ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤ᠎ᠶᠢ ᠵᠠᠰᠠᠵᠤ ᠠᠷᠠᠳ᠎ᠲᠤ ᠠᠰᠢᠭ᠋ ᠬᠦᠷᠲᠡᠭᠡᠭᠰᠡᠨ ᠥᠩᠭᠡᠲᠦ ᠦᠵᠡᠮᠵᠢ᠎ᠶᠢ ᠵᠢᠷᠤᠭᠯᠠᠵᠤ ᠤᠮᠠᠷᠠᠲᠤ ᠬᠢᠯᠢ᠎ᠶᠢ ᠤᠮᠳᠠᠯᠠᠭᠰᠠᠨ ᠢᠷᠠᠭᠤ ᠬᠠᠭᠤᠳᠠᠰᠤ᠎ᠶᠢ ᠪᠢᠴᠢᠭᠯᠡᠪᠡ ︱ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠴᠢᠨᠠᠷ ᠰᠠᠢᠲᠠᠢ ᠬᠥᠭᠵᠢᠯᠲᠡ᠎ᠶᠢᠨ ᠡᠷᠭᠢᠴᠡᠭᠦᠯᠦᠯ
ᠨᠡᠶ᠋ᠢᠲᠡᠯᠡᠭᠰᠡᠨ ᠴᠠᠭ᠄ 2026-01-20

      ᠤᠰᠤ᠎ᠪᠠᠷ ᠪᠢᠷ ᠪᠣᠯᠭᠠᠵᠤ᠂ ᠨᠡᠯᠦᠭᠡᠷ ᠠᠭᠤᠳᠠᠮ ᠤᠮᠠᠷᠠᠲᠤ ᠬᠢᠯᠢ᠎ᠳᠦ ᠠᠮᠤᠷ ᠲᠠᠢᠪᠤᠩ ᠪᠠᠢᠳᠠᠯ᠎ᠢ ᠵᠢᠷᠤᠭᠯᠠᠨ᠎ᠠ ; ᠨᠣᠭᠣᠭᠠᠨ ᠥᠩᠭᠡ᠎ᠪᠡᠷ ᠰᠠᠭᠤᠷᠢ ᠪᠣᠯᠭᠠᠵᠤ᠂ ᠲᠦᠮᠡᠨ ᠭᠠᠵᠠᠷ᠎ᠤᠨ ᠲᠠᠯ᠎ᠠ ᠨᠤᠲᠤᠭ᠎ᠲᠤ ᠤᠰᠤ ᠵᠠᠰᠠᠭᠰᠠᠨ ᠬᠠᠭᠤᠳᠠᠰᠤ᠎ᠶᠢ ᠪᠢᠴᠢᠭᠯᠡᠨ᠎ᠡ᠃ ᠡᠬᠡ ᠤᠯᠤᠰ᠎ᠤᠨ ᠤᠮᠠᠷᠠᠲᠤ ᠬᠢᠯᠢ᠎ᠶᠢᠨ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ᠂ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠠᠵᠢᠯᠲᠠᠳ᠎ᠤᠨ ᠪᠠᠲᠤ ᠰᠠᠬᠢᠯ ᠪᠠ ᠬᠠᠷᠢᠭᠤᠴᠠᠯᠭ᠎ᠠ᠎ᠶᠢ ᠪᠢᠴᠢᠭᠯᠡᠵᠦ᠂ ᠨᠡᠩ ᠴᠤ᠌ ᠤᠰᠤ᠎ᠪᠠᠷ ᠡᠨᠡ ᠬᠦ᠌ ᠦᠨᠳᠦᠰᠦᠲᠡᠨ᠎ᠦ ᠬᠢᠯᠢ ᠬᠢᠵᠠᠭᠠᠷ ᠣᠷᠣᠨ᠎ᠳᠤ ᠭᠦᠨ ᠵᠤᠵᠠᠭᠠᠨ ᠬᠠᠢᠷ᠎ᠠ ᠰᠡᠳᠬᠢᠯᠭᠡ ᠪᠠ ᠪᠡᠯᠡᠭ ᠬᠦᠷᠭᠡᠭᠰᠡᠨ᠎ᠢ ᠭᠡᠷᠡᠴᠢᠯᠡᠵᠦ ᠪᠠᠢᠨ᠎ᠠ᠃
      《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ᠎ᠵᠢᠨ᠎ᠫᠢᠩ᠎ᠦᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ ᠂ ᠰᠢᠰᠲᠧᠮ᠎ᠲᠠᠢ ᠵᠠᠰᠠᠬᠤ ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ᠎ᠪᠡᠷ ᠭᠣᠣᠯ ᠰᠢᠵᠢᠮ ᠪᠣᠯᠭᠠᠵᠤ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠤᠰᠤ ᠭᠠᠩ᠎ᠤᠨ ᠭᠠᠮᠰᠢᠭ᠋᠎ᠢ ᠰᠡᠷᠭᠡᠢᠯᠡᠬᠦ᠂ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠂ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠵᠤ ᠵᠠᠰᠠᠬᠤ ᠵᠡᠷᠭᠡ ᠬᠦᠷᠢᠶᠡᠨ᠎ᠳᠦ ᠠᠯᠢ ᠤᠯᠠᠨ ᠱᠠᠲᠤᠴᠢ ᠴᠢᠨᠠᠷᠲᠠᠢ ᠠᠬᠢᠴᠠ᠎ᠲᠠᠢ ᠪᠣᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠪᠠᠲᠤ ᠪᠡᠬᠢ ᠤᠰᠤᠨ ᠠᠰᠢᠭ᠍ᠯᠠᠯᠲᠠ᠎ᠶᠢᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃
      ᠬᠠᠯᠬᠠᠪᠴᠢ ᠪᠣᠰᠬᠠᠵᠤ ᠰᠡᠷᠭᠡᠢᠯᠡᠯᠲᠡ᠎ᠶᠢ ᠴᠢᠩᠭᠠᠳᠬᠠᠨ᠂ ᠤᠮᠠᠷᠠᠲᠤ ᠬᠢᠯᠢ᠎ᠶᠢᠨ ᠠᠮᠤᠷ ᠲᠦᠪᠰᠢᠨ᠎ᠢ ᠰᠠᠬᠢᠨ ᠬᠠᠮᠠᠭᠠᠯᠠᠨ᠎ᠠ
      ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠠᠭᠤᠷ ᠠᠮᠢᠰᠬᠤᠯ ᠨᠠᠷᠢᠨ ᠪᠤᠳᠤᠯᠢᠶᠠᠨᠲᠠᠢ᠂ ᠬᠠᠲᠤᠨ ᠭᠣᠣᠯ᠂ ᠯᠢᠶᠣᠤ ᠾᠧ ᠭᠣᠣᠯ ᠵᠡᠷᠭᠡ ᠶᠡᠬᠡ ᠭᠣᠣᠯ ᠮᠥᠷᠡᠨ ᠬᠢᠯᠢ ᠭᠡᠲᠦᠯᠦᠨ ᠥᠩᠭᠡᠷᠡᠵᠦ᠂ ᠤᠰᠤ ᠭᠠᠩ᠎ᠤᠨ ᠭᠠᠮᠰᠢᠭ᠋ ᠨᠢ ᠶᠡᠷᠦ᠎ᠡᠴᠡ ᠣᠷᠣᠰᠢᠨ ᠲᠣᠭᠲᠠᠨᠢᠬᠤ ᠪᠠ ᠬᠥᠭᠵᠢᠯᠲᠡ᠎ᠶᠢ ᠰᠦᠷᠳᠡᠭᠦᠯᠬᠦ ᠴᠢᠬᠤᠯᠠ ᠡᠯᠧᠮᠧᠨ᠋ᠲ ᠪᠣᠯᠣᠭᠰᠠᠭᠠᠷ ᠢᠷᠡᠵᠠᠢ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶᠢ ᠳᠡᠭᠡᠳᠦᠯᠡᠬᠦ᠎ᠶᠢ ᠪᠠᠷᠢᠮᠲᠠᠯᠠᠨ᠂ ᠦᠷᠭᠦᠯᠵᠢᠯᠡᠨ ᠳᠤᠲᠠᠭᠤᠳᠠᠯ᠎ᠢᠶᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠴᠢᠩᠭᠠᠳᠬᠠᠵᠤ᠂ ᠣᠯᠠᠨ ᠲᠠᠰ ᠳᠠᠪᠬᠤᠷᠭ᠎ᠠ᠎ᠶᠢᠨ᠂ ᠪᠣᠰᠣᠭ᠎ᠠ ᠴᠣᠭᠴᠠᠲᠤ ᠤᠰᠤ ᠭᠠᠩ᠎ᠤᠨ ᠭᠠᠮᠰᠢᠭ᠋᠎ᠢ ᠰᠡᠷᠭᠡᠢᠯᠡᠨ ᠬᠣᠷᠢᠭ᠍ᠯᠠᠬᠤ ᠰᠢᠰᠲᠧᠮᠵᠢ᠎ᠶᠢ ᠪᠠᠢᠭᠤᠯᠵᠤ ᠂ ᠭᠠᠮᠰᠢᠭ᠋᠎ᠢ ᠠᠷᠭᠠᠴᠠᠬᠤ ᠴᠢᠳᠠᠪᠤᠷᠢ᠎ᠶᠢ ᠪᠦᠬᠦᠯᠢ ᠴᠣᠭᠴᠠ᠎ᠪᠠᠷ ᠨᠢ ᠲᠡᠭᠡᠭᠰᠢᠯᠡᠬᠦᠯᠬᠦ᠎ᠶᠢ ᠪᠡᠶᠡᠯᠡᠭᠦᠯᠪᠡ᠃
      ᠢᠨᠵᠧᠨᠧᠷᠢᠩ᠎ᠦᠨ ᠰᠡᠷᠭᠡᠢᠯᠡᠯᠲᠡ᠎ᠶᠢᠨ ᠰᠢᠰᠲᠧᠮ᠎ᠢ ᠲᠠᠰᠤᠷᠠᠯᠲᠠ ᠦᠭᠡᠢ ᠪᠡᠬᠢᠵᠢᠭᠦᠯᠪᠡ᠃ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠭᠣᠣᠯ᠎ᠤᠨ ᠵᠠᠮ᠎ᠢ ᠵᠠᠰᠠᠬᠤ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠰᠢᠶᠣᠣ ᠪᠠᠢ ᠾᠧ ᠭᠣᠣᠯ᠎ᠤᠨ ᠦᠶᠡᠷ᠎ᠢ ᠲᠣᠭᠲᠠᠭᠠᠨ ᠬᠤᠷᠠᠭᠤᠯᠬᠤ ᠣᠷᠣᠨ᠎ᠤ ᠪᠠᠷᠢᠯᠭ᠎ᠠ ᠳᠠᠭᠤᠰᠴᠤ ᠰᠢᠯᠭᠠᠨ ᠬᠤᠷᠢᠶᠠᠵᠤ ᠳᠠᠭᠤᠰᠬᠠᠭᠠᠳ᠂ ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠪᠡᠬᠢ ᠪᠠᠢᠭᠤᠯᠵᠤ ᠥᠭᠪᠡ᠃ ᠬᠥᠨᠳᠡᠯᠡᠨ᠂ ᠪᠠᠲᠤ ᠪᠤᠯᠤᠩ᠂ ᠬᠠᠩᠭᠠᠯ ᠵᠡᠷᠭᠡ 49 ᠠᠶᠤᠯᠲᠠᠢ ᠤᠰᠤᠨ ᠴᠥᠭᠥᠷᠥᠮ᠎ᠦᠨ ᠠᠶᠤᠯ᠎ᠢ ᠠᠷᠢᠯᠭᠠᠨ ᠪᠡᠬᠢᠯᠡᠬᠦ ᠢᠨᠵᠧᠨᠧᠷᠢᠩ᠎ᠢ ᠪᠡᠶᠡᠯᠡᠭᠦᠯᠵᠦ᠂ ᠨᠢᠭᠡ ᠪᠦᠯᠦᠭ ᠬᠦᠨᠳᠦ ᠶᠡᠬᠡ ᠠᠮᠤᠷ ᠲᠦᠪᠰᠢᠨ᠎ᠦ ᠬᠡᠮ ᠰᠣᠭᠣᠭ᠎ᠢ ᠠᠷᠢᠯᠭᠠᠪᠠ᠃ 14 ᠵᠤᠷᠪᠤᠰ ᠭᠣᠣᠯ ᠰᠠᠯᠪᠤᠷᠢ ᠤᠷᠤᠰᠬᠠᠯ᠂ 117 ᠵᠤᠷᠪᠤᠰ ᠳᠤᠮᠳᠠ ᠵᠢᠵᠢᠭ ᠭᠣᠣᠯ ᠮᠥᠷᠡᠨ᠎ᠢ ᠵᠠᠰᠠᠬᠤ᠎ᠶᠢ ᠪᠡᠶᠡᠯᠡᠭᠦᠯᠵᠦ᠂ 2777 ᠺᠢᠯᠣᠮᠧᠲᠷ᠎ᠤᠨ ᠶᠡᠷᠦᠩᠬᠡᠢ ᠭᠣᠣᠯ᠎ᠤᠨ ᠤᠷᠳᠤ᠎ᠶᠢ ᠵᠠᠰᠠᠵᠤ᠂ ᠭᠣᠣᠯ᠎ᠤᠨ ᠵᠠᠮ᠎ᠤᠨ ᠦᠶᠡᠷ ᠵᠠᠯᠠᠬᠤ ᠴᠢᠳᠠᠪᠤᠷᠢ᠎ᠶᠢ ᠶᠡᠬᠡ ᠬᠡᠮᠵᠢᠶ᠎ᠡ᠎ᠪᠡᠷ ᠳᠡᠭᠡᠭᠰᠢᠯᠡᠭᠦᠯᠪᠡ᠃ ᠲᠠᠪᠤᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ 1~5 ᠲᠠᠰ᠎ᠤᠨ ᠭᠣᠣᠯ ᠮᠥᠷᠡᠨ᠎ᠦ ᠬᠠᠰᠢᠯᠭ᠎ᠠ᠎ᠶᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠶᠢ 80.13% ᠪᠣᠯᠲᠠᠯ᠎ᠠ ᠳᠡᠭᠡᠭᠰᠢᠯᠡᠭᠦᠯᠵᠦ᠂ ᠤᠰᠤᠨ ᠴᠥᠭᠥᠷᠥᠮ᠂ ᠬᠠᠰᠢᠯᠭ᠎ᠠ᠂ ᠤᠰᠤᠨ ᠬᠠᠭᠠᠯᠲᠠ᠂ ᠦᠶᠡᠷ᠎ᠢ ᠰᠠᠯᠭᠠᠬᠤ ᠣᠷᠣᠨ ᠵᠡᠷᠭᠡ᠎ᠶᠢ ᠨᠢᠭᠡ ᠴᠣᠭᠴᠠᠵᠢᠭᠤᠯᠤᠭᠰᠠᠨ ᠦᠶᠡᠷ᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠰᠢᠰᠲᠧᠮᠵᠢ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃
      ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ᠎ᠶᠢ ᠪᠦᠬᠦ ᠲᠠᠯ᠎ᠠ᠎ᠪᠠᠷ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤ᠎ᠶᠢ ᠬᠣᠯᠪᠣᠭᠰᠠᠨ ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠬᠦ᠎ᠶᠢᠨ ᠵᠢᠯᠣᠭᠣᠳᠤᠯᠭ᠎ᠠ ᠪᠠ ᠠᠭᠤᠯᠠᠨ ᠦᠶᠡᠷ᠎ᠦᠨ ᠭᠠᠮᠰᠢᠭ᠋᠎ᠢ ᠰᠡᠷᠭᠡᠢᠯᠡᠬᠦ ᠲᠠᠪᠴᠠᠩ᠎ᠢ ᠪᠠᠢᠭᠤᠯᠵᠤ᠂ ᠲᠠᠪᠴᠠᠩ᠎ᠤᠨ 《 ᠳᠥᠷᠪᠡ᠎ᠶᠢ ᠤᠷᠢᠳᠴᠢᠯᠠᠨ ᠮᠡᠳᠡᠭᠡᠯᠡᠬᠦ 》 ᠴᠢᠳᠠᠮᠵᠢ ᠪᠠ 《 ᠭᠤᠷᠪᠠ᠎ᠶᠢ ᠪᠤᠳᠤᠬᠤ 》 ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠷᠠᠭᠤᠯᠤᠨ᠂ ᠡᠯᠧᠺᠲᠷᠣᠨ ᠬᠦᠷᠢᠶ᠎ᠡ ᠬᠠᠰᠢᠶ᠎ᠠ᠎ᠶᠢᠨ ᠴᠢᠳᠠᠮᠵᠢ᠎ᠪᠠᠷ ᠳᠠᠮᠵᠢᠭᠤᠯᠤᠨ ᠨᠡᠢᠭᠡᠮ ᠨᠡᠶ᠋ᠢᠲᠡ᠎ᠳᠦ ᠬᠠᠨᠳᠤᠭᠤᠯᠤᠨ ᠴᠠᠭ ᠠᠭᠤᠷ᠎ᠤᠨ ᠲᠦᠭᠰᠢᠭᠦᠷᠢ᠎ᠶᠢᠨ ᠣᠬᠣᠷ ᠮᠡᠳᠡᠭᠡ᠎ᠪᠡᠷ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠨᠠᠷᠢᠯᠢᠭ᠋ ᠣᠨᠣᠴᠠᠲᠠᠢ᠎ᠪᠠᠷ ᠨᠡᠢᠲᠡᠯᠡᠵᠦ᠂ ᠲᠦᠭᠰᠢᠭᠦᠷᠢ᠎ᠶᠢ ᠡᠷᠲᠡ ᠰᠡᠷᠡᠮᠵᠢᠯᠡᠭᠦᠯᠬᠦ᠂ ᠡᠷᠲᠡ ᠰᠢᠢᠳᠪᠦᠷᠢᠯᠡᠬᠦ᠎ᠶᠢ ᠪᠡᠶᠡᠯᠡᠭᠦᠯᠵᠡᠢ᠃ ᠤᠷᠢᠳᠴᠢᠯᠠᠨ ᠪᠠᠢᠷᠢᠯᠠᠭᠤᠯᠵᠤ᠂ ᠬᠠᠲᠤᠨ ᠭᠣᠣᠯ᠎ᠤᠨ ᠬᠠᠯᠢᠶ᠎ᠠ ᠦᠶᠡᠷ᠎ᠢ ᠬᠢᠵᠠᠭᠠᠷᠯᠠᠨ ᠬᠠᠳᠠᠭᠠᠯᠠᠬᠤ᠎ᠶᠢ ᠵᠡᠷᠭᠡ᠎ᠪᠡᠷ ᠬᠡᠷᠡᠭᠵᠢᠭᠦᠯᠵᠦ᠂ ᠤᠯᠠᠭᠠᠨᠬᠠᠳᠠ᠎ᠶᠢᠨ ᠯᠤᠤᠬ᠎ᠠ᠎ᠶᠢᠨ ᠭᠣᠣᠯ᠎ᠤᠨ ᠰᠡᠲᠡᠷᠬᠡᠢ᠂  ᠬᠠᠷ᠎ᠠ ᠤᠰᠤ᠎ᠶᠢᠨ ᠣᠷᠣᠨ ᠪᠦᠰᠡ᠎ᠳᠤ ᠦᠶᠡᠷ᠎ᠦᠨ ᠤᠰᠤ᠎ᠶᠢ ᠰᠠᠭᠠᠲᠠᠭᠠᠭᠰᠠᠨ ᠵᠡᠷᠭᠡ ᠣᠯᠠᠨ ᠤᠳᠠᠭᠠᠨ᠎ᠤ ᠲᠦᠭᠰᠢᠭᠦᠷᠢᠲᠦ ᠪᠠᠢᠳᠠᠯ᠎ᠢ ᠥᠨᠳᠥᠷ ᠪᠦᠲᠦᠮᠵᠢᠲᠡᠶ᠎ᠪᠡᠷ ᠰᠢᠢᠳᠪᠦᠷᠢᠯᠡᠵᠦ᠂ ᠭᠠᠮᠰᠢᠭ᠋᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠨ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠠᠲᠤᠯᠠᠪᠠ᠃
      ᠤᠰᠤᠨ ᠠᠰᠢᠭ᠍ᠯᠠᠯᠲᠠ᠎ᠶᠢᠨ ᠲᠣᠣᠷ᠎ᠢ ᠪᠠᠢᠭᠤᠯᠵᠤ᠂ ᠪᠠᠢᠷᠢᠯᠠᠭᠤᠯᠤᠯᠲᠠ᠎ᠶᠢ ᠰᠢᠯᠢᠳᠡᠭᠵᠢᠭᠦᠯᠵᠦ᠂ ᠤᠰᠤ ᠬᠠᠩᠭᠠᠬᠤ ᠪᠠᠲᠤᠯᠠᠭ᠎ᠠ᠎ᠶᠢᠨ ᠰᠠᠭᠤᠷᠢ᠎ᠶᠢ ᠪᠡᠬᠢᠵᠢᠭᠦᠯᠪᠡ
      ᠥᠪᠥᠷ ᠮᠣᠩᠭᠣᠯ᠎ᠤᠨ ᠤᠰᠤᠨ᠎ᠤ ᠡᠬᠢ ᠪᠠᠶᠠᠯᠢᠭ᠋᠎ᠤᠨ ᠴᠠᠭ ᠬᠤᠭᠤᠴᠠᠭ᠎ᠠ ᠪᠠ ᠣᠷᠣᠨ ᠵᠠᠢ᠎ᠶᠢᠨ ᠲᠠᠷᠬᠠᠯᠲᠠ ᠲᠡᠭᠰᠢ ᠪᠤᠰᠤ ᠪᠠᠢᠵᠤ᠂ 《 ᠵᠡᠭᠦᠨ ᠨᠢ ᠣᠯᠠᠨ ᠪᠠᠷᠠᠭᠤᠨ ᠨᠢ ᠴᠥᠭᠡᠨ᠂ ᠡᠮᠦᠨ᠎ᠡ ᠨᠢ ᠣᠯᠠᠨ ᠤᠮᠠᠷ᠎ᠠ ᠨᠢ ᠴᠥᠭᠡᠨ 》 ᠪᠠᠢᠬᠤ ᠪᠠᠢᠷᠢᠰᠢᠯ ᠨᠢ ᠢᠮᠠᠭᠲᠠ ᠣᠷᠣᠨ ᠪᠦᠰᠡ᠎ᠶᠢᠨ ᠬᠥᠭᠵᠢᠯᠲᠡ᠎ᠶᠢ ᠬᠢᠵᠠᠭᠠᠷᠯᠠᠵᠤ ᠪᠠᠢᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠣᠳᠣᠬᠢᠴᠢᠯᠠᠭᠰᠠᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠬᠡ ᠤᠰᠤ ᠲᠠᠲᠠᠵᠤ ᠤᠰᠤ ᠲᠣᠬᠢᠷᠠᠭᠤᠯᠬᠤ ᠢᠨᠵᠧᠨᠧᠷᠢᠩ᠎ᠢᠶᠡᠷ ᠨᠢᠷᠤᠭᠤᠪᠴᠢ ᠪᠣᠯᠭᠠᠵᠤ᠂ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠪᠠ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠶᠠᠰᠤ ᠴᠢᠨᠠᠷ᠎ᠢ ᠳᠡᠭᠡᠭᠰᠢᠯᠡᠭᠦᠯᠬᠦ᠎ᠪᠡᠷ ᠭᠠᠷᠳᠠᠴᠠ ᠪᠣᠯᠭᠠᠨ᠂ ᠣᠯᠠᠨ ᠲᠠᠰ ᠳᠠᠪᠬᠤᠷᠭ᠎ᠠ᠎ᠶᠢᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠰᠢᠰᠲᠧᠮᠵᠢ᠎ᠶᠢ ᠪᠠᠢᠭᠤᠯᠵᠤ᠂ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠲᠣᠭᠲᠠᠭᠤᠨ ᠤᠰᠤᠨ᠎ᠤ ᠡᠬᠢ ᠪᠠᠶᠠᠯᠢᠭ᠋᠎ᠤᠨ ᠲᠤᠯᠭᠠᠭᠤᠷᠢᠯᠠᠯ ᠬᠠᠩᠭᠠᠵᠠᠢ᠃
      ᠤᠰᠤᠨ ᠠᠰᠢᠭ᠍ᠯᠠᠯᠲᠠ᠎ᠶᠢᠨ ᠲᠣᠣᠷ᠎ᠤᠨ ᠭᠣᠣᠯᠯᠠᠭ᠍ᠴᠢ ᠢᠨᠵᠧᠨᠧᠷᠢᠩ ᠴᠢᠬᠤᠯᠠ ᠶᠡᠬᠡ ᠠᠬᠢᠴᠠ᠎ᠲᠠᠢ ᠪᠣᠯᠪᠠ᠃ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ 》᠎ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ 12 ᠠᠢᠮᠠᠭ ᠬᠣᠲᠠ᠎ᠶᠢᠨ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠎ᠶᠢ ᠪᠦᠬᠦᠨ᠎ᠢ ᠳᠠᠷᠤᠮᠠᠯᠯᠠᠨ ᠲᠠᠷᠬᠠᠭᠠᠵᠤ᠂ 97 ᠬᠣᠰᠢᠭᠤ ᠰᠢᠶᠠᠨ᠎ᠤ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠎ᠶᠢ ᠪᠦᠬᠦᠨ᠎ᠢ ᠨᠠᠢᠷᠠᠭᠤᠯᠤᠨ ᠵᠣᠬᠢᠶᠠᠵᠤ᠂ ᠢᠷᠡᠭᠡᠳᠦᠢ᠎ᠶᠢᠨ ᠥᠪᠥᠷ ᠮᠣᠩᠭᠣᠯ᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠠᠤᠭ᠎ᠠ ᠵᠢᠷᠤᠭ ᠲᠥᠯᠥᠪᠯᠡᠭᠡ᠎ᠶᠢ ᠵᠢᠷᠤᠭᠯᠠᠪᠠ᠃ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠢ ᠤᠯᠤᠰ᠎ᠤᠨ ᠤᠰᠤᠨ᠎ᠤ ᠲᠣᠣᠷ᠎ᠤᠨ ᠭᠣᠣᠯᠯᠠᠭ᠍ᠴᠢ ᠢᠨᠵᠧᠨᠧᠷᠢᠩ ᠪᠣᠯᠭᠠᠵᠤ᠂ 2025 ᠣᠨ᠎ᠤ 6 ᠳ᠋ᠤᠭᠠᠷ ᠰᠠᠷ᠎ᠠ᠎ᠳᠤ ᠪᠦᠬᠦ ᠱᠤᠭᠤᠮ᠎ᠢᠶᠠᠷ ᠤᠰᠤ ᠨᠡᠪᠲᠡᠷᠡᠭᠦᠯᠬᠦ᠎ᠶᠢ ᠪᠡᠶᠡᠯᠡᠭᠦᠯᠵᠦ᠂ ᠲᠤᠩᠭᠠᠯᠠᠭ ᠴᠤᠤᠯ ᠭᠣᠣᠯ᠎ᠤᠨ ᠤᠰᠤ ᠠᠭᠤᠯᠠ ᠨᠢᠷᠤᠭᠤ᠎ᠶᠢ ᠳᠠᠪᠠᠵᠤ᠂ ᠡᠮᠦᠨᠡᠰᠢ ᠭᠠᠩ ᠬᠠᠭᠤᠷᠠᠢ ᠭᠠᠵᠠᠷ ᠰᠢᠷᠣᠢ᠎ᠶᠢ ᠲᠡᠵᠢᠭᠡᠵᠦ᠂ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠲᠤ ᠨᠡᠢ᠍ᠢᠳᠡ 5540 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠬᠠᠩᠭᠠᠵᠤ᠂ ᠲᠦᠩᠯᠢᠶᠣᠣ᠂ ᠤᠯᠠᠭᠠᠨᠬᠠᠳᠠ ᠵᠡᠷᠭᠡ ᠭᠠᠵᠠᠷ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠡᠬᠢ ᠰᠤᠷᠪᠤᠯᠵᠢ᠎ᠶᠢᠨ ᠤᠰᠤ ᠨᠡᠮᠡᠷᠢᠯᠡᠵᠡᠢ᠃ ᠥᠨᠳᠡᠭᠡᠨ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠭᠣᠣᠯ ᠪᠠᠷᠢᠯᠭ᠎ᠠ᠎ᠶᠢ ᠦᠨᠳᠦᠰᠦᠨ᠎ᠳᠡᠭᠡᠨ ᠳᠠᠭᠤᠰᠬᠠᠵᠤ᠂ ᠴᠠᠬᠢᠯᠭᠠᠨ ᠰᠲ᠋ᠠᠨᠼᠢ᠎ᠶᠢᠨ ᠮᠠᠰᠢᠨ ᠴᠣᠭᠴᠠᠯᠠᠪᠤᠷᠢ᠎ᠶᠢ ᠲᠣᠣᠷ᠎ᠲᠤ ᠨᠡᠢᠯᠡᠭᠦᠯᠦᠨ ᠴᠠᠬᠢᠯᠭᠠᠨ ᠭᠠᠷᠭᠠᠵᠤ᠂ ᠨᠡᠢ᠍ᠢᠳᠡ 2 ᠳ᠋ᠦᠩᠰᠢᠭᠤᠷ ᠺᠢᠯᠣᠸᠠᠲ ᠴᠠᠭ᠎ᠢ ᠳᠠᠪᠠᠵᠤ᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠠᠮᠢ ᠠᠬᠤᠢ ᠵᠡᠷᠭᠡ ᠤᠯᠠᠨ ᠳᠠᠪᠬᠤᠷ ᠦᠷ᠎ᠡ ᠠᠰᠢᠭ᠋᠎ᠢ ᠪᠡᠶᠡᠯᠡᠭᠦᠯᠪᠡ᠃ ᠴᠤᠤᠯ ᠭᠣᠣᠯ᠎ᠤᠨ ᠤᠰᠤ᠎ᠶᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠬᠣᠶᠠᠳᠤᠭᠠᠷ ᠬᠤᠭᠤᠴᠠᠭ᠎ᠠ ᠵᠢᠴᠢ ᠥᠪᠥᠷ ᠮᠣᠩᠭᠣᠯ᠎ᠤᠨ ᠰᠠᠯᠪᠤᠷᠢ ᠱᠤᠭᠤᠮ ᠵᠡᠷᠭᠡ ᠴᠢᠬᠤᠯᠠ ᠶᠡᠬᠡ ᠤᠰᠤ ᠲᠠᠲᠠᠵᠤ ᠲᠣᠬᠢᠷᠠᠭᠤᠯᠬᠤ ᠢᠨᠵᠧᠨᠧᠷᠢᠩ᠎ᠢ ᠲᠣᠭᠲᠠᠭᠤᠨ᠎ᠢᠶᠠᠷ ᠠᠬᠢᠭᠤᠯᠵᠤ ᠂ ᠥᠪᠥᠷ ᠮᠣᠩᠭᠣᠯ᠎ᠤᠨ ᠰᠠᠯᠪᠤᠷᠢ ᠱᠤᠭᠤᠮ᠎ᠤᠨ ᠢᠨᠵᠧᠨᠧᠷᠢᠩ᠎ᠳᠦ ᠨᠡᠶ᠋ᠢᠲᠡ 62.64 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠪᠡ ᠃ ᠳ᠋ᠦᠩ᠎ᠲᠠᠢ ᠽᠢ ᠂ ᠭᠠᠬᠠᠢᠲᠤ ᠠᠭᠤᠯᠠ ᠵᠡᠷᠭᠡ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠢᠨᠵᠧᠨᠧᠷᠢᠩ᠎ᠢ ᠡᠮᠬᠢ ᠵᠢᠷᠤᠮ᠎ᠲᠠᠢ ᠬᠡᠷᠡᠭᠵᠢᠭᠦᠯᠵᠦ᠂ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠲᠣᠣᠷ ᠰᠦᠯᠵᠢᠶ᠎ᠡ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ ᠃ ᠲᠠᠪᠤᠨ ᠵᠢᠯ᠎ᠦᠨ ᠲᠤᠷᠰᠢ᠂ ᠰᠢᠨ᠎ᠡ᠎ᠪᠡᠷ ᠨᠡᠮᠡᠭᠳᠡᠭᠰᠡᠨ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠤᠰᠤ ᠬᠠᠩᠭᠠᠬᠤ ᠴᠢᠳᠠᠪᠤᠷᠢ 6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ᠂ ᠤᠰᠤᠨ᠎ᠤ ᠡᠬᠢ ᠪᠠᠶᠠᠯᠢᠭ᠋᠎ᠤᠨ ᠪᠠᠢᠯᠳᠤᠬᠤ ᠪᠣᠳᠣᠯᠭ᠎ᠠ᠎ᠶᠢᠨ ᠨᠥᠭᠡᠴᠡᠯᠡᠯᠲᠡ ᠪᠠ ᠰᠢᠯᠵᠢᠭᠦᠯᠦᠨ ᠲᠣᠬᠢᠷᠠᠭᠤᠯᠬᠤ ᠴᠢᠳᠠᠪᠤᠷᠢ ᠢᠯᠡᠳᠲᠡ ᠴᠢᠩᠭᠠᠷᠠᠪᠠ᠃
      ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ᠎ᠶᠢᠨ ᠢᠨᠵᠧᠨᠧᠷᠢᠩ ᠯᠠᠪᠳᠠᠭᠤᠨ᠎ᠢᠶᠠᠷ ᠬᠡᠷᠡᠭᠵᠢᠭᠦᠯᠦᠭᠳᠡᠪᠡ᠃ ᠲᠠᠷᠢᠶᠠᠯᠠᠩ ᠪᠣᠯ ᠤᠰᠤ ᠬᠡᠷᠡᠭᠯᠡᠬᠦ ᠲᠣᠮᠣ᠌ ᠡᠷᠦᠬᠡ ᠪᠣᠯᠣᠨ᠎ᠠ᠂ ᠤᠰᠤᠯᠠᠯᠲᠠ᠎ᠶᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ ᠪᠣᠯ ᠲᠠᠷᠢᠶᠠᠯᠠᠩ᠎ᠤᠨ ᠤᠰᠤᠯᠠᠯᠲᠠ᠎ᠶᠢᠨ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠂ ᠠᠮᠤ ᠪᠤᠳᠠᠭᠠᠨ᠎ᠤ ᠤᠨᠠᠯᠲᠠ᠎ᠶᠢ ᠲᠣᠭᠲᠠᠪᠤᠷᠢᠵᠢᠭᠤᠯᠬᠤ ᠂ ᠲᠠᠷᠢᠶᠠᠯᠠᠩ ᠮᠠᠯ ᠠᠵᠤ ᠠᠬᠤᠢ᠎ᠶᠢᠨ ᠲᠠᠰ ᠳᠡᠪᠰᠢᠬᠦ᠎ᠶᠢ ᠠᠬᠢᠭᠤᠯᠬᠤ᠎ᠶᠢᠨ ᠵᠠᠩᠭᠢᠯᠠᠭ᠎ᠠ ᠪᠣᠯᠣᠨ᠎ᠠ᠃ ᠲᠠᠪᠤᠨ ᠵᠢᠯ᠎ᠦᠨ ᠲᠤᠷᠰᠢ᠂ ᠥᠪᠥᠷ ᠮᠣᠩᠭᠣᠯ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠎ᠶᠢ ᠢᠳᠡᠪᠬᠢᠲᠡᠢ ᠥᠷᠨᠢᠭᠦᠯᠵᠦ᠂ ᠪᠣᠷᠣᠳᠣᠬᠣᠢ᠂ ᠳ᠋ᠧᠩ ᠺᠧᠦ ᠤᠰᠤᠨ ᠲᠦᠪᠰᠢᠨ ᠲᠡᠭᠡᠭᠰᠢᠯᠡᠬᠦᠯᠬᠦ ᠵᠡᠷᠭᠡ 28 ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠎ᠶᠢᠨ ᠢᠨᠵᠧᠨᠧᠷᠢᠩ᠎ᠢ ᠬᠡᠷᠡᠭᠵᠢᠭᠦᠯᠦᠨ᠂ 548 ᠲᠦᠮᠡᠨ ᠮᠦ᠍ ᠤᠰᠤᠯᠠᠯᠲᠠ᠎ᠶᠢᠨ ᠲᠠᠯᠠᠪᠠᠢ᠎ᠶᠢ ᠰᠠᠢᠵᠢᠷᠠᠭᠤᠯᠵᠤ᠂ ᠤᠰᠤ ᠠᠷᠪᠢᠯᠠᠬᠤ ᠴᠢᠳᠠᠪᠤᠷᠢ᠎ᠶᠢ 2.76 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠦᠭᠡᠳ᠂ ᠰᠤᠯᠠᠯᠠᠨ ᠭᠠᠷᠭᠠᠭᠰᠠᠨ ᠤᠰᠤᠨ᠎ᠤ ᠡᠬᠢ ᠪᠠᠶᠠᠯᠢᠭ᠋ ᠨᠢ ᠪᠤᠰᠤᠳ ᠠᠵᠢᠯ ᠲᠦᠷᠦᠯ᠎ᠦᠨ ᠤᠰᠤᠨ᠎ᠤ ᠬᠠᠩᠭᠠᠯᠭ᠎ᠠ᠎ᠶᠢᠨ ᠳᠤᠲᠠᠭᠤᠳᠠᠯ᠎ᠢ ᠪᠦᠲᠦᠮᠵᠢᠲᠡᠶ᠎ᠪᠡᠷ ᠨᠥᠬᠥᠪᠦᠷᠢᠯᠡᠪᠡ᠃ ᠤᠰᠤᠯᠠᠯᠲᠠ᠎ᠶᠢᠨ ᠣᠷᠣᠨ᠎ᠤ ᠲᠠᠷᠢᠶᠠᠨ ᠭᠠᠵᠠᠷ᠎ᠲᠤ᠂ ᠥᠩᠭᠡᠷᠡᠭᠰᠡᠨ᠎ᠦ ᠰᠢᠷᠣᠢ᠎ᠶᠢᠨ ᠰᠤᠪᠠᠭ ᠨᠢ ᠨᠡᠪᠴᠢᠯᠲᠡ᠎ᠶᠢ ᠰᠡᠷᠭᠡᠢᠯᠡᠬᠦ ᠰᠤᠪᠠᠭ ᠪᠣᠯᠵᠤ᠂ ᠭᠠᠷ᠎ᠢᠶᠠᠷ ᠬᠥᠳᠡᠯᠭᠡᠬᠦ ᠬᠠᠭᠠᠯᠲᠠ᠎ᠶᠢ ᠣᠶᠤᠨᠲᠤ ᠡᠵᠡᠮᠰᠢᠯ᠎ᠦᠨ ᠬᠠᠭᠠᠯᠲᠠ᠎ᠪᠠᠷ ᠰᠣᠯᠢᠪᠠ ᠁ ᠬᠠᠭᠤᠴᠢᠨ ᠤᠰᠤᠯᠠᠯᠲᠠ᠎ᠶᠢᠨ ᠣᠷᠣᠨ ᠰᠢᠨ᠎ᠡ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠪᠠ᠃
      ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠬᠢᠷᠢ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠪᠡ᠃ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠶᠢᠨ ᠴᠢᠬᠤᠯᠠ ᠰᠠᠭᠤᠷᠢ ᠮᠥᠨ᠂ ᠨᠡᠩ ᠴᠤ᠌ ᠠᠷᠠᠳ ᠤᠯᠠᠨ᠎ᠤ ᠠᠮᠢᠳᠤᠷᠠᠯ᠎ᠤᠨ ᠶᠠᠰᠤ ᠴᠢᠨᠠᠷ᠎ᠢ ᠪᠠᠲᠤᠯᠠᠬᠤ ᠵᠠᠩᠭᠢᠯᠠᠭ᠎ᠠ ᠮᠥᠨ᠃ ᠲᠠᠪᠤᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ᠂ ᠨᠡᠶ᠋ᠢᠲᠡ 32.9 ᠳ᠋ᠦᠩᠰᠢᠭᠤᠷ ᠲᠥᠭᠥᠷᠢᠭ᠎ᠦᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ ᠣᠷᠣᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠢᠨᠵᠧᠨᠧᠷᠢᠩ᠎ᠢ 42.6 ᠲᠦᠮᠡ ᠪᠠᠢᠭᠤᠯᠵᠤ᠂ ᠤᠰᠤ ᠬᠠᠩᠭᠠᠬᠤ ᠬᠥᠮᠥᠨ ᠠᠮᠠ 1022 ᠲᠦᠮᠡᠨ ᠬᠥᠮᠥᠨ᠎ᠢ ᠬᠠᠮᠤᠷᠪᠠ᠃ 2024 ᠣᠨ᠎ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠲᠦᠭᠡᠭᠡᠯ ᠤᠰᠤᠨ᠎ᠤ ᠲᠦᠭᠡᠮᠡᠯᠵᠢᠭᠰᠡᠨ ᠨᠣᠷᠮ᠎ᠠ 84.8%᠎ᠳᠤ ᠬᠦᠷᠴᠦ᠂ ᠬᠡᠪᠴᠢᠶᠡᠵᠢᠭᠦᠯᠦᠨ ᠤᠰᠤ ᠬᠠᠩᠭᠠᠬᠤ ᠢᠨᠵᠧᠨᠧᠷᠢᠩ᠎ᠦᠨ ᠬᠥᠳᠡᠭᠡ ᠲᠣᠰᠬᠣᠨ᠎ᠤ ᠬᠥᠮᠥᠨ ᠠᠮᠠ᠎ᠶᠢ ᠬᠠᠮᠤᠷᠤᠭᠰᠠᠨ ᠬᠠᠷᠢᠴᠠᠯ 26.8%᠎ᠳᠤ ᠬᠦᠷᠴᠦ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠶᠢᠨ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠲᠥᠯᠦᠪᠵᠢᠭᠦᠯᠭᠡ᠎ᠶᠢᠨ ᠬᠠᠷᠠᠯᠲᠠ᠎ᠶᠢᠨ ᠬᠡᠮᠵᠢᠭᠳᠡᠯ᠎ᠳᠦ ᠤᠷᠢᠳᠴᠢᠯᠠᠨ ᠭᠦᠷᠦᠭᠰᠡᠨ ᠪᠠᠢᠨ᠎ᠠ᠃ 《 ᠬᠠᠮᠢᠶᠠᠷᠬᠤ ᠬᠥᠮᠥᠨ᠎ᠲᠠᠢ᠂ ᠬᠠᠮᠢᠶᠠᠷᠬᠤ ᠵᠣᠭᠣᠰ᠎ᠲᠠᠢ᠂ ᠳᠦᠷᠢᠮ᠎ᠢᠶᠡᠷ ᠬᠠᠮᠢᠶᠠᠷᠬᠤ 》 ᠰᠠᠢᠨ ᠠᠵᠢᠯᠯᠠᠭᠠᠨ᠎ᠤ ᠲᠣᠭᠲᠠᠴᠠ᠎ᠶᠢ ᠦᠨᠳᠦᠰᠦᠨ᠎ᠳᠡᠭᠡᠨ ᠪᠣᠶ ᠪᠣᠯᠭᠠᠵᠤ᠂ ᠮᠠᠯᠴᠢᠨ ᠲᠠᠷᠢᠶᠠᠴᠢᠨ᠎ᠤ 《 ᠰᠠᠢᠨ ᠤᠰᠤ ᠤᠤᠭᠤᠬᠤ 》 ᠵᠣᠯ ᠵᠢᠷᠭᠠᠯ᠎ᠤᠨ ᠵᠠᠮ᠎ᠢ ᠶᠠᠪᠤᠬᠤ ᠲᠤᠲᠤᠮ ᠲᠣᠭᠲᠠᠪᠤᠷᠢᠵᠢᠭᠤᠯᠪᠠ᠃
      ᠴᠢᠩᠭ᠎ᠠ ᠬᠢᠵᠠᠭᠠᠷᠯᠠᠵᠤ ᠠᠷᠪᠢᠯᠠᠨ ᠭᠠᠮᠨᠠᠬᠤ᠎ᠶᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠬᠥᠭᠵᠢᠭᠡᠪᠡ
      ᠥᠪᠥᠷ ᠮᠣᠩᠭᠣᠯ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ᠎ᠳᠤ ᠣᠷᠣᠰᠢᠵᠤ᠂ ᠤᠰᠤᠨ᠎ᠤ ᠡᠬᠢ ᠪᠠᠶᠠᠯᠢᠭ᠋᠎ᠤᠨ ᠲᠥᠷᠥᠯᠬᠢ ᠠᠪᠢᠶᠠᠰ ᠳᠤᠲᠠᠮᠠᠭ ᠪᠠᠢᠵᠤ᠂ ᠤᠰᠤ ᠠᠷᠪᠢᠯᠠᠬᠤ ᠪᠣᠯ 《 ᠤᠰᠤᠨ᠎ᠤ ᠬᠦᠴᠢᠷᠳᠡᠯ 》᠎ᠢ ᠰᠢᠢᠳᠪᠦᠷᠢᠯᠡᠬᠦ ᠦᠨᠳᠦᠰᠦᠨ ᠪᠣᠳᠣᠯᠭ᠎ᠠ ᠪᠣᠯᠣᠨ᠎ᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠤᠰᠤᠨ᠎ᠤ ᠡᠬᠢ ᠪᠠᠶᠠᠯᠢᠭ᠋᠎ᠤᠨ ᠬᠠᠲᠠᠭᠤ ᠬᠢᠵᠠᠭᠠᠷᠯᠠᠯ᠎ᠤᠨ ᠤᠯᠠᠭᠠᠨ ᠱᠤᠭᠤᠮ᠎ᠢ ᠲᠣᠭᠲᠠᠭᠠᠵᠤ᠂ 《 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 》 ᠵᠠᠷᠴᠢᠮ᠎ᠢ ᠴᠢᠩᠭ᠎ᠠ ᠨᠠᠢᠳᠠᠪᠤᠷᠢᠵᠢᠭᠤᠯᠤᠨ᠂ ᠤᠰᠤ ᠠᠷᠪᠢᠯᠠᠬᠤ ᠠᠵᠢᠯᠯᠠᠭ᠎ᠠ᠎ᠶᠢ ᠪᠥᠬᠥ ᠲᠠᠯ᠎ᠠ᠎ᠪᠠᠷ᠂ ᠪᠥᠬᠥ ᠬᠦᠷᠢᠶ᠎ᠡ ᠴᠠᠷᠠᠭ᠎ᠠ᠂ ᠪᠥᠬᠥ ᠶᠠᠪᠤᠴᠠ᠎ᠪᠠᠷ ᠲᠦᠯᠬᠢᠨ ᠠᠬᠢᠭᠤᠯᠵᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠬᠢᠷᠢ ᠲᠦᠪᠰᠢᠨ᠎ᠢ ᠲᠠᠪᠠᠯᠳᠠᠳᠤ ᠮᠠᠶᠢᠭ᠋᠎ᠢᠶᠠᠷ ᠳᠡᠭᠡᠭᠰᠢᠯᠡᠭᠦᠯᠪᠡ᠃
      ᠤᠰᠤᠨ᠎ᠤ ᠡᠬᠢ ᠪᠠᠶᠠᠯᠢᠭ᠋᠎ᠤᠨ ᠬᠠᠲᠠᠭᠤ ᠴᠢᠨᠠᠷᠲᠠᠢ ᠬᠢᠵᠠᠭᠠᠷᠯᠠᠬᠤ ᠰᠢᠰᠲᠧᠮ᠎ᠢ ᠪᠦᠬᠦ ᠲᠠᠯ᠎ᠠ᠎ᠪᠠᠷ ᠪᠠᠢᠭᠤᠯᠪᠠ᠃ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ᠎ᠶᠢ ᠬᠠᠮᠠᠭᠠᠯᠠᠬᠤ ᠪᠠ ᠬᠠᠮᠢᠶᠠᠷᠬᠤ ᠳᠦᠷᠢᠮ》 《 〈 ᠳᠥᠷᠪᠡᠨ ᠤᠰᠤ᠎ᠪᠠᠷ ᠳᠥᠷᠪᠡ᠎ᠶᠢ ᠲᠣᠭᠲᠠᠭᠠᠬᠤ 〉᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ 》 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠎ᠶᠢ ᠠᠬᠢᠭᠤᠯᠬᠤ ᠶᠡᠷᠦᠩᠬᠡᠢ ᠲᠥᠰᠥᠯ 》 ᠵᠡᠷᠭᠡ ᠠᠯᠢ ᠣᠯᠠᠨ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ᠎ᠳᠤ ᠪᠠᠲᠤ ᠴᠢᠩᠭ᠎ᠠ ᠳᠦᠷᠢᠮ᠎ᠦᠨ ᠪᠠᠲᠤᠯᠠᠭ᠎ᠠ ᠬᠠᠩᠭᠠᠪᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ᠎ᠶᠢᠨ ᠳᠠᠪᠬᠤᠷ ᠬᠠᠲᠠᠭᠤ ᠬᠢᠵᠠᠭᠠᠷᠯᠠᠯ᠎ᠤᠨ ᠭᠦᠢᠴᠡᠳᠬᠡᠯ ᠲᠣᠭ᠎ᠠ᠎ᠶᠢᠨ ᠰᠢᠰᠲᠧᠮᠵᠢ᠎ᠶᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠤᠯᠤᠰ᠎ᠠᠴᠠ ᠪᠠᠭᠤᠯᠭᠠᠭᠰᠠᠨ 196.