ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠤᠰᠤᠨ ᠠᠰᠢᠭ᠍ᠯᠠᠯᠲᠠ᠎ᠶᠢᠨ ᠶᠠᠮᠤᠨ ᠠᠯᠪᠠᠲᠠᠨ ᠪᠠ ᠠᠯᠪᠠᠲᠠᠨ᠎ᠤ ᠬᠠᠮᠲᠤ ᠨᠡᠢᠳᠡ᠎ᠶᠢᠨ ᠨᠢᠭᠡᠳᠦᠭᠡᠷ ᠳᠡᠰ᠎ᠤᠨ ᠭᠠᠪᠢᠶ᠎ᠠ ᠂ ᠬᠣᠶᠠᠳᠤᠭᠠᠷ ᠳᠡᠰ᠎ᠤᠨ ᠭᠠᠪᠢᠶ᠎ᠠ ᠲᠡᠮᠳᠡᠭᠯᠡᠵᠦ ᠱᠠᠩᠨᠠᠨ ᠬᠥᠬᠢᠭᠦᠯᠬᠦ ᠶᠣᠰᠣᠯᠠᠯ ᠶᠠᠪᠤᠭᠤᠯᠪᠠ
ᠨᠡᠶ᠋ᠢᠲᠡᠯᠡᠭᠰᠡᠨ ᠴᠠᠭ᠄ 2026-01-20

      1 ᠳ᠋ᠦ᠍ᠭᠡᠷ ᠰᠠᠷ᠎ᠠ᠎ᠶᠢᠨ 12᠎ᠤᠨ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ ᠠᠯᠪᠠᠲᠠᠨ ᠪᠠ ᠠᠯᠪᠠᠲᠠᠨ᠎ᠤ ᠬᠠᠮᠲᠤ ᠨᠡᠢᠳᠡ᠎ᠶᠢᠨ ᠨᠢᠭᠡᠳᠦᠭᠡᠷ ᠳᠡᠰ᠎ᠤᠨ ᠭᠠᠪᠢᠶ᠎ᠠ᠂ ᠬᠣᠶᠠᠳᠤᠭᠠᠷ ᠳᠡᠰ᠎ᠤᠨ ᠭᠠᠪᠢᠶ᠎ᠠ ᠲᠡᠮᠳᠡᠭᠯᠡᠵᠦ ᠱᠠᠩᠨᠠᠨ ᠬᠥᠬᠢᠭᠦᠯᠬᠦ ᠶᠣᠰᠣᠯᠠᠯ ᠶᠠᠪᠤᠭᠤᠯᠪᠠ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠶᠠᠮᠤᠨ᠎ᠤ ᠰᠠᠢᠳ ᠯᠢ ᠭᠦᠸᠧ ᠶᠢᠩ ᠬᠥᠬᠢᠭᠦᠯᠦᠨ ᠰᠠᠢᠰᠢᠶᠠᠬᠤ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠠᠮᠤᠨ᠎ᠤ ᠤᠳᠤᠷᠢᠳᠤᠯᠭ᠎ᠠ ᠽᠦ᠍ ᠯᠧᠢ ᠮᠢᠩ᠂ ᠴᠧᠨ ᠮᠢᠨ᠂ ᠯᠢᠦ ᠳ᠋ᠦᠩ ᠱᠦᠨ᠂ ᠸᠠᠩ ᠪᠦᠦ ᠧᠨ ᠣᠷᠣᠯᠴᠠᠵᠠᠢ᠃
      ᠬᠤᠷᠠᠯ᠎ᠠᠴᠠ 《 ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠤᠪᠢ ᠨᠡᠮᠡᠷᠢ ᠦᠵᠡᠭᠦᠯᠦᠭᠰᠡᠨ ᠠᠯᠪᠠᠲᠠᠨ ᠪᠠ ᠠᠯᠪᠠᠲᠠᠨ᠎ᠤ ᠬᠠᠮᠲᠤ ᠨᠡᠢᠳᠡ᠎ᠳᠤ ᠨᠢᠭᠡᠳᠦᠭᠡᠷ ᠳᠡᠰ᠎ᠤᠨ ᠭᠠᠪᠢᠶ᠎ᠠ᠂ ᠬᠣᠶᠠᠳᠤᠭᠠᠷ ᠳᠡᠰ᠎ᠤᠨ ᠭᠠᠪᠢᠶ᠎ᠠ ᠲᠡᠮᠳᠡᠭᠯᠡᠬᠦ ᠲᠤᠬᠠᠢ ᠤᠰᠤᠨ ᠠᠰᠢᠭ᠍ᠯᠠᠯᠲᠠ᠎ᠶᠢᠨ ᠶᠠᠮᠤᠨ᠎ᠤ ᠲᠣᠭᠲᠠᠭᠠᠯ 》᠎ᠢ ᠤᠩᠰᠢᠨ ᠨᠡᠢᠲᠡᠯᠡᠵᠦ᠂ 4 ᠠᠯᠪᠠᠲᠠᠨ ᠪᠠ 5 ᠠᠯᠪᠠᠲᠠᠨ᠎ᠤ ᠬᠠᠮᠲᠤ ᠨᠡᠢᠳᠡ᠎ᠳᠤ ᠨᠢᠭᠡᠳᠦᠭᠡᠷ ᠳᠡᠰ᠎ᠤᠨ ᠭᠠᠪᠢᠶ᠎ᠠ ᠲᠡᠮᠳᠡᠭᠯᠡᠵᠦ᠂ 16 ᠠᠯᠪᠠᠲᠠᠨ ᠪᠠ 10 ᠠᠯᠪᠠᠲᠠᠨ᠎ᠤ ᠬᠠᠮᠲᠤ ᠨᠡᠢᠳᠡ᠎ᠳᠤ ᠬᠣᠶᠠᠳᠤᠭᠠᠷ ᠳᠡᠰ᠎ᠤᠨ ᠭᠠᠪᠢᠶ᠎ᠠ ᠲᠡᠮᠳᠡᠭᠯᠡᠪᠡ᠃ ᠶᠠᠮᠤᠨ᠎ᠤ ᠤᠳᠤᠷᠢᠳᠤᠯᠭ᠎ᠠ᠎ᠠᠴᠠ ᠭᠠᠪᠢᠶ᠎ᠠ ᠲᠡᠮᠳᠡᠭᠯᠡᠭᠴᠢ᠎ᠳᠦ ᠱᠠᠩᠨᠠᠯ᠎ᠤᠨ ᠲᠡᠮᠳᠡᠭ ᠵᠡᠭᠦᠯᠭᠡᠵᠦ᠂ ᠦᠨᠡᠮᠯᠡᠯ ᠣᠯᠭᠣᠵᠤ᠂ ᠭᠠᠪᠢᠶ᠎ᠠ ᠲᠡᠮᠳᠡᠭᠯᠡᠭᠰᠡᠨ ᠬᠠᠮᠲᠤ ᠨᠡᠶ᠋ᠢᠲᠡ᠎ᠳᠦ ᠱᠠᠩᠨᠠᠯ᠎ᠤᠨ ᠮᠧᠳᠠᠯ ᠣᠯᠭᠣᠵᠤ᠂ ᠨᠢᠭᠡᠳᠦᠭᠡᠷ ᠳᠡᠰ᠎ᠤᠨ ᠭᠠᠪᠢᠶ᠎ᠠ ᠲᠡᠮᠳᠡᠭᠯᠡᠭᠴᠢ ᠪᠠ ᠠᠯᠪᠠᠲᠠᠨ᠎ᠤ ᠬᠠᠮᠲᠤ ᠨᠡᠢᠳᠡ᠎ᠶᠢᠨ ᠲᠥᠯᠥᠭᠡᠯᠡᠭᠴᠢ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠪᠠ᠃
      ᠯᠢ ᠭᠦᠸᠧ ᠶᠢᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ᠎ᠤ ᠤᠰᠤᠨ ᠠᠰᠢᠭ᠍ᠯᠠᠯᠲᠠ᠎ᠶᠢᠨ ᠰᠠᠯᠠᠭ᠎ᠠ ᠮᠥᠴᠢᠷ ᠪᠣᠯᠣᠨ ᠥᠷᠭᠡᠨ ᠤᠯᠠᠨ ᠤᠰᠤᠨ ᠠᠰᠢᠭ᠍ᠯᠠᠯᠲᠠ᠎ᠶᠢᠨ ᠺᠠᠳ᠋ᠷ ᠠᠵᠢᠯᠲᠠᠨ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠣᠯᠣᠨ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠰᠤ ᠵᠠᠰᠠᠬᠤ ᠦᠢᠯᠡᠰ᠎ᠲᠦ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠪᠠᠢᠨ᠎ᠠ᠃ ᠡᠨᠡ ᠤᠳᠠᠭ᠎ᠠ ᠨᠢᠭᠡᠳᠦᠭᠡᠷ ᠳᠡᠰ᠎ᠤᠨ ᠭᠠᠪᠢᠶ᠎ᠠ ᠪᠠ ᠬᠣᠶᠠᠳᠤᠭᠠᠷ ᠳᠡᠰ᠎ᠤᠨ ᠭᠠᠪᠢᠶ᠎ᠠ ᠲᠡᠮᠳᠡᠭᠯᠡᠭᠰᠡᠨ ᠠᠯᠪᠠᠲᠠᠨ ᠪᠣᠯᠣᠨ ᠠᠯᠪᠠᠲᠠᠨ᠎ᠤ ᠬᠠᠮᠲᠤ ᠨᠡᠶ᠋ᠢᠲᠡ ᠪᠣᠯ ᠤᠰᠤᠨ ᠠᠰᠢᠭ᠍ᠯᠠᠯᠲᠠ᠎ᠶᠢᠨ ᠺᠠᠳ᠋ᠷ ᠠᠵᠢᠯᠲᠠᠨ᠎ᠤ ᠰᠢᠯᠢᠳᠡᠭ ᠲᠥᠯᠥᠭᠡᠯᠡᠭᠴᠢ ᠪᠠᠢᠵᠤ ᠂ ᠲᠡᠳᠡᠨ᠎ᠦ ᠪᠡᠶ᠎ᠡ ᠳᠡᠭᠡᠷ᠎ᠡ᠂ ᠢᠲᠡᠭᠡᠯ ᠵᠣᠷᠢᠭ᠋ ᠡᠷᠡᠰ ᠪᠠᠲᠤ᠂ ᠨᠠᠮ᠎ᠳᠠᠭᠠᠨ ᠦᠨᠡᠨᠴᠢ ᠰᠢᠳᠤᠷᠭᠤ ᠪᠠᠢᠬᠤ ᠤᠯᠤᠰ ᠲᠦᠷᠦ᠎ᠶᠢᠨ ᠬᠡᠪ ᠰᠤᠷᠲᠠᠯ᠎ᠢ ᠭᠦᠢᠴᠡᠳ ᠢᠯᠡᠷᠡᠭᠦᠯᠵᠦ᠂ ᠵᠣᠷᠢᠯᠲᠠ᠎ᠶᠢ ᠦᠢᠯᠡᠳᠦᠯᠭᠡᠵᠢᠭᠦᠯᠬᠦ᠂ ᠠᠷᠠᠳ ᠲᠦᠮᠡᠨ᠎ᠳᠦ ᠪᠤᠶᠠᠨ ᠦᠢᠯᠡᠳᠬᠦ ᠠᠯᠪᠠᠨ ᠵᠠᠷᠤᠴᠠ᠎ᠶᠢᠨ ᠬᠠᠢᠷ᠎ᠠ ᠰᠡᠳᠬᠢᠯᠭᠡ᠎ᠶᠢ ᠠᠮᠢᠳᠤᠯᠢᠭ᠋᠎ᠢᠶᠠᠷ ᠲᠠᠢᠯᠪᠤᠷᠢᠯᠠᠵᠤ᠂ ᠪᠦᠬᠦ ᠬᠦᠴᠦᠨ᠎ᠢᠶᠡᠷ᠎ᠢᠶᠡᠨ ᠴᠢᠷᠮᠠᠢᠬᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠬᠦ ᠬᠠᠷᠢᠭᠤᠴᠠᠯᠭ᠎ᠠ ᠡᠭᠦᠷᠭᠡᠯᠡᠯ᠎ᠢ ᠲᠥᠪᠯᠡᠷᠡᠩᠭᠦᠢ ᠢᠯᠡᠷᠡᠭᠦᠯᠵᠦ᠂ ᠵᠣᠷᠢᠭ᠍ᠲᠠᠢ᠎ᠪᠠᠷ ᠥᠭᠡᠷᠡᠴᠢᠯᠡᠯᠲᠡ ᠬᠢᠬᠦ᠂ ᠵᠠᠮ ᠨᠡᠭᠡᠭᠡᠨ ᠰᠢᠨ᠎ᠡ᠎ᠶᠢ ᠡᠭᠦᠳᠬᠦ ᠴᠢᠳᠠᠪᠤᠷᠢ᠎ᠶᠢ ᠲᠣᠪᠤᠢᠯᠭᠠᠨ ᠢᠯᠡᠷᠡᠭᠦᠯᠵᠦ᠂ ᠡᠭᠦᠷᠭᠡ ᠲᠤᠰᠢᠶᠠᠯ᠎ᠢᠶᠠᠨ ᠬᠢᠴᠢᠶᠡᠩᠭᠦᠢᠯᠡᠨ ᠭᠦᠢᠴᠡᠳᠬᠡᠬᠦ᠂ ᠬᠠᠷᠠᠮ ᠦᠭᠡᠢ ᠵᠣᠷᠢᠭᠤᠯᠬᠤ ᠡᠷᠡᠰ ᠪᠠᠲᠤ ᠪᠠᠷᠢᠮᠲᠠᠯᠠᠯ᠎ᠢ ᠭᠦᠨᠵᠡᠭᠡᠢ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃
      ᠯᠢ ᠭᠦᠸᠧ ᠶᠢᠩ᠂ ᠥᠷᠭᠡᠨ ᠣᠯᠠᠨ ᠤᠰᠤᠨ ᠠᠰᠢᠭ᠍ᠯᠠᠯᠲᠠ᠎ᠶᠢᠨ ᠺᠠᠳ᠋ᠷ ᠠᠵᠢᠯᠲᠠᠨ ᠠᠵᠢᠯᠴᠢᠨ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ ᠤ᠋ᠨᠤᠰᠤ᠎ᠶᠢ ᠵᠠᠰᠠᠬᠤ ᠰᠡᠳᠬᠢᠴᠡ ᠪᠣᠯᠣᠨ ᠤᠰᠤ᠎ᠶᠢ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠤᠢᠪᠢᠰᠢ ᠦᠭᠡᠢ ᠦᠢᠯᠡᠳᠦᠯᠭᠡᠵᠢᠭᠦᠯᠵᠦ᠂ ᠡᠷᠳᠡᠮᠲᠡᠨ ᠮᠡᠷᠭᠡᠳ᠎ᠡᠴᠡ ᠳᠠᠭᠠᠨ ᠰᠤᠷᠤᠯᠴᠠᠵᠤ᠂ ᠵᠣᠷᠢᠭ᠍ᠲᠠᠢ᠎ᠪᠠᠷ ᠤᠷᠤᠭᠰᠢᠯᠠᠨ ᠳᠠᠪᠰᠢᠵᠤ᠂ ᠬᠠᠷᠢᠴᠠᠯᠠᠰᠢᠭᠦᠢ ᠨᠠᠢᠳᠠᠪᠤᠷᠢᠲᠠᠢ᠂ ᠬᠠᠷᠢᠴᠠᠯᠠᠰᠢᠭᠦᠢ ᠦᠨᠡᠨᠴᠢ ᠰᠢᠳᠤᠷᠭᠤ ᠬᠣᠰᠢᠭᠤᠴᠢ ᠴᠡᠷᠢᠭ ᠪᠣᠯᠵᠤ᠂ ᠠᠷᠠᠳ᠎ᠤᠨ ᠲᠥᠯᠥᠭᠡ ᠤᠰᠤ᠎ᠶᠢ ᠵᠠᠰᠠᠬᠤ᠂ ᠤᠰᠤᠨ ᠠᠰᠢᠭ᠍ᠯᠠᠯᠲᠠ᠎ᠶᠢ ᠬᠥᠭᠵᠢᠭᠦᠯᠵᠦ ᠠᠷᠠᠳ᠎ᠲᠤ ᠠᠰᠢᠭ᠋ ᠬᠦᠷᠲᠡᠭᠡᠬᠦ ᠦᠢᠯᠡᠳᠦᠯᠭᠡᠵᠢᠭᠦᠯᠦᠭᠴᠢ ᠪᠣᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠴᠢᠳᠠᠮᠠᠭᠠᠢ ᠠᠵᠢᠯᠯᠠᠵᠤ ᠭᠠᠷᠮᠠᠭᠠᠢ ᠪᠦᠲᠦᠭᠡᠳᠡᠭ ᠠᠵᠢᠯᠯᠠᠭ᠍ᠴᠢ ᠪᠣᠯᠵᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠂ ᠰᠠᠬᠢᠯᠭ᠎ᠠ ᠪᠠᠲᠤ ᠴᠢᠩᠭ᠎ᠠ ᠪᠣᠳᠠᠲᠠᠢ ᠠᠵᠢᠯᠯᠠᠭ᠍ᠴᠢ ᠪᠣᠯᠵᠤ᠂ ᠠᠰᠢᠭ᠍ᠲᠠᠢ ᠪᠠᠢᠳᠠᠯ᠎ᠢ ᠠᠮᠵᠢᠨ ᠤᠷᠤᠭᠰᠢᠯᠠᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠣᠯᠬᠤ᠎ᠶᠢ ᠪᠠᠲᠤᠯᠠᠬᠤ᠎ᠳᠤ ᠤᠰᠤᠨ ᠠᠰᠢᠭ᠍ᠯᠠᠯᠲᠠ᠎ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠶᠠᠮᠤᠨ᠎ᠤ ᠶᠡᠷᠦᠩᠬᠡᠢ ᠢᠨᠵᠧᠨᠧᠷ ᠪᠠ ᠶᠡᠷᠦᠩᠬᠡᠢ ᠲᠥᠰᠥᠪᠯᠡᠭᠴᠢ᠂ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠠᠷᠢᠭᠤᠴᠠᠯᠭᠠᠲᠠᠨ᠂ ᠶᠠᠮᠤᠨ᠎ᠤ ᠪᠠᠢᠭᠤᠯᠭ᠎ᠠ᠎ᠶᠢᠨ ᠡᠯ᠎ᠡ ᠵᠤᠷᠭᠠᠨ ᠲᠣᠪᠴᠢᠶ᠎ᠠ᠎ᠶᠢᠨ ᠪᠥᠬᠥ ᠠᠯᠪᠠᠲᠠᠨ᠂ ᠰᠠᠪᠠ ᠭᠠᠵᠠᠷ᠎ᠤᠨ ᠬᠠᠮᠢᠶᠠᠷᠤᠯᠲᠠ᠎ᠶᠢᠨ ᠪᠠᠢᠭᠤᠯᠤᠮᠵᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠶᠠᠮᠤᠨ᠎ᠤ ᠪᠠᠢᠭᠤᠯᠭ᠎ᠠ᠎ᠳᠤ ᠬᠥᠬᠢᠭᠦᠯᠦᠨ ᠰᠠᠢᠰᠢᠶᠠᠬᠤ ᠶᠣᠰᠣᠯᠠᠯ᠎ᠳᠤ ᠣᠷᠣᠯᠴᠠᠵᠤ᠂ ᠰᠠᠪᠠ ᠭᠠᠵᠠᠷ᠎ᠤᠨ ᠬᠠᠮᠢᠶᠠᠷᠤᠯᠲᠠ᠎ᠶᠢᠨ ᠪᠠᠢᠭᠤᠯᠤᠮᠵᠢ᠎ᠶᠢᠨ ᠪᠤᠰᠤᠳ ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭᠠᠨ ᠬᠠᠮᠢᠶᠠᠷᠬᠤ ᠠᠵᠢᠯᠲᠠᠳ ᠸᠢᠳᠢᠤ᠋᠎ᠪᠠᠷ ᠭᠥᠯᠢᠶᠡᠨ ᠠᠪᠴᠤ ᠦᠵᠡᠪᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            