢ ᠴᠢᠷᠮᠠᠢᠨ ᠨᠡᠭᠡᠭᠡᠵᠦ ᠴᠢᠳᠠᠨ᠎ᠠ᠃
      ᠠᠵᠤ ᠠᠬᠤᠢ᠎ᠶᠢᠨ ᠠᠵᠢᠯ ᠡᠭᠡᠳᠡᠷᠡᠭᠡᠨ ᠪᠤᠳᠤᠯᠢᠶᠠᠨ ᠲᠠᠢ ᠪᠠᠢᠳᠠᠭ ᠴᠤᠵᠠᠩᠭᠢᠯᠠᠭ᠎ᠠ ᠪᠣᠯᠣᠨ ᠬᠥᠲᠥᠯᠪᠦᠷᠢ᠎ᠶᠢ ᠠᠳᠬᠤᠪᠠᠯ ᠠᠯᠢᠪᠠ ᠪᠦᠬᠦᠨ ᠨᠢ ᠳᠠᠭᠠᠯᠳᠤᠨ ᠰᠢᠢᠳᠪᠦᠷᠢᠯᠡᠭᠳᠡᠵᠦ᠂ ᠭᠣᠣᠯᠳᠠᠯᠭ᠎ᠠ᠎ᠪᠠᠷ ᠪᠦᠬᠦ ᠲᠠᠯ᠎ᠠ᠎ᠶᠢ ᠲᠠᠢ᠍ᠢᠴᠢᠯᠠᠵᠦ ᠴᠢᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠪᠣᠯ ᠳᠠᠷᠤᠢ ᠪᠦᠬᠦ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ᠎ᠶᠢᠨ ᠶᠡᠷᠦᠩᠬᠡᠢ ᠭᠠᠷᠳᠠᠴᠠ ᠮᠥᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠭᠦᠨᠵᠡᠭᠡᠢ ᠰᠤᠷᠤᠯᠴᠠᠨ ᠣᠢᠯᠠᠭᠠᠨ ᠡᠵᠡᠮᠰᠢᠵᠦ᠂ ᠲᠡᠭᠦᠨ᠎ᠳᠦ ᠠᠭᠤᠯᠤᠭᠳᠠᠵᠤ ᠪᠠᠢᠭ᠎ᠠ ᠴᠢᠬᠤᠯᠠ ᠶᠡᠬᠡ ᠤᠯᠤᠰ ᠲᠦᠷᠦ᠎ᠶᠢᠨ ᠠᠴᠢ ᠬᠣᠯᠪᠣᠭᠳᠠᠯ᠂ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠷᠭ᠎ᠠ ᠬᠡᠮᠵᠢᠶ᠎ᠡ᠎ᠶᠢ ᠤᠯᠠᠮ ᠴᠢᠨᠠᠭᠰᠢᠳᠠ ᠨᠠᠷᠢᠯᠢᠭ᠍ᠵᠢᠭᠤᠯᠵᠤ᠂ ᠨᠠᠢᠳᠠᠪᠤᠷᠢᠵᠢᠭᠤᠯᠤᠯᠲᠠ᠎ᠶᠢ ᠴᠢᠩᠭᠠᠳᠬᠠᠬᠤ ᠬᠡᠷᠡᠭᠲᠡᠢ; ᠢᠳᠡᠪᠬᠢᠲᠡᠢ ᠵᠢᠳᠬᠦᠯ ᠴᠢᠷᠮᠠᠢᠯᠭ᠎ᠠ ᠭᠠᠷᠭᠠᠵᠤ᠂ ᠴᠢᠬᠤᠯᠠ ᠡᠭᠦᠷᠭᠡ᠎ᠶᠢ ᠵᠣᠷᠢᠭ᠍ᠲᠠᠢ ᠡᠭᠦᠷᠭᠡᠯᠡᠵᠦ᠂ ᠴᠥᠬᠥᠷᠡᠰᠢ ᠦᠭᠡᠢ ᠤᠷᠤᠭ᠍ᠰᠢ ᠠᠬᠢᠭᠤᠯᠵᠤ᠂ ᠨᠢᠭᠡ ᠨᠢᠭᠡ ᠶᠠᠪᠤᠳᠠᠯ᠎ᠢᠶᠠᠷ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ᠎ᠪᠠᠷ᠎ᠢᠶᠠᠨ 