ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠠᠴᠠ ᠡᠮᠦᠨᠡᠬᠢ ᠬᠠᠮᠲᠤ᠎ᠶᠢᠨ ᠰᠤᠷᠤᠯᠴᠠᠯᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2026-01-17

       1 ᠰᠠᠷ᠎ᠠ᠎ᠶᠢᠨ 8᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠠᠴᠠ ᠡᠮᠦᠨᠡᠬᠢ ᠬᠠᠮᠲᠤ᠎ᠶᠢᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠭ᠎ᠠ ᠥᠷᠨᠢᠭᠦᠯᠵᠦ᠂ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ᠎ᠳᠤ ᠦᠵᠡᠯ ᠰᠠᠨᠠᠭᠠᠨ᠎ᠤ ᠰᠠᠭᠤᠷᠢ᠎ᠶᠢ ᠪᠠᠲᠤᠳᠬᠠᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠰᠤᠷᠤᠯᠴᠠᠯᠭ᠎ᠠ᠎ᠳᠤ ᠣᠷᠣᠯᠴᠠᠭᠰᠠᠨ ᠪᠥᠭᠡᠳ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃
       ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ᠎ᠤᠨ ᠰᠠᠬᠢᠯᠭ᠎ᠠ ᠪᠠᠲᠤ᠎ᠶᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ᠎ᠶᠢᠨ ᠲᠤᠢᠯ᠎ᠤᠨ ᠴᠢᠬᠤᠯᠠ ᠴᠢᠨᠠᠷ ᠪᠣᠯᠣᠨ ᠪᠣᠳᠠᠲᠤ ᠲᠤᠯᠭᠠᠮ᠎ᠠ ᠴᠢᠨᠠᠷ᠎ᠢ ᠭᠦᠨᠵᠡᠭᠡᠢ ᠲᠠᠨᠢᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠪᠣᠯᠭᠠᠬᠤ᠎ᠶᠢ ᠠᠬᠢᠭᠤᠯᠵᠤ᠂ ᠰᠢᠯᠢᠳᠡᠭ ᠰᠤᠷᠲᠠᠯ᠎ᠢᠶᠠᠷ ᠰᠡᠳᠬᠢᠯ᠎ᠢᠶᠡᠨ ᠨᠢᠭᠡᠳᠬᠡᠨ ᠬᠦᠴᠦᠨ᠎ᠢᠶᠡᠨ ᠨᠢᠭ᠍ᠲᠠᠷᠠᠭᠤᠯᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ᠎ᠠᠴᠠ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ ᠬᠢᠬᠦ ᠲᠤᠬᠠᠢ ᠲᠠᠨᠢᠯᠲᠠ᠎ᠶᠢ ᠳᠡᠭᠡᠭᠰᠢᠯᠡᠭᠦᠯᠬᠦ᠎ᠳᠦ ᠨᠡᠩ ᠶᠡᠬᠡ ᠬᠦᠴᠦ ᠣᠷᠣᠭᠤᠯᠵᠤ᠂ ᠥᠪᠡᠷ ᠪᠡᠶ᠎ᠡ᠎ᠶᠢᠨ ᠬᠤᠪᠢᠰᠬᠠᠯ ᠬᠢᠬᠦ᠎ᠶᠢ ᠪᠠᠷᠢᠮᠲᠠᠯᠠᠬᠤ ᠰᠡᠳᠬᠢᠴᠡ ᠠᠷᠭ᠎ᠠ ᠬᠡᠮᠵᠢᠶ᠎ᠡ᠎ᠶᠢ ᠨᠡᠩ ᠪᠣᠳᠠᠲᠠᠢ ᠨᠡᠩ ᠭᠦᠨᠵᠡᠭᠡᠢ ᠠᠳᠬᠤᠵᠤ᠂ ᠥᠪᠡᠷ ᠪᠡᠶ᠎ᠡ᠎ᠶᠢᠨ ᠬᠤᠪᠢᠰᠬᠠᠯ᠎ᠢ ᠲᠤᠢᠯᠪᠤᠷᠢᠲᠠᠢ ᠬᠢᠬᠦ ᠵᠣᠷᠢᠭ᠋ ᠰᠠᠨᠠᠭ᠎ᠠ᠎ᠪᠠᠷ ᠰᠤᠷᠲᠠᠯ᠎ᠤᠨ ᠪᠠᠢᠭᠤᠯᠤᠯᠲᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠎ᠶᠢ ᠠᠬᠢᠭᠤᠯᠬᠤ ᠬᠡᠷᠡᠭᠲᠡᠢ᠃ ᠦᠨᠳᠦᠰᠦ ᠰᠠᠭᠤᠷᠢ᠎ᠶᠢ ᠪᠠᠲᠤᠳᠬᠠᠨ ᠦᠨᠳᠦᠰᠦ ᠰᠠᠭᠤᠷᠢ᠎ᠶᠢ ᠪᠣᠢᠵᠢᠭᠤᠯᠬᠤ᠂ ᠨᠠᠮᠴᠢ ᠴᠢᠨᠠᠷ᠎ᠢ ᠴᠢᠩᠭᠠᠳᠬᠠᠬᠤ ᠳᠡᠭᠡᠷ᠎ᠡ ᠨᠡᠩ ᠶᠡᠬᠡ ᠬᠦᠴᠦ ᠣᠷᠣᠭᠤᠯᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠰᠠᠨᠠᠭ᠎ᠠ᠎ᠪᠡᠨ ᠨᠢᠭ᠍ᠲᠠᠷᠠᠭᠤᠯᠤᠨ ᠰᠦᠭ ᠰᠦᠨᠡᠰᠦ᠎ᠪᠠᠨ ᠱᠤᠭᠤᠬᠤ᠎ᠶᠢ ᠴᠥᠬᠥᠷᠡᠰᠢ ᠦᠭᠡᠢ ᠪᠠᠷᠢᠮᠲᠠᠯᠠᠵᠤ᠂ 《 ᠨᠢᠭᠡᠳᠦᠭᠡᠷ ᠵᠥᠪᠯᠡᠬᠦ ᠰᠡᠳᠦᠪ 》᠎ᠤᠨ ᠳᠦᠷᠢᠮ᠎ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠢᠶᠠᠷ ᠤᠭ ᠰᠠᠨᠠᠭ᠎ᠠ᠎ᠪᠠᠨ ᠬᠥᠮᠥᠵᠢᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠬᠥᠲᠥᠯᠥᠨ ᠳᠠᠭᠠᠭᠤᠯᠵᠤ᠂ ᠰᠤᠷᠲᠠᠯ᠎ᠤᠨ ᠪᠠᠢᠭᠤᠯᠤᠯᠲᠠ᠎ᠶᠢᠨ ᠰᠠᠭᠤᠷᠢ᠎ᠶᠢ ᠪᠠᠲᠤᠳᠬᠠᠬᠤ ᠬᠡᠷᠡᠭᠲᠡᠢ᠃ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠵᠤ ᠤᠷᠳᠤ ᠬᠤᠭᠤᠴᠠᠭᠠᠨ᠎ᠳᠤ ᠪᠦᠲᠦᠮᠵᠢᠲᠡᠢ ᠪᠠᠢᠯᠭᠠᠬᠤ᠎ᠶᠢ ᠠᠬᠢᠭᠤᠯᠬᠤ᠎ᠳᠤ ᠨᠡᠩ ᠶᠡᠬᠡ ᠬᠦᠴᠦ ᠣᠷᠣᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠤᠷᠲᠠᠯ᠎ᠤᠨ ᠪᠠᠢᠭᠤᠯᠤᠯᠲᠠ᠎ᠶᠢᠨ ᠬᠠᠲᠠᠭᠤ ᠱᠠᠭᠠᠷᠳᠠᠯᠭ᠎ᠠ᠎ᠶᠢ ᠦᠨᠡᠨ ᠬᠦ᠌ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠳᠦᠷᠢᠮ᠎ᠢ ᠪᠠᠲᠤ ᠰᠠᠬᠢᠬᠤ ᠬᠡᠷᠡᠭᠲᠡᠢ᠃ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠎ᠶᠢ ᠬᠠᠷᠢᠯᠴᠠᠨ ᠨᠡᠪᠲᠡᠷᠡᠯᠴᠡᠭᠦᠯᠬᠦ᠎ᠶᠢ ᠪᠠᠷᠢᠮᠲᠠᠯᠠᠬᠤ ᠲᠠᠯ᠎ᠠ᠎ᠪᠠᠷ ᠨᠡᠩ ᠶᠡᠬᠡ ᠬᠦᠴᠦ ᠣᠷᠣᠭᠤᠯᠵᠤ᠂ ᠬᠡᠷᠡᠭ᠎ᠢᠶᠡᠷ ᠲᠣᠯᠢ ᠪᠣᠯᠭᠠᠬᠤ᠂ ᠬᠡᠷᠡᠭ᠎ᠢᠶᠡᠷ ᠥᠭᠡᠷᠡᠴᠢᠯᠡᠯᠲᠡ᠎ᠶᠢ ᠠᠬᠢᠭᠤᠯᠬᠤ᠂ ᠬᠡᠷᠡᠭ᠎ᠢᠶᠡᠷ ᠵᠠᠰᠠᠬᠤ᠎ᠶᠢ ᠠᠬᠢᠭᠤᠯᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠷᠢᠭᠤᠨ ᠴᠢᠬᠡᠴᠢ᠎ᠶᠢᠨ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠰᠢᠰᠲᠧᠮ᠎ᠢ ᠲᠡᠭᠦᠯᠳᠡᠷᠵᠢᠭᠦᠯᠦᠨ᠂ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠬᠠᠮᠲᠤ ᠳ᠋ᠤᠨᠢ ᠪᠠᠢᠴᠠᠭᠠᠵᠤ ᠬᠠᠮᠲᠤ ᠳ᠋ᠤᠨᠢ ᠵᠠᠰᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠢᠯᠵᠠᠷᠠᠯ᠎ᠤᠨ ᠡᠭᠦᠰᠴᠦ ᠥᠰᠬᠦ ᠬᠥᠷᠥᠰᠥ ᠰᠢᠷᠣᠢ ᠪᠠ ᠨᠥᠬᠥᠴᠡᠯ᠎ᠢ ᠡᠷᠡᠰ᠎ᠢᠶᠡᠷ ᠠᠷᠢᠯᠭᠠᠬᠤ ᠬᠡᠷᠡᠭᠲᠡᠢ᠃ ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠪᠠᠲᠤ ᠡᠭᠦᠷᠭᠡᠯᠡᠬᠦ᠎ᠳᠦ ᠨᠡᠩ ᠶᠡᠬᠡ ᠬᠦᠴᠦ ᠣᠷᠣᠭᠤᠯᠵᠤ᠂ ᠪᠠᠲᠤ ᠢᠲᠡᠭᠡᠬᠦ᠂ ᠪᠣᠳᠠᠲᠠᠢ᠎ᠶᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ᠂ ᠪᠡᠶ᠎ᠡ᠎ᠪᠡᠨ ᠪᠠᠷᠢᠬᠤ᠎ᠶᠢ ᠴᠢᠩᠭᠠᠳᠬᠠᠵᠤ᠂ ᠴᠢᠩᠭ᠎ᠠ ᠬᠠᠮᠢᠶᠠᠷᠴᠤ ᠴᠢᠩᠭ᠎ᠠ ᠵᠠᠰᠠᠬᠤ᠎ᠶᠢ ᠴᠢᠩᠭᠠᠳᠬᠠᠵᠤ᠂ ᠱᠠᠲᠤ ᠱᠠᠲᠤ᠎ᠪᠠᠷ ᠳᠠᠷᠤᠯᠲᠠ ᠥᠭᠴᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ᠎ᠶᠢᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠪᠣᠳᠠᠲᠠᠢ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
       ᠬᠤᠷᠠᠯ᠎ᠠᠴᠠ᠂ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ ᠤᠰᠤᠨ ᠠᠰᠢᠭ᠍ᠯᠠᠯᠲᠠ᠎ᠶᠢᠨ ᠠᠵᠢᠯ᠎ᠢ ᠭᠤᠢᠪᠢᠰᠢ ᠦᠭᠡᠢ ᠠᠬᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠰᠤᠷᠤᠯᠴᠠᠨ ᠨᠡᠪᠲᠡᠷᠡᠲᠡᠯ᠎ᠡ ᠣᠢᠯᠠᠭᠠᠵᠤ ᠪᠣᠳᠠᠲᠠᠢᠵᠢᠭᠤᠯᠤᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠶᠡᠬᠡ ᠲᠠᠯ᠎ᠠ᠎ᠶᠢᠨ ᠳᠤᠮᠳᠠ ᠤᠰᠤᠨ ᠠᠰᠢᠭ᠍ᠯᠠᠯᠲᠠ᠎ᠶᠢᠨ ᠪᠠᠢᠷᠢ ᠲᠣᠭᠲᠠᠭᠠᠯᠲᠠ᠎ᠶᠢ ᠤᠬᠠᠮᠰᠠᠷ᠎ᠠᠴᠠ᠎ᠪᠠᠨ ᠵᠥᠪ ᠣᠨᠣᠪᠴᠢᠲᠠᠶ ᠡᠷᠢᠨ ᠣᠯᠵᠤ᠂ ᠨᠠᠷᠢᠯᠢᠭ᠋ ᠣᠨᠣᠴᠠᠲᠠᠢ ᠱᠠᠭᠠᠷᠳᠠᠬᠤ ᠴᠡᠭ᠂ ᠠᠩᠬᠠᠷᠤᠯ᠎ᠤᠨ ᠴᠡᠭ᠂ ᠬᠦᠴᠦᠯᠡᠬᠦ ᠴᠡᠭ᠎ᠢ ᠣᠯᠵᠤ᠂ 2026 ᠣᠨ ᠪᠠ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠤᠰᠤᠨ ᠠᠰᠢᠭ᠍ᠯᠠᠯᠲᠠ᠎ᠶᠢᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠰᠢᠰᠲᠧᠮᠵᠢᠭᠦᠯᠦᠨ ᠲᠦᠯᠬᠢᠨ ᠠᠬᠢᠭᠤᠯᠵᠤ᠂ ᠰᠢᠰᠲᠧᠮᠲᠦ ᠴᠢᠨᠠᠷᠲᠠᠢ᠎ᠪᠠᠷ ᠳᠡᠭᠡᠭᠰᠢᠯᠡᠭᠦᠯᠵᠦ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠢ ᠪᠣᠯᠬᠤ᠎ᠶᠢ ᠦᠨᠡᠨ ᠬᠦ᠌ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            