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠦᠨ ᠳᠣᠲᠣᠷ᠎ᠠ ᠬᠢᠵᠠᠭᠠᠷᠯᠠᠪᠠ᠃ ᠣᠷᠳᠣᠰ᠎ᠤᠨ ᠳᠡᠨᠵᠢ ᠭᠠᠵᠠᠷ᠂ ᠪᠠᠷᠠᠭᠤᠨ ᠯᠢᠶᠣᠤ ᠾᠧ ᠭᠣᠣᠯ᠎ᠤᠨ ᠰᠠᠪᠠ ᠭᠠᠵᠠᠷ᠎ᠤᠨ ᠭᠠᠵᠠᠷ ᠳᠣᠣᠷᠠᠬᠢ ᠤᠰᠤ᠎ᠶᠢ ᠳᠠᠷᠤᠵᠤ ᠪᠠᠭᠠᠰᠬᠠᠬᠤ ᠡᠭᠦᠷᠭᠡ᠎ᠶᠢ ᠪᠡᠶᠡᠯᠡᠭᠦᠯᠵᠦ᠂ ᠭᠠᠵᠠᠷ ᠳᠣᠣᠷᠠᠬᠢ ᠤᠰᠤᠨ᠎ᠤ ᠲᠦᠪᠰᠢᠨ ᠲᠣᠭᠲᠠᠭᠤᠨ᠎ᠢᠶᠠᠷ ᠳᠡᠭᠡᠭᠰᠢᠯᠡᠪᠡ᠃ ᠪᠥᠬᠥ ᠤᠯᠤᠰ᠎ᠲᠤ ᠡᠩ ᠲᠡᠷᠢᠭᠦᠨ᠎ᠳᠦ ᠲᠠᠷᠢᠶᠠᠯᠠᠩ᠎ᠤᠨ ᠤᠰᠤᠯᠠᠯᠲᠠ᠎ᠶᠢᠨ ᠮᠠᠰᠢᠨ ᠴᠠᠬᠢᠯᠭᠠᠨ᠎ᠤ ᠬᠤᠳᠳᠤᠭ᠎ᠤᠨ 《 ᠴᠠᠬᠢᠯᠭᠠᠨ᠎ᠢᠶᠠᠷ ᠤᠰᠤ᠎ᠶᠢ ᠨᠤᠭᠤᠯᠬᠤ 》 ᠬᠡᠮᠵᠢᠯᠲᠡ᠎ᠶᠢ ᠳᠡᠯᠭᠡᠷᠡᠭᠦᠯᠵᠦ᠂ ᠴᠠᠬᠢᠯᠭᠠᠨ ᠬᠦᠴᠦᠨ᠎ᠦ ᠲᠣᠭ᠎ᠠ ᠪᠠᠷᠢᠮᠲᠠ᠎ᠶᠢ ᠠᠰᠢᠭ᠍ᠯᠠᠨ ᠤᠰᠤ ᠬᠡᠷᠡᠭᠯᠡᠬᠦ ᠬᠡᠮᠵᠢᠶ᠎ᠡ᠎ᠶᠢ ᠭᠡᠳᠡᠷᠭᠦ ᠲᠦᠯᠬᠢᠨ ᠠᠬᠢᠭᠤᠯᠵᠤ᠂ ᠲᠠᠷᠢᠶᠠᠯᠠᠩ᠎ᠤᠨ ᠤᠰᠤ ᠬᠡᠷᠡᠭᠯᠡᠬᠦ ᠬᠡᠮᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠲᠠᠷᠢᠶᠠᠯᠠᠩ᠎ᠤᠨ ᠪᠤᠰᠤ ᠤᠰᠤ ᠲᠠᠲᠠᠬᠤ ᠡᠷᠦᠬᠡ᠎ᠶᠢᠨ ᠰᠦᠯᠵᠢᠶᠡᠨ ᠳᠡᠭᠡᠷᠡᠬᠢ ᠬᠡᠮᠵᠢᠯᠲᠡ᠎ᠶᠢᠨ ᠨᠣᠷᠮ᠎ᠠ᠎ᠶᠢ 97%᠎ᠳᠤ ᠬᠦᠷᠦᠭᠦᠯᠵᠦ᠂ 5 ᠲᠦᠮᠡᠨ ᠮᠦ᠍᠎ᠡᠴᠡ ᠳᠡᠭᠡᠭᠰᠢᠬᠢ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠳᠤ ᠴᠥᠮ ᠰᠦᠯᠵᠢᠶᠡᠨ ᠳᠡᠭᠡᠷᠡᠬᠢ ᠬᠡᠮᠵᠢᠯᠲᠡ᠎ᠶᠢ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠋᠎ᠤᠨ ᠬᠢᠨᠠᠯᠲᠠ ᠬᠠᠮᠢᠶᠠᠷᠤᠯᠲᠠ᠎ᠶᠢᠨ ᠨᠠᠷᠢᠯᠢᠭ᠍ᠵᠢᠭᠤᠯᠬᠤ ᠬᠢᠷᠢ ᠬᠡᠮᠵᠢᠶ᠎ᠡ᠎ᠶᠢ ᠢᠯᠡᠳᠲᠡ ᠳᠡᠭᠡᠭᠰᠢᠯᠡᠭᠦᠯᠵᠡᠢ᠃
      ᠤᠰᠤᠨ᠎ᠤ ᠡᠬᠢ ᠪᠠᠶᠠᠯᠢᠭ᠋᠎ᠤᠨ ᠠᠰᠢᠭ᠍ᠯᠠᠯᠲᠠ᠎ᠶᠢᠨ ᠦᠷ᠎ᠡ ᠪᠦᠲᠦᠮᠵᠢ᠎ᠶᠢ ᠶᠡᠬᠡ ᠬᠡᠮᠵᠢᠶ᠎ᠡ᠎ᠪᠡᠷ ᠳᠡᠭᠡᠭᠰᠢᠯᠡᠭᠦᠯᠪᠡ᠃ ᠲᠠᠪᠤᠨ ᠵᠢᠯ᠎ᠦᠨ ᠲᠤᠷᠰᠢ᠂ ᠥᠪᠥᠷ ᠮᠣᠩᠭᠣᠯ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ᠂ ᠬᠣᠲᠠ ᠪᠠᠯᠭᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭᠠᠰᠬᠠᠬᠤ᠎ᠶᠢ ᠶᠡᠬᠡ᠎ᠪᠡᠷ ᠲᠦᠯᠬᠢᠨ ᠠᠬᠢᠭᠤᠯᠪᠠ᠃ ᠡᠭᠦᠨ᠎ᠳᠦ᠂ ᠲᠠᠷᠢᠶᠠᠯᠠᠩ᠎ᠤᠨ ᠤᠰᠤ ᠠᠷᠪᠢᠯᠠᠬᠤ ᠦᠷ᠎ᠡ ᠠᠰᠢᠭ᠋᠎ᠢ ᠢᠯᠡᠳᠲᠡ ᠨᠡᠮᠡᠭᠳᠡᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠪᠡᠷ ᠭᠠᠷᠳᠠᠴᠠ ᠪᠣᠯᠭᠠᠵᠤ᠂ ᠰᠢᠨ᠎ᠡ᠎ᠪᠡᠷ ᠨᠡᠮᠡᠭᠳᠡᠭᠰᠡᠨ ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ᠎ᠶᠢ 12 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠡᠴᠡ ᠳᠠᠪᠠᠭᠤᠯᠬᠤ᠎ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ 7332 ᠲᠦᠮᠡᠨ ᠮᠦ᠍ ᠪᠦᠲᠦᠮᠵᠢᠲᠡᠶ ᠲᠠᠷᠢᠶᠠᠨ ᠭᠠᠵᠠᠷ᠎ᠤᠨ ᠤᠰᠤᠯᠠᠯᠲᠠ᠎ᠶᠢᠨ ᠲᠠᠯᠠᠪᠠᠶ᠎ᠳᠤ ᠴᠥᠮ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠬᠡᠷᠡᠭᠵᠢᠭᠦᠯᠵᠦ᠂ ᠲᠠᠷᠢᠶᠠᠨ ᠭᠠᠵᠠᠷ᠎ᠤᠨ ᠤᠰᠤᠯᠠᠯᠲᠠ᠎ᠶᠢᠨ ᠤᠰᠤᠨ᠎ᠤ ᠠᠰᠢᠭ᠍ᠯᠠᠯᠲᠠ᠎ᠶᠢᠨ ᠢᠯᠡᠳᠬᠡᠮᠵᠢ᠎ᠶᠢ 0.59 ᠡᠴᠡ ᠳᠡᠭᠡᠭᠰᠢ ᠪᠣᠯᠲᠠᠯ᠎ᠠ ᠳᠡᠭᠡᠭᠰᠢᠯᠡᠭᠦᠯᠪᠡ᠃ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠦ ᠨᠠᠮᠤᠷ᠎ᠤᠨ ᠤᠰᠤᠯᠠᠯᠲᠠ᠎ᠶᠢᠨ ᠤᠰᠤ ᠬᠣᠷᠣᠭᠳᠠᠭᠤᠯᠬᠤ ᠬᠡᠮᠵᠢᠶ᠎ᠡ᠎ᠶᠢ 10 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠦᠨ ᠳᠣᠲᠣᠷ᠎ᠠ ᠴᠢᠩᠭ᠎ᠠ ᠬᠢᠵᠠᠭᠠᠷᠯᠠᠵᠤ᠂ ᠥᠩᠭᠡᠷᠡᠭᠰᠡᠨ ᠵᠢᠯ᠎ᠤᠨ ᠬᠢ᠎ᠡᠴᠡ ᠶᠡᠬᠡ ᠬᠡᠮᠵᠢᠶ᠎ᠡ᠎ᠪᠡᠷ ᠪᠠᠭᠠᠰᠬᠠᠵᠤ᠂ ᠪᠤᠰᠤᠳ ᠬᠠᠳᠤᠨ ᠭᠣᠣᠯ᠎ᠤᠨ ᠤᠰᠤᠯᠠᠯᠲᠠ᠎ᠶᠢᠨ ᠣᠷᠣᠨ᠎ᠢ ᠥᠩᠭᠡᠷᠡᠭᠰᠡᠨ ᠵᠢᠯ᠎ᠤᠨ ᠦᠷᠡᠵᠢᠯ᠎ᠤᠨ ᠪᠤᠰᠤ ᠬᠤᠭᠤᠴᠠᠭᠠᠨ᠎ᠤ ᠳᠤᠮᠳᠠᠴᠢ ᠤᠰᠤ ᠬᠡᠷᠡᠭᠯᠡᠬᠦ ᠬᠡᠮᠵᠢᠶ᠎ᠡ᠎ᠡᠴᠡ 52%᠎ᠢᠶᠠᠷ ᠪᠠᠭᠠᠰᠬᠠᠵᠠᠢ᠃ 2024 ᠣᠨ᠎ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠦᠮᠡᠨ ᠲᠥᠭᠥᠷᠢᠭ᠎ᠦᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠦᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠦᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ᠎ᠦᠨ ᠤᠰᠤ ᠬᠡᠷᠡᠭᠯᠡᠬᠦ ᠬᠡᠮᠵᠢᠶ᠎ᠡ ᠲᠣᠰ ᠲᠣᠰ 2020 ᠣᠨ᠎ᠤ ᠬᠢ᠎ᠡᠴᠡ 21.2% ᠂ 18.7%᠎ᠪᠠᠷ ᠪᠠᠭᠤᠷᠠᠵᠤ᠂ ᠲᠥᠯᠦᠪᠵᠢᠭᠦᠯᠭᠡ᠎ᠶᠢᠨ ᠬᠤᠭᠤᠴᠠᠭᠠᠨ᠎ᠤ ᠡᠴᠦᠰ᠎ᠲᠦ ᠤᠯᠤᠰ᠎ᠠᠴᠠ ᠪᠠᠭᠤᠯᠭᠠᠭᠰᠠᠨ ᠪᠠᠭᠤᠷᠠᠭᠤᠯᠬᠤ ᠭᠦᠢᠴᠡᠳᠬᠡᠯ ᠲᠣᠭ᠎ᠠ᠎ᠳᠤ ᠬᠦᠷᠴᠦ᠂ ᠬᠠᠲᠤᠨ ᠭᠣᠣᠯ᠎ᠤᠨ ᠰᠠᠪᠠ ᠭᠠᠵᠠᠷ᠎ᠤᠨ 4 ᠠᠢᠮᠠᠭ ᠬᠣᠲᠠ ᠪᠥᠬᠥ ᠤᠯᠤᠰ᠎ᠤᠨ ᠨᠡᠢᠲᠡᠯᠢᠭ ᠭᠠᠵᠠᠷ ᠣᠷᠣᠨ᠎ᠤ ᠳᠠᠬᠢᠯᠲᠠ ᠤᠰᠤ᠎ᠶᠢ ᠠᠰᠢᠭ᠍ᠯᠠᠵᠤ ᠲᠣᠬᠢᠷᠠᠭᠤᠯᠬᠤ ᠲᠤᠷᠰᠢᠯᠲᠠ᠎ᠶᠢᠨ ᠬᠣᠲᠠ᠎ᠳᠤ ᠰᠣᠩᠭᠣᠭᠳᠠᠨ ᠣᠷᠣᠵᠤ᠂ ᠪᠤᠭᠤᠲᠤ ᠬᠣᠲᠠ᠂ ᠦᠬᠠᠢ ᠬᠣᠲᠠ᠂ ᠣᠷᠳᠣᠰ ᠬᠣᠲᠠ ᠰᠢᠯᠢᠳᠡᠭ ᠲᠤᠷᠰᠢᠯᠲᠠ᠎ᠶᠢᠨ ᠬᠣᠲᠠ᠎ᠪᠠᠷ ᠦᠨᠡᠯᠡᠭᠳᠡᠪᠡ᠃
      ᠤᠰᠤ ᠠᠷᠪᠢᠯᠠᠬᠤ ᠬᠡᠯᠪᠡᠷᠢ᠎ᠶᠢᠨ ᠠᠵᠤ ᠠᠬᠤᠢᠯᠠᠯ ᠪᠠ ᠬᠦᠷᠢᠶᠡᠯᠡᠩ ᠲᠣᠭᠣᠷᠢᠭ᠋᠎ᠢ ᠡᠭᠦᠳᠦᠨ ᠪᠠᠶ᠋ᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠥᠩᠭᠡᠷᠡᠭᠰᠡᠨ ᠲᠠᠪᠤᠨ ᠵᠢᠯ᠎ᠳᠦ ᠂ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠪ ᠲᠠᠭᠤᠷᠢᠶᠠᠯᠳᠤ ᠠᠵᠤ ᠠᠬᠤᠢᠯᠠᠯ᠎ᠢ ᠨᠡᠶ᠋ᠢᠲᠡ 28 ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠯᠪᠡᠷᠢ᠎ᠶᠢᠨ ᠠᠵᠤ ᠠᠬᠤᠢᠯᠠᠯ᠎ᠢ 174 ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠯᠪᠡᠷᠢ᠎ᠶᠢᠨ ᠬᠦᠷᠢᠶᠡᠯᠡᠩ ᠲᠣᠭᠣᠷᠢᠭ᠋᠎ᠢ 22 ᠪᠠᠢᠭᠤᠯᠵᠤ᠂ 2 ᠠᠵᠤ ᠠᠬᠤᠢᠯᠠᠯ ᠤᠯᠤᠰ᠎ᠤᠨ 《 ᠤᠰᠤᠨ᠎ᠤ ᠠᠰᠢᠭ᠍ᠯᠠᠮᠵᠢ᠎ᠶᠢᠨ ᠳᠠᠭᠠᠭᠤᠯᠤᠭ᠍ᠴᠢ 》 ᠵᠢᠨ ᠴᠣᠯᠠ᠎ᠶᠢ ᠭᠥᠷᠳᠡᠪᠡ᠃ ᠥᠪᠡᠷᠲᠡᠭᠡᠨ ᠵᠠᠰᠠᠬᠤ ᠣᠷᠣᠨ᠎ᠤ 89 ᠬᠣᠰᠢᠭᠤ ᠰᠢᠶᠠᠨ ( ᠬᠣᠲᠠ ᠂ ᠲᠣᠭᠣᠷᠢᠭ᠋ ) ᠨᠢ ᠤᠰᠤ ᠠᠷᠪᠢᠯᠠᠬᠤ ᠬᠡᠯᠪᠡᠷᠢ᠎ᠶᠢᠨ ᠨᠡᠢᠭᠡᠮ᠎ᠦᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ᠎ᠳᠤ ᠬᠦᠷᠴᠦ᠂ ᠤᠰᠤ ᠠᠷᠪᠢᠯᠠᠬᠤ ᠬᠡᠯᠪᠡᠷᠢ᠎ᠶᠢᠨ 47 ᠳᠡᠭᠡᠳᠦ ᠰᠤᠷᠭᠠᠭᠤᠯᠢ᠎ᠶᠢ ᠪᠠᠢᠭᠤᠯᠤᠨ ᠳᠠᠭᠤᠰᠬᠠᠵᠤ᠂ 6 ᠣᠯᠠᠨ ᠨᠡᠶ᠋ᠢᠲᠡ᠎ᠶᠢᠨ ᠪᠠᠢᠭᠤᠯᠤᠮᠵᠢ ᠨᠢ ᠤᠯᠤᠰ᠎ᠤᠨ 2024︱2026 ᠣᠨ᠎ᠤ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠤᠰᠤᠨ᠎ᠤ ᠠᠰᠢᠭ᠍ᠯᠠᠮᠵᠢ᠎ᠶᠢᠨ ᠳᠠᠭᠠᠭᠤᠯᠤᠭ᠍ᠴᠢ᠎ᠳᠤ ᠰᠣᠩᠭᠣᠭᠳᠠᠨ ᠣᠷᠣᠵᠤ᠂ ᠦᠬᠠᠢ ᠬᠣᠲᠠ ᠨᠢ ᠤᠯᠤᠰ᠎ᠤᠨ ᠲᠠᠰ᠎ᠤᠨ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠲᠤᠷᠰᠢᠯᠲᠠ᠎ᠶᠢᠨ ᠴᠡᠭ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭᠳᠠᠨ ᠣᠷᠣᠪᠠ᠃
      ᠤᠰᠤᠨ᠎ᠤ ᠡᠷᠬᠡ᠎ᠶᠢᠨ ᠵᠠᠬ᠎ᠠ ᠳᠡᠯᠭᠡᠭᠦᠷ᠎ᠦᠨ ᠠᠮᠢᠳᠤᠯᠢᠭ᠋ ᠬᠦᠴᠦᠨ ᠣᠷᠭᠢᠯᠤᠨ ᠪᠠᠳᠠᠷᠠᠪᠠ᠃ ᠲᠠᠪᠤᠨ ᠵᠢᠯ᠎ᠦᠨ ᠬᠤᠭᠤᠴᠠᠭᠠᠨ᠎ᠳᠤ᠂ ᠥᠪᠥᠷ ᠮᠣᠩᠭᠣᠯ ᠤᠰᠤᠨ᠎ᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠢᠳᠡᠪᠬᠢᠲᠡᠢ ᠪᠣᠢᠵᠢᠭᠤᠯᠵᠤ᠂ ᠬᠠᠲᠤᠨ ᠭᠣᠣᠯ᠎ᠤᠨ ᠤᠰᠤᠨ᠎ᠤ ᠡᠷᠬᠡ᠎ᠶᠢᠨ ᠭᠦᠢᠴᠡᠳᠬᠡᠯ ᠲᠣᠭ᠎ᠠ᠎ᠶᠢ ᠨᠡᠶ᠋ᠢᠲᠡ 2.07 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠠᠷᠠᠯᠵᠢᠶᠠᠯᠠᠭᠰᠠᠨ ᠤᠰᠤᠨ᠎ᠤ ᠬᠡᠮᠵᠢᠶ᠎ᠡ᠎ᠶᠢ 40 ᠭᠠᠷᠤᠢ ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠴᠦ᠂ ᠤᠰᠤᠯᠠᠯᠲᠠ᠎ᠶᠢᠨ ᠲᠠᠯᠠᠪᠠᠶ᠎ᠶᠢ 110 ᠲᠦᠮᠡᠨ ᠮᠦ᠍ ᠰᠠᠢᠵᠢᠷᠠᠭᠤᠯᠪᠠ᠃ ᠮᠤᠵᠢ ᠣᠷᠣᠨ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶ᠎ᠠ᠎ᠶᠢᠨ ᠵᠠᠭᠪᠤᠷ᠎ᠲᠤ ᠰᠢᠨ᠎ᠡ᠎ᠶᠢ ᠡᠭᠦᠳᠴᠦ᠂ ᠠᠯᠠᠱᠠ ᠠᠢᠮᠠᠭ ᠬᠢᠭᠡᠳ ᠰᠧᠴᠤᠸᠠᠨ ᠮᠤᠵᠢ᠎ᠶᠢᠨ ᠮᠤᠵᠢ ᠣᠷᠣᠨ ᠠᠯᠤᠰᠯᠠᠭᠰᠠᠨ ᠤᠰᠤᠨ᠎ᠤ ᠡᠷᠬᠡ᠎ᠶᠢᠨ ᠠᠷᠠᠯᠵᠢᠶ᠎ᠠ᠎ᠶᠢ 2 ᠤᠳᠠᠭ᠎ᠠ ᠲᠣᠬᠢᠷᠠᠭᠤᠯᠬᠤ᠎ᠶᠢ ᠠᠬᠢᠭᠤᠯᠵᠤ᠂ ᠣᠯᠠᠨ ᠡᠰᠢᠵᠢᠭᠰᠡᠨ ᠤᠰᠤᠨ᠎ᠤ ᠡᠷᠬᠡ᠎ᠶᠢᠨ ᠲᠣᠬᠢᠷᠠᠭᠤᠯᠤᠯᠲᠠ᠎ᠶᠢᠨ ᠪᠠᠢᠷᠢᠰᠢᠯ᠎ᠢ ᠪᠠᠢᠭᠤᠯᠵᠤ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠥᠨᠳᠥᠷ ᠦᠷ᠎ᠡ ᠪᠦᠲᠦᠮᠵᠢᠲᠡᠶ᠎ᠪᠡᠷ ᠠᠰᠢᠭ᠍ᠯᠠᠬᠤ᠎ᠶᠢ ᠠᠬᠢᠭᠤᠯᠪᠠ᠃
      ᠭᠣᠣᠯ ᠮᠥᠷᠡᠨ ᠨᠠᠭᠤᠷ ᠴᠥᠭᠥᠷᠥᠮ᠎ᠢ ᠵᠠᠰᠠᠵᠤ ᠠᠮᠢ ᠠᠬᠤᠢ᠎ᠶᠢ ᠬᠠᠮᠠᠭᠠᠯᠠᠵᠤ ᠂ ᠤᠮᠠᠷᠠᠲᠤ ᠬᠢᠯᠢ᠎ᠶᠢᠨ ᠬᠥᠬᠡᠮᠳᠦᠭ ᠤᠰᠤᠨ᠎ᠤ ᠵᠢᠷᠤᠭ᠎ᠢ ᠵᠢᠷᠤᠭᠯᠠᠪᠠ
      ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠭᠣᠣᠯ ᠨᠠᠭᠤᠷ᠎ᠤᠨ ᠠᠮᠢ ᠠᠬᠤᠢ᠎ᠶᠢᠨ ᠰᠡᠷᠭᠦᠯᠲᠡ ᠨᠢ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠦᠲᠦᠭᠡᠨ ᠪᠠᠶ᠋ᠢᠭᠤᠯᠬᠤ ᠶᠡᠬᠡ ᠲᠠᠯ᠎ᠠ᠎ᠳᠤ ᠬᠣᠯᠪᠣᠭᠳᠠᠵᠤ ᠪᠠᠢᠳᠠᠭ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠳ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠦᠬᠦᠷᠦᠮ ᠨᠤᠲᠤᠭ ᠪᠡᠯᠴᠢᠭᠡᠷ ᠡᠯᠡᠰᠦ ᠰᠢᠷᠣᠢ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢ ᠬᠠᠮᠠᠭᠠᠯᠠᠬᠤ ᠪᠠ ᠴᠢᠨᠠᠷ ᠰᠠᠢᠲᠠᠢ ᠬᠥᠭᠵᠢᠭᠦᠯᠬᠦ ᠪᠠᠢᠯᠳᠤᠬᠤ ᠪᠣᠳᠣᠯᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠭᠣᠣᠯ ᠮᠥᠷᠡᠨ ᠨᠠᠭᠤᠷ ᠴᠥᠭᠥᠷᠥᠮ᠎ᠦᠨ ᠠᠮᠢ ᠠᠬᠤᠢ᠎ᠶᠢ ᠰᠡᠷᠭᠦᠭᠡᠬᠦ ᠂ ᠬᠥᠷᠥᠰᠥ ᠰᠢᠷᠣᠢ᠎ᠶᠢᠨ ᠢᠳᠡᠭᠳᠡᠯ᠎ᠢ ᠵᠠᠰᠠᠬᠤ ᠵᠡᠷᠭᠡ ᠢᠨᠵᠧᠨᠧᠷᠢᠩ᠎ᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠤᠮᠠᠷᠠᠲᠤ ᠬᠢᠯᠢ᠎ᠶᠢᠨ ᠤᠰᠤ᠎ᠶᠢ ᠨᠠᠩ ᠲᠤᠩᠭᠠᠯᠠᠭ᠂ ᠠᠭᠤᠯᠠ᠎ᠶᠢ ᠨᠠᠩ ᠨᠣᠭᠣᠭᠠᠨ ᠪᠣᠯᠭᠠᠪᠠ᠃
      ᠭᠣᠣᠯ ᠮᠥᠷᠡᠨ ᠨᠠᠭᠤᠷ ᠴᠥᠭᠥᠷᠥᠮ᠎ᠦᠨ ᠬᠠᠮᠢᠶᠠᠷᠤᠯᠲᠠ ᠬᠠᠮᠠᠭᠠᠯᠠᠯᠲᠠ᠎ᠶᠢ ᠭᠦᠨᠵᠡᠭᠡᠢᠷᠡᠭᠦᠯᠦᠨ ᠠᠬᠢᠭᠤᠯᠪᠠ᠃ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠠᠪᠤᠨ ᠵᠢᠯ᠎ᠦᠨ ᠲᠤᠷᠰᠢ᠂ ᠥᠪᠥᠷ ᠮᠣᠩᠭᠣᠯ᠎ᠤᠨ ᠨᠡᠢ᠍ᠢᠳᠡ 1.66 ᠲᠦᠮᠡᠨ ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ ᠠᠵᠢᠯ᠎ᠤᠨ ᠪᠠᠢᠷᠢ᠎ᠳᠤ ᠭᠠᠷᠴᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠡᠢ᠍ᠢᠳᠡ 122.6 ᠲᠦᠮᠡᠨ ᠬᠥᠮᠥᠨ ᠤᠳᠠᠭ᠎ᠠ ᠭᠣᠣᠯ ᠮᠥᠷᠡᠨ ᠨᠠᠭᠤᠷ ᠴᠥᠭᠥᠷᠥᠮ᠎ᠢ ᠲᠣᠭᠣᠷᠢᠨ ᠴᠠᠭᠳᠠᠵᠤ᠂ ᠨᠢᠭᠡ ᠪᠦᠯᠦᠭ ᠭᠣᠣᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠨ ᠵᠠᠰᠠᠬᠤ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠬᠦᠴᠦᠲᠡᠢ ᠠᠬᠢᠭᠤᠯᠤᠭᠰᠠᠨ ᠪᠠᠢᠨ᠎ᠠ᠃ ᠭᠣᠣᠯ ᠨᠠᠭᠤᠷ ᠴᠥᠭᠥᠷᠥᠮ᠎ᠦᠨ 《 ᠲᠦᠷᠪᠡᠨ ᠡᠮᠬᠢ ᠵᠠᠮᠪᠠᠷᠠᠭ᠎ᠠ ᠦᠭᠡᠢ ᠪᠠᠢᠳᠠᠯ᠎ᠢ ᠴᠡᠪᠡᠷᠯᠡᠬᠦ 》 ( ᠳᠤᠷ᠎ᠠ᠎ᠪᠠᠷ᠎ᠢᠶᠠᠨ ᠡᠵᠡᠯᠡᠬᠦ᠂ ᠳᠤᠷ᠎ᠠ᠎ᠪᠠᠷ᠎ᠢᠶᠠᠨ ᠮᠠᠯᠲᠠᠬᠤ᠂ ᠳᠤᠷ᠎ᠠ᠎ᠪᠠᠷ᠎ᠢᠶᠠᠨ ᠣᠪᠣᠭᠠᠯᠠᠬᠤ᠂ ᠳᠤᠷ᠎ᠠ᠎ᠪᠠᠷ᠎ᠢᠶᠠᠨ ᠪᠠᠶ᠋ᠢᠭᠤᠯᠬᠤ᠎ᠶᠢ ᠴᠡᠪᠡᠷᠯᠡᠬᠦ )᠎ᠶᠢ ᠭᠦᠨᠵᠡᠭᠡᠢ ᠥᠷᠨᠢᠭᠦᠯᠵᠦ᠂ ᠳᠣᠲᠣᠭᠠᠳᠤ᠎ᠶᠢ ᠬᠠᠮᠠᠭᠠᠯᠠᠬᠤ᠂ ᠪᠠᠢᠴᠠᠭᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《 ᠬᠠᠪᠤᠷ᠎ᠤᠨ ᠤᠯᠠᠷᠢᠯ᠎ᠤᠨ ᠠᠵᠢᠯᠯᠠᠭ᠎ᠠ 》᠂ 《 ᠨᠠᠮᠤᠷ᠎ᠤᠨ ᠤᠯᠠᠷᠢᠯ᠎ᠤᠨ ᠠᠵᠢᠯᠯᠠᠭ᠎ᠠ 》᠎ᠶᠢ ᠥᠷᠨᠢᠭᠦᠯᠵᠦ᠂ ᠬᠠᠤᠯᠢ ᠬᠡᠷᠡᠭᠵᠢᠭᠦᠯᠬᠦ ᠨᠡᠢᠯᠡᠯ ᠬᠦᠴᠦᠨ᠎ᠢ ᠪᠦᠷᠢᠯᠳᠦᠭᠦᠯᠵᠦ᠂ 《 ᠲᠦᠷᠪᠡᠨ ᠡᠮᠬᠢ ᠵᠠᠮᠪᠠᠷᠠᠭ᠎ᠠ ᠦᠭᠡᠢ ᠪᠠᠢᠳᠠᠯ 》᠎ᠢ ᠨᠡᠢ᠍ᠢᠳᠡ 7507 ᠴᠡᠪᠡᠷᠯᠡᠨ ᠵᠠᠰᠠᠵᠤ᠂ ᠲᠣᠭᠲᠠᠭᠠᠯ᠎ᠠᠴᠠ ᠵᠥᠷᠢᠴᠡᠨ ᠪᠠᠢᠭᠤᠯᠤᠭᠰᠠᠨ 46.5 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ᠎ᠶᠢ ᠨᠤᠷᠠᠭᠠᠵᠤ᠂ 160.2 ᠲᠦᠮᠡ ᠭᠠᠷᠤᠢ ᠲᠣᠨ ᠬᠣᠭ ᠨᠣᠪᠰᠢ᠎ᠶᠢ ᠴᠡᠪᠡᠷᠯᠡᠵᠦ᠂ ᠭᠣᠣᠯ ᠨᠠᠭᠤᠷ ᠴᠥᠭᠥᠷᠥᠮ᠎ᠦᠨ ᠳᠦᠷᠰᠦ ᠪᠠᠢᠳᠠᠯ᠎ᠳᠤ ᠦᠨᠳᠦᠰᠦᠨ ᠴᠢᠨᠠᠷᠲᠠᠢ ᠬᠤᠪᠢᠷᠠᠯᠲᠠ ᠭᠠᠷᠬᠤ᠎ᠶᠢ ᠪᠡᠶᠡᠯᠡᠭᠦᠯᠪᠡ᠃ ᠭᠣᠣᠯ ᠨᠠᠭᠤᠷ᠎ᠤᠨ ᠤᠰᠤᠨ᠎ᠤ ᠠᠮᠢ ᠠᠬᠤᠢ᠎ᠶᠢᠨ ᠬᠠᠮᠠᠭᠠᠯᠠᠯᠲᠠ᠎ᠶᠢᠨ ᠠᠵᠢᠯ᠎ᠢ ᠢᠳᠡᠪᠬᠢᠲᠡᠢ ᠠᠬᠢᠭᠤᠯᠵᠤ᠂ 2891 ᠭᠣᠣᠯ ᠨᠠᠭᠤᠷ᠎ᠤᠨ ᠡᠷᠡᠭᠦᠯ ᠮᠡᠨᠳᠦ᠎ᠶᠢᠨ ᠦᠨᠡᠯᠡᠯᠲᠡ᠎ᠶᠢ ᠪᠡᠶᠡᠯᠡᠭᠦᠯᠵᠦ᠂ 10 ᠵᠤᠷᠪᠤᠰ ( ᠬᠤᠪᠢ ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠣᠯ ᠵᠢᠷᠭᠠᠯᠲᠤ ᠭᠣᠣᠯ ᠨᠠᠭᠤᠷ᠎ᠢ ᠪᠠᠢᠭᠤᠯᠤᠨ ᠪᠦᠲᠦᠭᠡᠪᠡ᠃
      ᠬᠠᠮᠵᠢᠯᠴᠠᠨ ᠵᠠᠰᠠᠬᠤ ᠲᠣᠭᠲᠠᠴᠠ᠎ᠶᠢᠨ ᠦᠢᠯᠡᠳᠦᠯ᠎ᠢ ᠪᠠᠳᠠᠷᠠᠭᠤᠯᠪᠠ᠃ ᠮᠤᠵᠢ ᠠᠯᠤᠰᠯᠠᠨ ᠬᠠᠮᠵᠢᠯᠴᠠᠨ ᠬᠠᠮᠲᠤᠷᠠᠯᠴᠠᠬᠤ᠎ᠶᠢ ᠴᠢᠩᠭᠠᠳᠬᠠᠵᠤ᠂ ᠤᠷᠢᠳ ᠬᠣᠵᠢᠳ ᠨᠢᠩᠰᠢᠶᠠ᠂ ᠭᠠᠨᠰᠤ ᠵᠡᠷᠭᠡ 8 ᠬᠥᠷᠰᠢ ᠵᠡᠷᠭᠡᠯᠡᠳᠡᠭᠡ ᠮᠤᠵᠢ᠎ᠶᠢᠨ 43 ᠬᠣᠲᠠ ᠰᠢᠶᠠᠨ᠎ᠲᠠᠢ 35 ᠮᠤᠵᠢ ᠣᠷᠣᠨ ᠠᠯᠤᠰᠯᠠᠭᠰᠠᠨ ᠵᠠᠭᠠᠭ ᠭᠣᠣᠯ ᠮᠥᠷᠡᠨ ᠨᠠᠭᠤᠷ ᠴᠥᠭᠥᠷᠥᠮ᠎ᠦᠨ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠵᠦ ᠬᠣᠯᠪᠤᠭᠠᠯᠠᠨ ᠵᠠᠰᠠᠬᠤ ᠲᠣᠭᠲᠠᠴᠠ᠎ᠶᠢ ᠪᠠᠢᠭᠤᠯᠵᠤ᠂ ᠰᠠᠪᠠ ᠭᠠᠵᠠᠷ᠎ᠤᠨ ᠠᠮᠢ ᠠᠬᠤᠢ᠎ᠶᠢᠨ ᠠᠮᠤᠷ ᠲᠦᠪᠰᠢᠨ᠎ᠢ ᠬᠠᠮᠲᠤ᠎ᠪᠠᠷ ᠰᠠᠬᠢᠨ ᠬᠠᠮᠠᠭᠠᠯᠠᠪᠠ᠃ ᠥᠪᠡᠷᠲᠡᠭᠡᠨ ᠵᠠᠰᠠᠬᠤ ᠣᠷᠣᠨ᠎ᠤ ᠭᠣᠣᠯ ᠨᠠᠭᠤᠷ᠎ᠤᠨ ᠳᠠᠷᠤᠭ᠎ᠠ᠎ᠶᠢᠨ ᠳᠦᠷᠢᠮ᠎ᠦᠨ ᠲᠢᠩᠬᠢᠮ᠎ᠦᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ ᠪᠠ 《 ᠭᠣᠣᠯ ᠨᠠᠭᠤᠷ᠎ᠤᠨ ᠳᠠᠷᠤᠭ᠎ᠠ + ᠪᠠᠢᠴᠠᠭᠠᠬᠤ ᠳᠠᠷᠤᠭ᠎ᠠ 》᠎ᠶᠢᠨ ᠬᠠᠮᠵᠢᠯᠴᠠᠬᠤ ᠲᠣᠭᠲᠠᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠺᠠᠳ᠋ᠷ᠎ᠢ ᠬᠠᠷᠢᠯᠴᠠᠨ ᠲᠣᠮᠢᠯᠠᠵᠤ ᠰᠣᠯᠢᠯᠴᠠᠬᠤ ᠲᠣᠭᠲᠠᠴᠠ᠎ᠶᠢ ᠪᠠᠢᠭᠤᠯᠤᠨ᠂ ᠪᠤᠭᠤᠲᠤ ᠬᠣᠲᠠ᠎ᠶᠢᠨ ᠸᠠᠩ ᠳᠠ ᠬᠠᠨ᠎ᠤ ᠬᠥᠪᠥᠮᠡᠯ ᠬᠥᠭᠥᠷᠭᠡ᠎ᠶᠢ ᠨᠤᠷᠠᠭᠠᠵᠤ ᠴᠡᠭᠴᠡᠯᠡᠨ ᠰᠠᠢᠵᠢᠷᠠᠭᠤᠯᠬᠤ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ ᠪᠥᠭᠡᠳ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠨᠡᠢᠲᠡᠯᠡᠭᠰᠡᠨ ᠨᠤᠭᠤ ᠭᠠᠵᠠᠷ᠎ᠢ ᠬᠠᠮᠠᠭᠠᠯᠠᠬᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠳᠦ ᠰᠣᠩᠭᠣᠭᠳᠠᠪᠠ᠃