《 ᠬᠣᠶᠠᠷ ᠵᠢᠭ᠍ᠰᠠᠭᠠᠯᠲᠠ᠎ᠳᠤ ᠲᠣᠭᠲᠠᠪᠤᠷᠢᠵᠢᠬᠤ》᠎ᠶᠢ ᠪᠡᠶᠡᠯᠡᠭᠦᠯᠬᠦ᠎ᠶᠢ ᠪᠠᠲᠤᠯᠠᠵᠤ᠂ 《 ᠬᠣᠶᠠᠷ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ》 ᠶ᠋ᠢ ᠪᠠᠲᠤᠯᠠᠬᠤ ᠬᠡᠷᠡᠭᠲᠡᠢ᠃
      ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠲᠤᠯᠠᠭ᠎ᠠ ᠨᠢ ᠲᠡᠳᠦᠢ ᠬᠦᠴᠦᠲᠡᠢ ᠪᠣᠯᠣᠨ᠎ᠠ᠃ 《 ᠬᠣᠶᠠᠷ᠎ᠢ ᠲᠣᠭᠲᠠᠭᠠᠬᠤ 》᠎ᠶᠢ ᠡᠷᠡᠰ ᠬᠦᠷᠢᠶᠡᠯᠡᠵᠦ᠂ 《 ᠬᠣᠶᠠᠷ᠎ᠢ ᠬᠠᠮᠠᠭᠠᠯᠠᠬᠤ 》᠎ᠶᠢ ᠡᠷᠡᠰ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠠᠵᠢᠯ᠎ᠤᠨ ᠪᠦᠳᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠂ 《 ᠠᠮᠵᠢᠯᠲᠠ ᠠᠨᠤ ᠭᠠᠭᠴᠠ ᠮᠢᠨᠤ ᠭᠠᠪᠢᠶ᠎ᠠ ᠪᠤᠰᠤ 》 ᠭᠡᠬᠦ ᠣᠶᠣᠨ ᠰᠠᠨᠠᠭᠠᠨ᠎ᠤ ᠠᠬᠤᠢ ᠪᠠᠢᠳᠠᠯ ᠪᠣᠯᠣᠨ 《 ᠠᠮᠵᠢᠯᠲᠠ ᠭᠠᠷᠭᠠᠬᠤ᠎ᠳᠤ ᠯᠠᠪᠲᠠᠢ ᠪᠢ ᠪᠠᠢᠨ᠎ᠠ 》 ᠭᠡᠬᠦ ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠬᠠᠵᠤ᠂ ᠦᠢᠯᠡᠳᠦᠯᠭᠡ ᠪᠠ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠠᠵᠢᠯ᠎ᠤᠨ ᠠᠮᠵᠢᠯᠲᠠ ᠪᠦᠲᠦᠮᠵᠢ᠎ᠶᠢ ᠴᠢᠷᠮᠠᠢᠨ ᠡᠭᠦᠳᠬᠦ ᠬᠡᠷᠡᠭᠲᠡᠢ᠃ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠢᠮᠠᠭᠲᠠ ᠪᠠᠷᠢᠮᠲᠠᠯᠠᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠯᠠᠪᠳᠠᠭᠤᠨ ᠪᠠᠲᠤᠲᠠᠢ ᠪᠤᠢ ᠪᠣᠯᠭᠠᠵᠤ᠂ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ᠃