      ᠭᠣᠣᠯ ᠨᠠᠭᠤᠷ᠎ᠤᠨ ᠠᠮᠢ ᠠᠬᠤᠢ᠎ᠶᠢᠨ ᠤᠰᠤᠨ᠎ᠦ ᠬᠡᠮᠵᠢᠶ᠎ᠡ᠎ᠶᠢ ᠲᠣᠬᠢᠷᠠᠭᠤᠯᠬᠤ ᠠᠬᠢᠴᠠ ᠢᠯᠡᠷᠬᠡᠢ ᠪᠣᠯᠪᠠ᠃ ᠬᠠᠲᠤᠨ ᠭᠣᠣᠯ᠂ ᠡᠵᠡᠨ᠎ᠡ ᠭᠣᠣᠯ᠂ ᠨᠤᠨ ᠮᠥᠷᠡᠨ᠂ ᠯᠤᠸᠠᠨ ᠾᠧ ᠭᠣᠣᠯ ᠵᠡᠷᠭᠡ ᠮᠤᠵᠢ ᠠᠯᠤᠰᠯᠠᠭᠰᠠᠨ 17 ᠵᠤᠷᠪᠤᠰ ᠭᠣᠣᠯ ᠮᠥᠷᠡᠨ᠎ᠳᠦ ᠬᠣᠯᠪᠣᠭᠳᠠᠭᠰᠠᠨ ᠤᠰᠤᠨ᠎ᠤ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠡᠮᠬᠢ ᠵᠢᠷᠤᠮ᠎ᠲᠠᠢ᠎ᠪᠠᠷ ᠥᠷᠨᠢᠭᠦᠯᠪᠡ᠃ 2025 ᠣᠨ᠎ᠳᠤ᠂ ᠤᠷᠤᠰᠬᠠᠯ ᠲᠠᠰᠤᠷᠠᠭᠠᠳ 27 ᠵᠢᠯ ᠪᠣᠯᠤᠭᠰᠠᠨ ᠪᠠᠷᠠᠭᠤᠨ ᠯᠢᠶᠣᠤ ᠾᠧ ᠭᠣᠣᠯ ᠵᠢᠯ᠎ᠦᠨ ᠳᠣᠲᠣᠷ᠎ᠠ 2 ᠤᠳᠠᠭ᠎ᠠ ᠪᠦᠬᠦ ᠱᠤᠭᠤᠮ᠎ᠢᠶᠠᠷ ᠤᠰᠤ ᠨᠡᠪᠲᠡᠷᠡᠬᠦ᠎ᠶᠢ ᠪᠡᠶᠡᠯᠡᠭᠦᠯᠵᠦ᠂ ᠪᠦᠬᠦ ᠤᠯᠤᠰ᠎ᠤᠨ ᠲᠤᠯᠤᠭᠠᠨ ᠶᠡᠬᠡ ᠭᠣᠣᠯ ᠮᠥᠷᠡᠨ᠎ᠦ ᠳᠣᠲᠣᠷᠠᠬᠢ ᠴᠤᠷ᠎ᠤᠨ ᠭᠠᠭᠴᠠ ᠤᠷᠳᠤ ᠬᠤᠭᠤᠴᠠᠭ᠎ᠠ᠎ᠪᠠᠷ ᠤᠷᠤᠰᠬᠠᠯ ᠲᠠᠰᠤᠷᠠᠭᠰᠠᠨ ᠲᠡᠦᠬᠡ᠎ᠶᠢ ᠡᠴᠦᠰᠯᠡᠭᠦᠯᠦᠭᠰᠡᠨ ᠭᠣᠣᠯ ᠮᠥᠷᠡᠨ ᠪᠣᠯᠵᠤ᠂ ᠰᠠᠪᠠ ᠭᠠᠵᠠᠷ᠎ᠤᠨ ᠠᠮᠢ ᠠᠬᠤᠢ᠎ᠶᠢᠨ ᠰᠡᠷᠭᠦᠯᠲᠡ ᠴᠣ ᠰᠢᠨ᠎ᠡ ᠡᠬᠢᠯᠡᠯᠲᠡ᠎ᠶᠢᠨ ᠴᠡᠭ᠎ᠢ ᠤᠭᠲᠤᠨ ᠠᠪᠤᠪᠠ᠃ ᠰᠤᠪᠠᠨᠠᠭᠤᠷ 21 ᠵᠢᠯ ᠳᠠᠷᠠᠭᠠᠯᠠᠨ ᠬᠠᠲᠠᠬᠤ ᠦᠭᠡᠢ ᠪᠠᠢᠬᠤ᠎ᠶᠢ ᠪᠡᠶᠡᠯᠡᠭᠦᠯᠵᠦ᠂ ᠭᠠᠰᠢᠭᠤᠨ ᠨᠠᠭᠤᠷ᠎ᠲᠤ ᠣᠢᠷ᠎ᠠ᠎ᠶᠢᠨ 5 ᠵᠢᠯ᠎ᠳᠦ ᠠᠩᠬ᠎ᠠ ᠤᠳᠠᠭ᠎ᠠ ᠤᠰᠤ ᠣᠷᠣᠭᠤᠯᠬᠤ᠎ᠶᠢ ᠪᠡᠶᠡᠯᠡᠭᠦᠯᠵᠦ᠂ ᠨᠣᠭᠣᠭᠠᠨ ᠪᠦᠷᠢᠳᠦ᠎ᠶᠢᠨ ᠠᠮᠢ ᠠᠬᠤᠢ᠎ᠶᠢᠨ ᠰᠢᠰᠲᠧᠮ᠎ᠢ ᠵᠠᠰᠠᠨ ᠰᠡᠷᠭᠦᠭᠡᠪᠡ᠃ ᠭᠣᠣᠯᠳᠠᠯᠭ᠎ᠠ᠎ᠲᠠᠢ ᠭᠣᠣᠯ ᠮᠥᠷᠡᠨ ᠨᠠᠭᠤᠷ ᠴᠥᠭᠥᠷᠥᠮ᠎ᠳᠦ ᠤᠰᠤ ᠨᠥᠬᠥᠪᠦᠷᠢᠯᠡᠬᠦ᠎ᠶᠢ ᠦᠷᠭᠦᠯᠵᠢᠯᠡᠨ ᠠᠬᠢᠭᠤᠯᠵᠤ᠂ ᠲᠠᠪᠤᠨ ᠵᠢᠯ᠎ᠦᠨ ᠲᠤᠷᠰᠢ᠂ ᠤᠯᠠᠭᠠᠨᠰᠤᠬᠠᠢ᠎ᠳᠤ ᠨᠡᠢ᠍ᠢᠳᠡ 23 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠦ᠂ ᠳᠠᠭ᠎ᠠ᠎ᠶᠢᠨ ᠨᠠᠭᠤᠷ᠎ᠲᠤ 6316 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠵᠦ᠂ ᠨᠠᠭᠤᠷ᠎ᠤᠨ ᠲᠠᠯᠠᠪᠠᠢ 10 ᠰᠢᠬᠠᠮ ᠵᠢᠯ᠎ᠦᠨ ᠰᠢᠨ᠎ᠡ ᠲᠡᠮᠳᠡᠭᠯᠡᠯ᠎ᠢ ᠡᠭᠦᠳᠴᠡᠢ᠃
      ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ ᠠᠵᠢᠯ᠎ᠢ ᠲᠣᠭᠲᠠᠭᠤᠨ᠎ᠢᠶᠠᠷ ᠲᠦᠯᠬᠢᠨ ᠠᠬᠢᠭᠤᠯᠪᠠ᠃ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ᠎ᠶᠢ ᠬᠠᠮᠠᠭᠠᠯᠠᠬᠤ ᠳᠦᠷᠢᠮ 》᠎ᠳᠤ ᠵᠠᠰᠠᠪᠤᠷᠢ ᠣᠷᠣᠭᠤᠯᠵᠤ᠂ ᠰᠠᠯᠠᠭ᠎ᠠ ᠮᠥᠴᠢᠷ᠎ᠦᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢᠭᠤᠯᠪᠠ᠃ 《 ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ 》᠎ᠤ ᠭᠣᠣᠯ ᠳᠠᠢᠯᠠᠯᠳᠤᠭᠠᠨ᠎ᠦ ᠲᠠᠯᠠᠪᠤᠷ᠂ ᠬᠥᠷᠥᠰᠥ ᠰᠢᠷᠣᠢ᠎ᠶᠢᠨ ᠢᠳᠡᠭᠳᠡᠯ᠎ᠦᠨ ᠭᠣᠣᠯᠳᠠᠯᠭ᠎ᠠ᠎ᠲᠠᠢ ᠬᠠᠮᠠᠭᠠᠯᠠᠯᠲᠠ᠎ᠶᠢᠨ ᠣᠷᠣᠨ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠲᠠᠪᠤᠨ ᠵᠢᠯ᠎ᠦᠨ ᠲᠤᠷᠰᠢ ᠨᠡᠢ᠍ᠢᠳᠡ 53.12 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ ᠣᠷᠣᠭᠤᠯᠵᠤ᠂ ᠵᠢᠵᠢᠭ ᠰᠠᠪᠠ ᠭᠠᠵᠠᠷ᠎ᠢ ᠶᠡᠷᠦᠩᠬᠡᠢᠯᠡᠨ ᠵᠠᠰᠠᠭᠰᠠᠨ ᠲᠠᠯᠠᠪᠠᠢ 3749.1 ᠲᠡᠭᠰᠢ ᠳᠥᠷᠪᠡᠯᠵᠢᠨ ᠺᠢᠯᠣᠮᠧᠲᠷ ᠬᠦᠷᠴᠦ᠂ 5089 ᠵᠤᠷᠪᠤᠰ ᠵᠡᠭᠦᠨ ᠬᠣᠢᠲᠤ᠎ᠶᠢᠨ ᠬᠠᠷ᠎ᠠ ᠰᠢᠷᠣᠢᠲᠤ ᠣᠷᠣᠨ᠎ᠤ ᠢᠳᠡᠭᠳᠡᠮᠡᠯ ᠭᠤᠤ᠎ᠶᠢ ᠶᠡᠷᠦᠩᠬᠡᠢᠯᠡᠨ ᠵᠠᠰᠠᠬᠤ᠎ᠶᠢ ᠪᠡᠶᠡᠯᠡᠭᠦᠯᠵᠦ᠂ ᠨᠦᠯᠦᠮᠡᠯ ᠭᠠᠵᠠᠷ᠎ᠤᠨ ᠬᠠᠰᠢᠯᠭ᠎ᠠ ᠪᠠ ᠡᠯᠡᠰᠦ ᠬᠠᠰᠢᠬᠤ ᠬᠠᠰᠢᠯᠭ᠎ᠠ᠎ᠶᠢ 351 ᠰᠢᠨ᠎ᠡ᠎ᠪᠡᠷ ᠪᠠᠢᠭᠤᠯᠵᠤ᠂ 54.98 ᠲᠡᠭᠰᠢ ᠳᠥᠷᠪᠡᠯᠵᠢᠨ ᠺᠢᠯᠣᠮᠧᠲᠷ ᠨᠠᠯᠠᠤ ᠲᠠᠷᠢᠶᠠᠨ ᠭᠠᠵᠠᠷ᠎ᠢ ᠶᠡᠷᠦᠩᠬᠡᠢᠯᠡᠨ ᠵᠠᠰᠠᠵᠤ᠂ 203 ᠰᠠᠭᠤᠷᠢ ᠨᠦᠯᠦᠮᠡᠯ ᠭᠠᠵᠠᠷ᠎ᠤᠨ ᠬᠠᠰᠢᠯᠭ᠎ᠠ᠎ᠶᠢᠨ ᠠᠶᠤᠯ᠎ᠢ ᠠᠷᠢᠯᠭᠠᠨ ᠪᠡᠬᠢᠯᠡᠵᠦ᠂ 3.76 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠠᠯᠠᠪᠠᠢ᠎ᠶᠢᠨ ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠵᠤ ᠂ 2025 ᠣᠨ᠎ᠤ ᠡᠴᠦᠰ᠎ᠲᠦ ᠬᠥᠷᠥᠰᠥ ᠰᠢᠷᠣᠢ᠎ᠶᠢ ᠬᠠᠮᠠᠭᠠᠯᠠᠬᠤ ᠨᠤᠷᠮ᠎ᠠ᠎ᠶᠢ 53.11% ᠳ᠋ᠤ᠌ ᠬᠦᠷᠭᠡᠵᠡᠢ᠃ ᠢᠯᠠᠩᠭᠤᠶ᠎ᠠ ᠠᠷᠪᠠᠨ ᠶᠡᠬᠡ ᠬᠥᠨᠳᠡᠢ᠎ᠪᠡᠷ ᠪᠣᠭᠣᠮᠲᠠ ᠰᠢᠪᠲᠤᠯᠬᠤ ᠭᠣᠣᠯᠳᠠᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《 ᠠᠷᠪᠠᠨ ᠶᠡᠬᠡ ᠬᠥᠨᠳᠡᠢ᠎ᠶᠢ ᠶᠡᠷᠦᠩᠬᠡᠢᠯᠡᠨ ᠵᠠᠰᠠᠬᠤ ᠲᠥᠯᠦᠪᠵᠢᠭᠦᠯᠭᠡ (2023︱2035 ᠣᠨ) 》 ᠶ᠋ᠢ ᠵᠥᠪᠰᠢᠶᠡᠷᠡᠵᠦ᠂ ᠴᠡᠭᠴᠡᠯᠡᠨ ᠵᠠᠰᠠᠬᠤ ᠵᠠᠭᠪᠤᠷ᠎ᠢ ᠠᠬᠢᠭᠤᠯᠵᠤ᠂ ᠪᠡᠯᠡ ᠣᠷᠣᠭᠤᠯᠤᠯᠲᠠ᠎ᠶᠢᠨ ᠳᠡᠮᠵᠢᠯᠭᠡ᠎ᠶᠢᠨ ᠡᠷᠴᠢᠮ᠎ᠢᠶᠠᠨ ᠴᠢᠩᠭᠠᠷᠠᠭᠤᠯᠵᠤ᠂ ᠵᠠᠰᠠᠯᠲᠠ᠎ᠶᠢᠨ ᠬᠤᠷᠳᠤᠴᠠ᠎ᠶᠢ ᠮᠡᠳᠡᠭᠳᠡᠮ᠎ᠡ ᠳᠡᠭᠡᠭᠰᠢᠯᠡᠭᠦᠯᠵᠦ᠂ ᠰᠢ ᠯᠢᠦ ᠭᠧᠦ᠂ ᠾᠧᠢ ᠯᠠᠢ ᠭᠧᠦ ᠵᠡᠷᠭᠡ᠎ᠶᠢᠨ ᠵᠠᠰᠠᠯᠲᠠ ᠦᠷ᠎ᠡ ᠪᠦᠲᠦᠮᠵᠢ ᠮᠡᠳᠡᠭᠳᠡᠮ᠎ᠡ ᠪᠣᠯᠵᠤ᠂ ᠤᠤᠯ᠎ᠤᠨ ᠬᠥᠷᠥᠰᠥ ᠰᠢᠷᠣᠢ᠎ᠶᠢᠨ ᠢᠳᠡᠭᠳᠡᠯ᠎ᠦᠨ 《 ᠬᠦᠨᠳᠦ ᠭᠠᠮᠰᠢᠭ᠍ᠳᠠᠭᠰᠠᠨ ᠣᠷᠣᠨ 》 ᠪᠠᠢᠭᠰᠠᠨ᠎ᠠᠴᠠ᠎ᠪᠠᠨ ᠤᠳᠤ᠎ᠶᠢᠨ ᠬᠥᠷᠥᠰᠥ ᠰᠢᠷᠣᠢ᠎ᠶᠢᠨ ᠬᠠᠮᠠᠭᠠᠯᠠᠯᠲᠠ᠎ᠶᠢᠨ 《 ᠦᠯᠢᠬᠡᠷ ᠵᠢᠱ᠌ᠢᠶ᠎ᠡ ᠣᠷᠣᠨ 》 ᠪᠣᠯᠤᠭᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ᠎ᠶᠢᠨ ᠢᠳᠡᠭᠳᠡᠯ᠎ᠦᠨ ᠲᠠᠯᠠᠪᠠᠶ 2.05 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠴᠤ ᠂ ᠪᠠᠭᠠᠰᠤᠭᠰᠠᠨ ᠬᠡᠮᠵᠢᠶ᠎ᠡ ᠨᠢ 3.55% ᠬᠦᠷᠴᠡᠢ; ᠳᠤᠮᠳᠠ ᠵᠡᠷᠭᠡ᠎ᠡᠴᠡ ᠳᠡᠭᠡᠭᠰᠢᠬᠢ ᠢᠳᠡᠭᠳᠡᠯ᠎ᠦᠨ ᠲᠠᠯᠠᠪᠠᠢ 1.05 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ ᠪᠠᠭᠤᠷᠠᠯᠲᠠ᠎ᠶᠢᠨ ᠬᠡᠮᠵᠢᠶ᠎ᠡ ᠨᠢ 7.87% ᠬᠦᠷᠴᠦ᠂ ᠢᠳᠡᠭᠳᠡᠯ᠎ᠦᠨ ᠬᠦᠴᠦᠯᠡᠴᠡ ᠶᠡᠷᠦᠩᠬᠡᠢ᠎ᠳᠡᠭᠡᠨ ᠥᠨᠳᠥᠷ᠎ᠡᠴᠡ ᠳᠣᠣᠷ᠎ᠠ ᠲᠡᠢᠰᠢ ᠬᠤᠪᠢᠷᠠᠪᠠ ; ᠬᠥᠷᠥᠰᠥ ᠰᠢᠷᠣᠢ᠎ᠶᠢᠨ ᠢᠳᠡᠭᠳᠡᠯ᠎ᠦᠨ ᠪᠠᠢᠳᠠᠯ᠎ᠳᠤ ᠲᠠᠯᠠᠪᠠᠶ᠎ᠶᠢᠨ ᠬᠡᠮᠵᠢᠶ᠎ᠡ ᠪᠠ ᠡᠷᠴᠢᠮ᠎ᠦᠨ ᠬᠡᠮᠵᠢᠶ᠎ᠡ 《 ᠬᠣᠶᠠᠷ ᠲᠠᠯ᠎ᠠ ᠎ᠪᠠᠷ ᠪᠠᠭᠤᠷᠠᠭᠰᠠᠨ 》 ᠪᠠᠢᠳᠠᠯ ᠢᠯᠡᠷᠡᠪᠡ᠃
      ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ ᠰᠢᠨ᠎ᠡ᠎ᠶᠢ ᠡᠭᠦᠳᠬᠦ᠎ᠶᠢ ᠡᠷᠴᠢᠮᠵᠢᠭᠦᠯᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ
      ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠪᠣᠯ ᠤᠰᠤᠨ ᠠᠰᠢᠭ᠍ᠯᠠᠯᠲᠠ᠎ᠶᠢᠨ ᠦᠢᠯᠡᠰ᠎ᠦᠨ ᠬᠥᠭᠵᠢᠯᠲᠡ᠎ᠶᠢᠨ ᠬᠥᠳᠡᠯᠭᠡᠬᠦ ᠬᠦᠴᠦᠨ᠎ᠦ ᠡᠬᠢ ᠰᠤᠷᠪᠤᠯᠵᠢ ᠮᠥᠨ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ᠎ᠦᠨ ᠬᠢᠨ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠂ ᠥᠭᠡᠷᠡᠴᠢᠯᠡᠯᠲᠡ᠎ᠪᠡᠷ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠰᠢᠨ᠎ᠡ᠎ᠶᠢ ᠡᠭᠦᠳᠬᠦ᠎ᠪᠡᠷ ᠴᠢᠨᠠᠷ ᠰᠠᠢᠲᠠᠢ ᠬᠥᠭᠵᠢᠯᠲᠡ᠎ᠳᠤ ᠬᠦᠴᠦᠨ ᠣᠯᠭᠣᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠪᠠ᠃
      ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠢᠭᠤᠯᠤᠯ᠎ᠤᠨ ᠥᠭᠡᠷᠡᠴᠢᠯᠡᠯᠲᠡ ᠨᠢ ᠪᠡᠯᠡ ᠮᠥᠩᠭᠥᠨ᠎ᠦ ᠪᠣᠭᠣᠮᠢ᠎ᠶᠢ ᠲᠠᠶ᠋ᠢᠯᠪᠠ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠬᠥᠰᠢᠭᠦᠷᠭᠡ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ 《 ᠵᠠᠰᠠᠭ ᠪᠠᠩᠬᠢ ᠠᠵᠤ ᠠᠬᠤᠢᠯᠠᠯ 》᠎ᠤᠨ ᠠᠭᠤᠰᠤᠯᠴᠠᠬᠤ ᠲᠠᠪᠴᠠᠩ᠎ᠢ ᠰᠢᠨ᠎ᠡ᠎ᠪᠡᠷ ᠡᠭᠦᠳᠦᠨ ᠪᠠᠢᠭᠤᠯᠵᠤ᠂ 《 ᠤᠰᠤ ᠠᠷᠪᠢᠯᠠᠬᠤ ᠵᠢᠭᠡᠯᠡᠯᠭᠡ 》 《 ᠤᠰᠤ ᠲᠠᠲᠠᠬᠤ ᠵᠢᠭᠡᠯᠡᠯᠭᠡ 》 《 ᠤᠰᠤᠨ᠎ᠤ ᠡᠷᠬᠡ᠎ᠶᠢᠨ ᠵᠢᠭᠡᠯᠡᠯᠭᠡ 》 ᠵᠡᠷᠭᠡ ᠵᠦᠢ ᠶᠣᠰᠣᠨ᠎ᠤ ᠮᠥᠩᠭᠥᠨ ᠭᠦᠢᠯᠭᠡᠭᠡᠨ᠎ᠦ ᠵᠠᠭᠪᠤᠷ᠎ᠢ ᠶᠡᠬᠡ᠎ᠪᠡᠷ ᠳᠡᠯᠭᠡᠷᠡᠭᠦᠯᠵᠦ᠂ ᠡᠳ᠋᠎ᠦᠨ ᠵᠠᠰᠠᠭ᠎ᠤᠨ ᠪᠡᠯᠡ ᠮᠥᠩᠭᠥ᠂ ᠮᠥᠩᠭᠥᠨ ᠭᠦᠢᠯᠭᠡᠭᠡᠨ᠎ᠦ ᠢᠲᠡᠭᠡᠮᠵᠢᠲᠦ ᠵᠢᠭᠡᠯᠡᠯᠭᠡ᠂ ᠨᠡᠢᠭᠡᠮ᠎ᠦᠨ ᠬᠥᠷᠥᠩᠭᠡ᠎ᠶᠢᠨ ᠬᠠᠮᠲᠤ᠎ᠪᠠᠷ ᠬᠦᠴᠦᠯᠡᠭᠰᠡᠨ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠪᠠᠢᠷᠢᠰᠢᠯ᠎ᠢ ᠪᠠᠢᠭᠤᠯᠵᠠᠢ᠃ 2025 ᠣᠨ᠎ᠳᠤ᠂ ᠠᠩᠬᠠᠳᠠᠭ᠍ᠴᠢ 《 ᠤᠰᠤ ᠲᠠᠲᠠᠬᠤ ᠵᠢᠭᠡᠯᠡᠯᠭᠡ 》᠎ᠶᠢᠨ ᠪᠡᠯᠡ ᠲᠣᠬᠢᠷᠠᠭᠤᠯᠭ᠎ᠠ᠎ᠶᠢᠨ ᠲᠥᠷᠥᠯ ᠵᠦᠢᠯ᠎ᠢ ᠠᠮᠵᠢᠯᠲᠠ᠎ᠲᠠᠢ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《 ᠤᠰᠤᠨ᠎ᠤ ᠡᠷᠬᠡ᠎ᠶᠢᠨ ᠵᠢᠭᠡᠯᠡᠯᠭᠡ 》 《 ᠤᠰᠤ ᠠᠷᠪᠢᠯᠠᠬᠤ ᠵᠢᠭᠡᠯᠡᠯᠭᠡ 》 ᠭᠡᠬᠦ ᠬᠣᠶᠠᠷ ᠵᠦᠢᠯ᠎ᠦᠨ ᠪᠡᠯᠡ ᠲᠣᠬᠢᠷᠠᠭᠤᠯᠭ᠎ᠠ᠎ᠶᠢᠨ ᠦᠢᠯᠡᠴᠢᠯᠡᠭᠡᠨ᠎ᠦ ᠵᠢᠭᠡᠯᠡᠯᠭᠡ ᠲᠠᠯᠪᠢᠬᠤ ᠬᠡᠪᠴᠢᠶ᠎ᠡ 40 ᠳ᠋ᠦᠩᠰᠢᠭᠤᠷ ᠲᠥᠭᠥᠷᠢᠭ᠎ᠦᠨ ᠪᠣᠭᠣᠮᠲᠠ᠎ᠶᠢ ᠳᠠᠪᠠᠵᠤ᠂ ᠨᠡᠶ᠋ᠢᠲᠡ 97 ᠠᠵᠤ ᠠᠬᠤᠢᠯᠠᠯ᠎ᠤᠨ ᠬᠦᠴᠢᠷᠳᠡᠯ᠎ᠢ ᠰᠢᠢᠳᠪᠦᠷᠢᠯᠡᠵᠦ ᠥᠭᠪᠡ᠃ ᠲᠠᠪᠤᠨ ᠵᠢᠯ᠎ᠦᠨ ᠲᠤᠷᠰᠢ᠂ ᠤᠰᠤᠨ ᠠᠰᠢᠭ᠍ᠯᠠᠯᠲᠠ᠎ᠶᠢᠨ ᠪᠡᠯᠡ ᠣᠷᠣᠭᠤᠯᠤᠯᠲᠠ᠎ᠶᠢ 750 ᠳ᠋ᠦᠩᠰᠢᠭᠤᠷ ᠲᠥᠭᠥᠷᠢᠭ ᠨᠠᠢᠳᠠᠪᠤᠷᠢᠵᠢᠭᠤᠯᠵᠤ᠂ ᠠᠷᠪᠠᠨ ᠭᠤᠷᠪᠠᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠬᠢ᠎ᠡᠴᠡ 8.5% ᠪᠡᠷ ᠨᠡᠮᠡᠭᠳᠡᠪᠡ᠃
      ᠠᠮᠢ ᠠᠬᠤᠢ᠎ᠶᠢᠨ ᠥᠷᠲᠡᠭ᠎ᠦᠨ ᠬᠤᠪᠢᠷᠠᠭᠤᠯᠤᠯᠲᠠ᠎ᠶᠢᠨ ᠰᠢᠨ᠎ᠡ ᠵᠠᠮ᠎ᠢ ᠨᠡᠭᠡᠭᠡᠪᠡ᠃ ᠪᠦᠬᠦ ᠤᠯᠤᠰ᠎ᠲᠤ 《 ᠡᠯᠡᠰᠦ᠎ᠶᠢ ᠬᠠᠰᠢᠵᠤ ᠤᠰᠤ᠎ᠶᠢ ᠰᠣᠯᠢᠬᠤ 》 ᠠᠮᠢ ᠠᠬᠤᠢ᠎ᠶᠢᠨ ᠵᠠᠰᠠᠯᠲᠠ᠎ᠶᠢᠨ ᠰᠢᠨ᠎ᠡ ᠵᠠᠭᠪᠤᠷ᠎ᠢ ᠠᠩᠬ᠎ᠠ ᠡᠭᠦᠳᠴᠦ᠂ ᠡᠯᠡᠰᠦ᠎ᠶᠢ ᠬᠠᠰᠢᠬᠤ ᠬᠠᠰᠢᠯᠭ᠎ᠠ᠎ᠶᠢ ᠪᠠᠶ᠋ᠢᠭᠤᠯᠬᠤ ᠵᠡᠷᠭᠡ ᠢᠨᠵᠧᠨᠧᠷᠢᠩ᠎ᠢᠶᠡᠷ ᠳᠠᠮᠵᠢᠭᠤᠯᠤᠨ᠂ ᠵᠢᠯ᠎ᠳᠦ ᠬᠠᠲᠤᠨ ᠭᠣᠣᠯ᠎ᠤᠨ ᠤᠰᠤᠨ᠎ᠤ ᠬᠡᠮᠵᠢᠶ᠎ᠡ᠎ᠶᠢ 2800 ᠲᠦᠮᠡᠨ ᠪᠣᠰᠣᠭ᠎ᠠ ᠳᠥᠷᠪᠡᠯᠵᠢᠨ ᠮᠧᠲᠷ ᠰᠣᠯᠢᠵᠤ᠂ ᠬᠣᠲᠠ ᠪᠠᠯᠭᠠᠰᠤ ᠪᠠ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠠᠰᠠᠭᠤᠳᠠᠯ᠎ᠢ ᠪᠦᠲᠦᠮᠵᠢᠲᠡᠶ᠎ᠪᠡᠷ ᠰᠢᠢᠳᠪᠦᠷᠢᠯᠡᠵᠦ᠂ 《 ᠡᠯᠡᠰᠦ᠎ᠶᠢ ᠬᠠᠰᠢᠵᠤ ᠬᠥᠷᠥᠰᠥ᠎ᠶᠢ ᠬᠠᠮᠠᠭᠠᠯᠠᠬᠤ 》 ᠪᠠ 《 ᠤᠰᠤ᠎ᠶᠢ ᠨᠡᠮᠡᠭᠳᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ 》 ᠬᠣᠣᠰ ᠠᠮᠵᠢᠯᠲᠠ᠎ᠶᠢ ᠪᠡᠶᠡᠯᠡᠭᠦᠯᠪᠡ᠃ ᠬᠢᠩᠭᠠᠨ ᠠᠢᠮᠠᠭ᠎ᠲᠤ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠯᠦᠭ ᠬᠥᠷᠥᠰᠥ ᠰᠢᠷᠣᠢ᠎ᠶᠢ ᠬᠠᠮᠠᠭᠠᠯᠠᠬᠤ ᠠᠮᠢ ᠠᠬᠤᠢ᠎ᠶᠢᠨ ᠪᠦᠲᠦᠭᠡᠭᠳᠡᠬᠦᠨ᠎ᠦ ᠥᠷᠲᠡᠭ᠎ᠢ ᠬᠤᠪᠢᠷᠠᠭᠤᠯᠬᠤ ᠪᠠ ᠰᠢᠨ᠎ᠡ᠎ᠪᠡᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ᠎ᠶᠢᠨ 《 ᠬᠣᠣᠰ ᠠᠷᠠᠯᠵᠢᠶ᠎ᠠ 》᠎ᠶᠢ ᠪᠡᠶᠡᠯᠡᠭᠦᠯᠵᠦ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ ᠨᠢ 453 ᠲᠦᠮᠡᠨ ᠲᠥᠭᠥᠷᠢᠭ᠎ᠲᠦ ᠬᠦᠷᠴᠦ᠂ ᠬᠥᠬᠡᠮᠳᠦᠭ ᠨᠣᠭᠣᠭᠠᠨ ᠠᠭᠤᠯᠠ ᠤᠰᠤ᠎ᠶᠢ 《 ᠦᠨ᠎ᠡ ᠴᠡᠨ᠎ᠡ 》᠎ᠲᠠᠢ ᠪᠥᠭᠡᠳ ᠨᠠᠩ 《 ᠵᠠᠬ᠎ᠠ ᠳᠡᠯᠭᠡᠭᠦᠷ 》᠎ᠲᠠᠢ ᠪᠣᠯᠭᠠᠵᠤ᠂ ᠠᠮᠢ ᠠᠬᠤᠢ᠂ ᠠᠵᠤ ᠠᠬᠤᠢ᠂ ᠨᠡᠢᠭᠡᠮ᠎ᠦᠨ ᠦᠷ᠎ᠡ ᠠᠰᠢᠭ᠋᠎ᠢ ᠨᠢᠭᠡᠳᠬᠡᠭᠰᠡᠨ ᠰᠢᠨ᠎ᠡ ᠠᠷᠭ᠎ᠠ ᠵᠠᠮ᠎ᠢ ᠨᠡᠭᠡᠭᠡᠵᠡᠢ᠃
      ᠤᠰᠤᠨ ᠠᠰᠢᠭ᠍ᠯᠠᠯᠲᠠ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠰᠢᠪᠲᠤᠯᠤᠯᠲᠠ ᠭᠠᠷᠭᠠᠪᠠ᠃ ᠰᠢᠨᠵᠢᠯᠡᠬᠦ ᠤᠬᠠᠭᠠᠨ ᠮᠡᠷᠭᠡᠵᠢᠯ᠎ᠦᠨ 《 ᠪᠦᠰᠡᠯᠡᠯᠲᠡ᠎ᠶᠢ ᠰᠢᠪᠲᠤᠯᠬᠤ 》 ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠤᠰᠤᠨ ᠠᠰᠢᠭ᠍ᠯᠠᠯᠲᠠ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠪᠣᠢᠵᠢᠭᠤᠯᠬᠤ᠎ᠶᠢᠨ ᠲᠤᠰᠠᠳᠠ᠂ ᠪᠥᠬᠥ ᠤᠯᠤᠰ᠎ᠲᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠢ ᠤᠷᠢᠳ᠎ᠢᠶᠠᠷ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢᠯᠡᠰ᠎ᠦᠨ ᠬᠣᠯᠪᠣᠭ᠎ᠠ᠎ᠶᠢ ᠪᠠᠢᠭᠤᠯᠵᠤ᠂ ᠥᠪᠥᠷ ᠮᠣᠩᠭᠣᠯ᠎ᠤᠨ ᠤᠰᠤ ᠠᠷᠪᠢᠯᠠᠬᠤ ᠠᠵᠢᠯ᠎ᠢ 《 ᠲᠠᠪᠴᠠᠩᠵᠢᠭᠤᠯᠤᠨ ᠬᠥᠲᠥᠯᠥᠨ ᠵᠢᠯᠤᠭᠣᠳᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ 》 ᠰᠢᠨ᠎ᠡ ᠱᠠᠲᠤ ᠦᠶ᠎ᠡ᠎ᠳᠦ ᠣᠷᠣᠭᠤᠯᠪᠠ᠃ 《 ᠬᠠᠲᠤᠨ ᠭᠣᠣᠯ᠎ᠤᠨ ᠤᠰᠤᠯᠠᠯᠲᠠ᠎ᠶᠢᠨ ᠣᠷᠣᠨ᠎ᠤ ᠤᠰᠤᠨ᠎ᠤ ᠡᠬᠢ ᠪᠠᠶᠠᠯᠢᠭ᠋᠎ᠤᠨ ᠴᠠᠭ ᠵᠠᠢ᠎ᠶᠢ ᠲᠣᠬᠢᠷᠠᠭᠤᠯᠤᠨ ᠡᠵᠡᠮᠳᠡᠬᠦ ᠪᠠ ᠠᠷᠪᠢᠲᠠᠢ ᠡᠷᠴᠢᠮᠯᠢᠭ ᠠᠰᠢᠭ᠍ᠯᠠᠬᠤ ᠮᠡᠷᠭᠡᠵᠢᠯ᠎ᠢ ᠲᠥᠪᠯᠡᠷᠡᠭᠦᠯᠦᠨ ᠵᠢᠱ᠌ᠢᠶ᠎ᠡ ᠦᠵᠡᠭᠦᠯᠬᠦ 》 ᠲᠥᠷᠥᠯ ᠵᠦᠢᠯ᠎ᠦᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠦᠨ 《 ᠠᠷᠪᠠᠨ ᠶᠡᠬᠡ ᠬᠥᠨᠳᠡᠢ᠎ᠶᠢᠨ ᠰᠠᠯᠬᠢ ᠤᠰᠤᠨ᠎ᠤ ᠨᠡᠢᠯᠡᠮᠡᠯ ᠢᠳᠡᠭᠳᠡᠯ᠎ᠦᠨ ᠣᠷᠣᠨ᠎ᠤ ᠡᠯᠡᠰᠦ ᠰᠢᠪᠠᠷ᠎ᠢ ᠬᠣᠷᠢᠭ᠍ᠯᠠᠨ ᠡᠵᠡᠮᠳᠡᠬᠦ ᠪᠠ ᠣᠢᠷ᠎ᠠ ᠪᠠᠢᠭᠠᠯᠢ᠎ᠶᠢᠨ ᠠᠮᠢ ᠠᠬᠤᠢ᠎ᠶᠢ ᠰᠡᠷᠭᠦᠭᠡᠬᠦ ᠮᠡᠷᠭᠡᠵᠢᠯ᠎ᠢ ᠲᠥᠪᠯᠡᠷᠡᠭᠦᠯᠦᠨ ᠡᠵᠡᠮᠳᠡᠬᠦ ᠪᠠ ᠵᠢᠱ᠌ᠢᠶ᠎ᠡ ᠦᠵᠡᠭᠦᠯᠬᠦ 》᠎ᠶᠢ ᠠᠮᠵᠢᠯᠲᠠ᠎ᠲᠠᠢ᠎ᠪᠠᠷ ᠨᠡᠢᠲᠡᠯᠡᠵᠦ᠂ ᠤᠰᠤᠨ᠎ᠤ ᠡᠬᠢ ᠪᠠᠶᠠᠯᠢᠭ᠋᠎ᠤᠨ ᠬᠠᠮᠢᠶᠠᠷᠤᠯᠲᠠ ᠪᠠ ᠠᠮᠢ ᠠᠬᠤᠢ᠎ᠶᠢᠨ ᠵᠠᠰᠠᠯᠲᠠ᠎ᠶᠢᠨ ᠵᠠᠩᠭᠢᠯᠠᠭ᠎ᠠ᠎ᠶᠢᠨ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠪᠡ᠃ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠶᠦᠩ ᠵᠢᠢ ᠤᠰᠤᠯᠠᠯᠲᠠ᠎ᠶᠢᠨ ᠣᠷᠣᠨ᠎ᠳᠤ ᠲᠣᠭᠠᠴᠢᠯᠠᠭᠰᠠᠨ ᠢᠬᠡᠷ᠎ᠡ ᠤᠯᠤᠰ᠎ᠤᠨ ᠲᠠᠰ᠎ᠤᠨ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠬᠤ ᠴᠡᠭ᠎ᠢ ᠪᠠᠶ᠋ᠢᠭᠤᠯᠬᠤ᠎ᠶᠢ ᠦᠷᠭᠦᠯᠵᠢᠯᠡᠨ ᠠᠬᠢᠭᠤᠯᠵᠤ᠂ ᠲᠤᠭᠠᠴᠢᠯᠠᠯᠳᠠ᠂ ᠣᠶᠤᠨᠴᠢᠯᠠᠯᠲᠠ ᠪᠡᠷ ᠲᠠᠰ ᠳᠡᠪᠰᠢᠭᠦᠯᠦᠨ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠬᠠᠮᠢᠶᠠᠷᠴᠤ ᠬᠠᠮᠠᠭᠠᠯᠠᠬᠤ ᠪᠠ ᠲᠣᠬᠢᠷᠠᠭᠤᠯᠬᠤ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠢᠨᠵᠢᠯᠡᠬᠦ ᠤᠬᠠᠭᠠᠨ ᠮᠡᠷᠭᠡᠵᠢᠯ᠎ᠦᠨ ᠲᠤᠯᠭᠠᠭᠤᠷᠢᠯᠠᠯ᠎ᠢ ᠪᠡᠬᠢᠵᠢᠭᠦᠯᠵᠡᠢ᠃
      ᠤᠰᠤᠨ ᠠᠰᠢᠭ᠍ᠯᠠᠯᠲᠠ᠎ᠶᠢᠨ ᠵᠠᠰᠠᠯᠲᠠ᠎ᠶᠢᠨ ᠬᠠᠮᠢᠶᠠᠷᠤᠯᠲᠠ᠎ᠶᠢᠨ ᠬᠢᠷᠢ ᠲᠦᠪᠰᠢᠨ᠎ᠢ ᠰᠢᠰᠲᠧᠮᠲᠦ ᠴᠢᠨᠠᠷᠲᠠᠢ ᠳᠡᠭᠡᠭᠰᠢᠯᠡᠭᠦᠯᠪᠡ᠃ ᠬᠠᠤᠯᠢ ᠶᠣᠰᠣᠭᠠᠷ ᠤᠰᠤ᠎ᠶᠢ ᠵᠠᠰᠠᠬᠤ᠂ ᠥᠭᠡᠷᠡᠴᠢᠯᠡᠯᠲᠡ᠎ᠪᠡᠷ ᠡᠨᠧᠷᠭᠢ ᠣᠯᠭᠣᠬᠤ᠎ᠶᠢ ᠪᠠᠷᠢᠮᠲᠠᠯᠠᠵᠤ᠂ ᠳᠦᠷᠢᠮ᠎ᠢ ᠲᠡᠭᠦᠯᠳᠡᠷᠵᠢᠭᠦᠯᠬᠦ᠎ᠪᠡᠷ ᠦᠨᠳᠦᠰᠦ ᠰᠠᠭᠤᠷᠢ᠎ᠶᠢ ᠪᠡᠬᠢᠵᠢᠭᠦᠯᠵᠦ᠂ ᠦᠢᠯᠡᠴᠢᠯᠡᠭᠡ᠎ᠶᠢ ᠰᠢᠯᠢᠳᠡᠭᠵᠢᠭᠦᠯᠬᠦ᠎ᠪᠡᠷ ᠶᠠᠰᠤ ᠴᠢᠨᠠᠷ ᠦᠷ᠎ᠡ ᠠᠰᠢᠭ᠋᠎ᠢ ᠳᠡᠭᠡᠭᠰᠢᠯᠡᠭᠦᠯᠪᠡ᠃ ᠥᠪᠥᠷ ᠮᠣᠩᠭᠣᠯ᠎ᠤᠨ ᠠᠩᠬᠠᠳᠠᠭ᠍ᠴᠢ ᠲᠠᠩ ᠲᠥᠷᠥᠯ᠎ᠦᠨ ᠴᠢᠬᠤᠯᠠ ᠶᠡᠬᠡ ᠰᠠᠭᠤᠷᠢ ᠪᠡᠯᠡᠳᠬᠡᠮᠵᠢ᠎ᠳᠦ ᠴᠢᠭᠯᠡᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠬᠠᠮᠢᠶᠠᠷᠤᠯᠲᠠ ᠪᠠ ᠬᠠᠮᠠᠭᠠᠯᠠᠯᠲᠠ᠎ᠶᠢᠨ ᠳᠦᠷᠢᠮ 》᠎ᠢ ᠨᠡᠢᠲᠡᠯᠡᠵᠦ᠂ ᠴᠢᠬᠤᠯᠠ ᠶᠡᠬᠡ ᠢᠨᠵᠧᠨᠧᠷᠢᠩ᠎ᠦᠨ ᠣᠷᠳᠣ᠌ ᠬᠤᠭᠤᠴᠠᠭ᠎ᠠ᠎ᠪᠠᠷ ᠦᠷ᠎ᠡ ᠠᠰᠢᠭ᠋᠎ᠢᠶᠠᠨ ᠪᠠᠳᠠᠷᠠᠭᠤᠯᠬᠤ᠎ᠶᠢ ᠬᠠᠮᠠᠭᠠᠯᠠᠪᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠤᠰᠤᠨ᠎ᠤ ᠵᠠᠰᠠᠭ ᠵᠠᠬᠢᠷᠭᠠᠨ᠎ᠤ ᠵᠥᠪᠰᠢᠶᠡᠷᠡᠯ᠎ᠦᠨ ᠭᠦᠢᠴᠡᠳᠬᠡᠬᠦ ᠶᠠᠪᠤᠴᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭᠠᠨ᠎ᠤ ᠵᠥᠪᠰᠢᠶᠡᠷᠡᠯ᠎ᠦᠨ 《 ᠦᠨᠡᠮᠯᠡᠯ ᠦᠭᠡᠢ᠎ᠪᠡᠷ ᠭᠦᠢᠴᠡᠳᠬᠡᠬᠦ 》 《 ᠮᠤᠵᠢ ᠠᠯᠤᠰᠯᠠᠨ ᠨᠡᠢᠳᠡᠮ ᠭᠦᠢᠴᠡᠳᠬᠡᠬᠦ 》᠎ᠶᠢ ᠬᠡᠷᠡᠭᠵᠢᠭᠦᠯᠵᠦ᠂ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠪᠠᠷᠢᠯᠭ᠎ᠠ ᠳᠠᠭᠤᠰᠤᠭᠰᠠᠨ᠎ᠢ ᠰᠢᠯᠭᠠᠨ ᠠᠪᠬᠤ᠂ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠪᠠᠷᠢᠯᠭ᠎ᠠ᠎ᠶᠢᠨ ᠠᠵᠤ ᠠᠬᠤᠢᠯᠠᠯ᠎ᠤᠨ 《 ᠭᠤᠷᠪᠠᠨ ᠲᠥᠷᠥᠯ᠎ᠦᠨ ᠬᠥᠮᠥᠰ 》᠎ᠦᠨ ᠠᠶᠤᠯᠭᠦᠢ ᠦᠢᠯᠡᠳᠪᠦᠷᠢᠯᠡᠯ᠎ᠦᠨ 《 ᠥᠨᠳᠥᠷ ᠪᠦᠲᠦᠮᠵᠢᠲᠡᠶ ᠨᠢᠭᠡ ᠶᠠᠪᠤᠳᠠᠯ 》᠎ᠢ ᠰᠢᠯᠭᠠᠨ ᠬᠢᠨᠠᠬᠤ᠎ᠶᠢ ᠬᠡᠷᠡᠭᠵᠢᠭᠦᠯᠵᠦ᠂ ᠬᠣᠯᠪᠣᠭᠳᠠᠬᠤ ᠦᠨᠡᠮᠯᠡᠯ᠎ᠢ ᠬᠠᠮᠲᠤ᠎ᠪᠠᠷ ᠡᠳ᠋ᠯᠡᠬᠦ᠂ ᠳᠤᠲᠠᠭᠤ᠎ᠶᠢ ᠪᠠᠭᠲᠠᠭᠠᠨ ᠬᠦᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ᠎ᠶᠢ ᠮᠡᠳᠡᠭᠳᠡᠬᠦ ᠵᠡᠷᠭᠡ ᠠᠷᠠᠳ᠎ᠲᠤ ᠳᠦᠭᠦᠮ ᠦᠵᠡᠭᠦᠯᠬᠦ ᠠᠷᠭ᠎ᠠ ᠬᠡᠮᠵᠢᠶ᠎ᠡ᠎ᠶᠢ ᠠᠬᠢᠭᠤᠯᠵᠤ᠂ ᠭᠤᠶᠤᠴᠢᠯᠠᠬᠤ ᠮᠠᠲᠧᠷᠢᠶᠠᠯ᠎ᠢ ᠴᠣᠮᠬᠠᠳᠬᠠᠵᠤ᠂ ᠭᠦᠢᠴᠡᠳᠬᠡᠬᠦ ᠴᠠᠭ᠎ᠤᠨ ᠬᠢᠵᠠᠭᠠᠷ᠎ᠢ ᠪᠠᠭᠠᠰᠬᠠᠵᠤ᠂ ᠲᠤᠰᠬᠠᠢ ᠲᠤᠰᠢᠶᠠᠯ᠎ᠤᠨ 《 ᠣᠷᠣᠯᠠᠨ ᠬᠠᠪᠰᠤᠷᠤᠨ ᠭᠦᠢᠴᠡᠳᠬᠡᠬᠦ 》 ᠡᠩᠨᠡᠭᠡ᠎ᠶᠢ ᠵᠣᠬᠢᠶᠠᠨ ᠪᠠᠢᠭᠤᠯᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ 《 ᠭᠦᠢᠴᠡᠳᠬᠡᠵᠦ ᠳᠡᠶ᠋ᠢᠯᠬᠦ 》 ᠡᠴᠡ 《 ᠲᠦᠷᠭᠡᠨ ᠭᠦᠢᠴᠡᠳᠬᠡᠬᠦ᠂ ᠠᠮᠠᠷᠬᠠᠨ ᠭᠦᠢᠴᠡᠳᠬᠡᠬᠦ 》 ᠪᠣᠯᠭᠠᠨ ᠬᠤᠪᠢᠷᠠᠭᠤᠯᠬᠤ᠎ᠶᠢ ᠪᠡᠶᠡᠯᠡᠭᠦᠯᠵᠦ᠂ ᠠᠵᠤ ᠠᠬᠤᠢᠯᠠᠯ᠎ᠤᠨ ᠤᠯᠠᠨ ᠲᠦᠮᠡᠨ᠎ᠦ ᠠᠵᠢᠯ ᠶᠠᠪᠤᠳᠠᠯ ᠭᠦᠢᠴᠡᠳᠬᠡᠬᠦ᠎ᠶᠢᠨ ᠬᠦᠷᠲᠡᠮᠵᠢ᠎ᠶᠢᠨ ᠲᠥᠷᠥᠭᠳᠡᠯ᠂ ᠬᠠᠨᠤᠮᠵᠢ᠎ᠶᠢᠨ ᠬᠡᠮᠵᠢᠶ᠎ᠡ᠎ᠶᠢ ᠮᠡᠳᠡᠭᠳᠡᠮ᠎ᠡ ᠳᠡᠭᠡᠭᠰᠢᠯᠡᠭᠦᠯᠵᠦ᠂ ᠦᠢᠯᠡᠴᠢᠯᠡᠭᠡᠨ᠎ᠦ ᠦᠷ᠎ᠡ ᠪᠦᠲᠦᠮᠵᠢ᠎ᠶᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠵᠡᠢ᠃
      ᠤᠮᠠᠷᠠᠲᠤ ᠬᠢᠯᠢ᠎ᠳᠦ ᠮᠢᠩᠭᠠᠨ ᠳᠠᠷᠪᠠᠭᠤᠯ ᠬᠡᠢᠰᠴᠦ᠂ ᠠᠷᠠᠳ᠎ᠤᠨ ᠠᠮᠢᠳᠤᠷᠠᠯ᠎ᠢ ᠤᠮᠳᠠᠯᠠᠨ ᠲᠦᠮᠡᠨ ᠪᠣᠳᠠᠰ ᠰᠢᠮᠡᠵᠢᠨ᠎ᠡ᠃ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠡᠷᠭᠢᠴᠡᠭᠦᠯᠬᠦ᠎ᠳᠦ᠂ ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠦᠢᠯᠡᠰ ᠠᠮᠤᠷ ᠲᠦᠪᠰᠢᠨ᠎ᠢᠶᠡᠷ ᠠᠷᠠᠳ᠎ᠲᠤ ᠠᠰᠢᠭ᠋ ᠬᠦᠷᠲᠡᠭᠡᠬᠦ᠂ ᠤᠰᠤ ᠠᠷᠪᠢᠯᠠᠵᠤ ᠲᠠᠷᠢᠶᠠᠯᠠᠩ᠎ᠢ ᠬᠥᠭᠵᠢᠭᠦᠯᠬᠦ᠂ ᠠᠮᠢ ᠠᠬᠤᠢ ᠰᠠᠢᠵᠢᠷᠠᠭᠰᠠᠨ ᠴᠢᠨᠠᠷ ᠰᠠᠢᠲᠠᠢ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠵᠤ᠂ ᠠᠮᠵᠢᠯᠲᠠ ᠨᠢᠭᠡᠪᠦᠷᠢ ᠨᠢ ᠴᠥᠮ ᠠᠷᠠᠳ᠎ᠤᠨ ᠲᠥᠯᠥᠭᠡ ᠤᠰᠤ ᠵᠠᠰᠠᠬᠤ ᠤᠭ ᠰᠠᠨᠠᠭ᠎ᠠ᠎ᠶᠢ ᠡᠭᠦᠷᠭᠡᠯᠡᠵᠦ᠂ ᠠᠯᠬᠤᠮ ᠪᠦᠷᠢ᠎ᠳᠦ ᠴᠥᠮ ᠤᠰᠤ᠎ᠶᠢ ᠬᠥᠭᠵᠢᠭᠦᠯᠵᠦ ᠠᠷᠠᠳ᠎ᠲᠤ ᠠᠰᠢᠭ᠋ ᠬᠦᠷᠲᠡᠭᠡᠬᠦ ᠡᠭᠦᠷᠭᠡᠯᠡᠯ᠎ᠢ ᠢᠯᠡᠷᠡᠭᠦᠯᠦᠭᠰᠡᠨ ᠪᠠᠢᠨ᠎ᠠ᠃ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠦᠪᠵᠢᠭᠦᠯᠭᠡ᠎ᠶᠢ ᠪᠠᠷᠠᠯᠠᠬᠤᠶ᠎ᠠ᠂ ᠥᠪᠥᠷ ᠮᠣᠩᠭᠣᠯ ᠶᠡᠷᠦᠩᠬᠡᠢ ᠱᠦᠵᠢ ᠰᠢ᠎ᠶᠢᠨ ᠫᠢᠩ᠎ᠤᠨ ᠤᠰᠤ ᠵᠠᠰᠠᠬᠤ ᠰᠡᠳᠬᠢᠴᠡ ᠪᠣᠯᠣᠨ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠦᠢᠯᠡᠳᠦᠯᠭᠡᠵᠢᠭᠦᠯᠵᠦ᠂ 《 ᠲᠥᠷᠥ ᠬᠥᠷᠥᠨ᠎ᠦ ᠴᠢᠬᠤᠯᠠ ᠶᠠᠪᠤᠳᠠᠯ 》᠎ᠢ ᠬᠡᠬᠦᠳᠡᠭ ᠴᠡᠭᠡᠵᠢᠨ᠎ᠳᠡᠭᠡᠨ ᠡᠪᠦᠷᠯᠡᠵᠦ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠪᠣᠳᠠᠲᠠᠢ᠎ᠶᠢ ᠡᠷᠬᠢᠮᠯᠡᠬᠦ ᠰᠤᠷᠲᠠᠯ᠎ᠢᠶᠠᠷ ᠤᠮᠠᠷᠠᠲᠤ ᠬᠢᠯᠢ᠎ᠶᠢᠨ ᠠᠮᠢ ᠨᠠᠰᠤᠨ᠎ᠤ ᠡᠬᠢ ᠰᠤᠷᠪᠤᠯᠵᠢ᠎ᠶᠢ ᠰᠠᠢᠲᠤᠷ ᠰᠠᠬᠢᠨ ᠬᠠᠮᠠᠭᠠᠯᠠᠵᠤ᠂ ᠤᠮᠠᠷᠠᠲᠤ ᠬᠢᠯᠢ᠎ᠶᠢᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃
      ᠲᠣᠰ ᠬᠡᠪᠯᠡᠯ᠎ᠦᠨ ᠥᠰᠥᠭ ᠪᠢᠴᠢᠭ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠬᠠᠩᠭᠠᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            