      ᠬᠡᠩᠭᠡᠷᠭᠡ ᠳᠡᠯᠡᠳᠦᠨ ᠠᠶᠠᠨ᠎ᠳᠠᠭᠠᠨ ᠮᠣᠷᠳᠠᠵᠤ ᠴᠠᠭ ᠮᠥᠴᠡ ᠲᠠᠢ ᠤᠷᠤᠯᠳᠤᠨ᠎ᠠ᠂ ᠳᠠᠷᠪᠠᠭᠤᠯ ᠬᠡᠢᠰᠬᠡᠨ ᠣᠩᠭᠣᠴᠠ ᠣᠩᠭᠣᠴᠠ ᠤᠷᠤᠯᠳᠤᠬᠤᠶ᠎ᠠ ᠴᠢᠷᠮᠠᠢᠨ ᠰᠡᠯᠢᠭᠴᠢᠳ ᠬᠣᠰᠢᠭᠤᠷᠠᠮᠤᠢ᠃ ᠰᠢᠨ᠎ᠡ ᠭᠠᠷᠤᠭ᠎ᠠ᠎ᠳᠤ ᠰᠢᠨ᠎ᠡ ᠠᠶᠠᠨ᠎ᠢᠶᠠᠨ ᠪᠠᠷᠠᠯᠠᠬᠤᠶ᠎ᠠ᠂ ᠬᠠᠷᠢᠭᠤᠴᠠᠯᠭ᠎ᠠ ᠲᠠᠢᠱᠠᠨ ᠠᠭᠤᠯᠠᠨ᠎ᠠᠴᠠ ᠬᠦᠨᠳᠦ ᠪᠠᠢᠵᠤ᠂ ᠡᠭᠦᠷᠭᠡ ᠬᠠᠷᠢᠭᠤᠴᠠᠯᠭ᠎ᠠ ᠬᠥᠮᠥᠰ᠎ᠢ ᠵᠣᠷᠢᠭ᠍ᠵᠢᠭᠤᠯᠤᠨ ᠤᠷᠤᠭᠰᠢᠯᠠᠭᠤᠯᠤᠨ᠎ᠠ᠃ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠦᠨᠡᠨ ᠪᠣᠳᠠᠲᠠᠢ ᠠᠵᠢᠯᠯᠠᠵᠤ᠂ ᠡᠷᠴᠢ ᠵᠣᠷᠢᠭ᠋᠎ᠢᠶᠠᠨ ᠬᠥᠪᠴᠢᠯᠡᠵᠦ᠂ ᠡᠷᠡᠮᠡᠬᠡᠢᠯᠡᠨ ᠤᠷᠤᠭᠰᠢᠯᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠡᠯ᠎ᠡ ᠵᠦᠢᠯ᠎ᠦᠨ ᠠᠵᠢᠯ᠎ᠢᠶᠠᠨ ᠴᠢᠨᠠᠷ ᠰᠠᠢᠲᠠᠢ ᠰᠠᠢᠲᠤᠷ ᠬᠢᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠰᠠᠢᠲᠤᠷ ᠡᠬᠢᠯᠡᠭᠦᠯᠵᠦ᠂ ᠠᠩᠬᠠᠨ᠎ᠤ ᠠᠯᠬᠤᠭ᠎ᠠ᠎ᠶᠢ ᠯᠠᠪᠳᠠᠭᠤᠨ ᠪᠠᠲᠤᠲᠠᠢ ᠠᠯᠬᠤᠪᠠᠯ᠂ ᠥᠪᠥᠷ ᠮᠣᠩᠭᠣᠯ ᠬᠥᠭᠵᠢᠨ ᠤᠷᠤᠭᠰᠢᠯᠠᠵᠤ ᠬᠣᠯᠠ ᠠᠶᠠᠯᠠᠵᠤ ᠴᠢᠳᠠᠬᠤ ᠨᠢ ᠯᠠᠪᠲᠠᠢ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            