12 ᠳ᠋ᠤᠭᠠᠷ ᠰᠠᠷ᠎ᠠ᠎ᠶᠢᠨ 25᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠣᠣ ᠶᠢᠦ ᠥᠪᠥᠷ ᠮᠣᠩᠭᠣᠯ᠎ᠤᠨ ᠤᠰᠤᠨ᠎ᠤ ᠶᠠᠪᠤᠳᠠᠯ᠎ᠤᠨ ᠬᠥᠭᠵᠢᠭᠦᠯᠦᠯᠲᠡ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠳᠤ ᠪᠠᠢᠴᠠᠭᠠᠨ ᠰᠤᠳᠤᠯᠤᠯᠲᠠ ᠬᠢᠬᠦ᠎ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠬᠥᠭᠵᠢᠯᠲᠡ᠂ ᠤᠰᠤᠨ᠎ᠤ ᠲᠣᠣᠷ᠎ᠤᠨ ᠪᠦᠲᠦᠭᠡᠨ ᠪᠠᠢᠭᠤᠯᠤᠯᠲᠠ ᠵᠡᠷᠭᠡ᠎ᠶᠢᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠵᠤ ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠤᠨ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ᠎ᠶᠢᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠰᠠᠨᠠᠯ ᠰᠠᠨᠠᠭᠤᠯᠭ᠎ᠠ᠎ᠶᠢ ᠬᠤᠷᠢᠶᠠᠪᠠ᠃ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ᠂ ᠯᠢᠦ ᠪᠢᠩ ᠵᠧᠩ᠂ ᠥᠪᠥᠷ ᠮᠣᠩᠭᠣᠯ᠎ᠤᠨ ᠤᠰᠤᠨ᠎ᠤ ᠶᠠᠪᠤᠳᠠᠯ᠎ᠤᠨ ᠬᠥᠭᠵᠢᠭᠦᠯᠦᠯᠲᠡ᠎ᠶᠢᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠵᠤᠤ ᠴᠠᠩ ᠴᠢᠩ᠂ ᠶᠡᠷᠦᠩᠬᠡᠢ ᠳᠠᠭᠠᠭᠠᠮᠠᠯ ᠭᠤᠤ ᠮᠢᠩ ᠲᠠᠩ ᠶᠠᠷᠢᠯᠴᠠᠬᠤ ᠬᠤᠷᠠᠯ᠎ᠳᠤ ᠣᠷᠣᠯᠴᠠᠪᠠ᠃
ᠱᠧᠩ ᠰᠢᠶᠣᠣ ᠶᠢᠦ᠂ ᠤᠰᠤᠨ᠎ᠤ ᠶᠠᠪᠤᠳᠠᠯ᠎ᠤᠨ ᠬᠥᠭᠵᠢᠭᠦᠯᠦᠯᠲᠡ᠎ᠶᠢᠨ ᠪᠦᠯᠦᠭᠯᠡᠯ ᠨᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠤᠰ᠎ᠤᠨ ᠥᠮᠴᠢᠯᠡᠯᠲᠦ ᠠᠵᠤ ᠠᠬᠤᠢᠯᠠᠯ᠂ ᠪᠦᠬᠦ ᠣᠷᠣᠨ᠎ᠤ ᠤᠰᠤᠨ ᠠᠰᠢᠭ᠍ᠯᠠᠯᠲᠠ᠎ᠶᠢᠨ ᠰᠠᠭᠤᠷᠢ ᠲᠥᠬᠦᠭᠡᠷᠦᠮᠵᠢ ᠪᠣᠯᠣᠨ ᠴᠢᠬᠤᠯᠠ ᠶᠡᠬᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠵᠤ ᠪᠡᠯᠡ ᠮᠥᠩᠭᠥ ᠴᠤᠭᠯᠠᠭᠤᠯᠬᠤ ᠲᠠᠪᠴᠠᠩ ᠪᠣᠯᠤᠭᠰᠠᠨ᠎ᠤ ᠬᠤᠪᠢ᠎ᠳᠤ᠂ ᠤᠰᠤᠨ ᠠᠰᠢᠭ᠍ᠯᠠᠯᠲᠠ᠎ᠶᠢᠨ ᠲᠣᠣᠷ᠎ᠤᠨ ᠪᠦᠲᠦᠭᠡᠨ ᠪᠠᠢᠭᠤᠯᠤᠯᠲᠠ᠂ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ᠂ ᠰᠠᠪᠠ ᠭᠠᠵᠠᠷ᠎ᠤᠨ ᠦᠶᠡᠷ᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ᠂ ᠤᠰᠤᠨ᠎ᠤ ᠠᠮᠢ ᠠᠬᠤᠢ᠎ᠶᠢᠨ ᠰᠢᠰᠲᠧᠮ᠎ᠢ ᠬᠠᠮᠠᠭᠠᠯᠠᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ ᠪᠤᠢ᠃ ᠶᠡᠷᠦᠩᠬᠡᠢ ᠱᠦᠵᠢ ᠰᠢ᠎ᠶᠢᠨ ᠫᠢᠩ᠎ᠦᠨ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠬᠥᠭᠵᠢᠯᠲᠡ ᠪᠠ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠬᠥᠭᠵᠢᠯᠲᠡ᠎ᠶᠢ ᠭᠦᠨᠵᠡᠭᠡᠢᠷᠡᠭᠦᠯᠬᠦ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠨᠡᠩ ᠥᠨᠳᠥᠷ ᠵᠣᠭᠰᠣᠴᠠ᠂ ᠨᠡᠩ ᠶᠡᠬᠡ ᠡᠷᠴᠢᠮ᠎ᠢᠶᠡᠷ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠠᠬᠢᠭᠤᠯᠵᠤ᠂ 《 ᠬᠠᠢᠨ ᠪᠠᠢᠴᠠᠭᠠᠬᠤ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠢᠭᠤᠯᠵᠤ ᠬᠠᠮᠢᠶᠠᠷᠬᠤ᠂ ᠪᠠᠷᠢᠯᠭ᠎ᠠ ᠪᠠᠷᠢᠬᠤ᠂ ᠡᠵᠡᠩᠨᠡᠬᠦ᠂ ᠦᠢᠯᠡᠴᠢᠯᠡᠬᠦ 》 ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠳᠠᠪᠠᠭᠤᠯᠢᠭ᠋᠎ᠲᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠠᠪᠴᠠᠩ᠎ᠤᠨ ᠦᠢᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠢ᠎ᠶᠢᠨ ᠪᠠᠢᠷᠢᠰᠢᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠰᠡᠭᠦᠯᠴᠢ᠎ᠶᠢᠨ ᠬᠤᠭᠤᠴᠠᠭᠠᠨ᠎ᠳᠤ ᠪᠦᠯᠦᠭᠯᠡᠯ᠎ᠦᠨ ᠶᠡᠷᠦᠩᠬᠡᠢ ᠡᠳ᠋ ᠬᠥᠷᠥᠩᠭᠡ᠎ᠶᠢ ᠮᠢᠩᠭᠠᠨ ᠳ᠋ᠦᠩᠰᠢᠭᠤᠷ ᠲᠥᠭᠥᠷᠢᠭ᠎ᠡᠴᠡ ᠳᠠᠪᠠᠭᠤᠯᠬᠤ᠂ 《 ᠤᠯᠤᠰ᠎ᠤᠨ ᠳᠣᠲᠣᠭᠠᠳᠤ᠎ᠶᠢᠨ ᠲᠡᠷᠢᠭᠦᠨ᠎ᠦ ᠤᠰᠤᠨ᠎ᠤ ᠡᠬᠢ ᠪᠠᠶᠠᠯᠢᠭ᠋᠎ᠢ ᠶᠡᠷᠦᠩᠬᠡᠢᠯᠡᠨ ᠨᠡᠭᠡᠭᠡᠨ ᠬᠥᠭᠵᠢᠭᠦᠯᠵᠦ ᠡᠵᠡᠩᠨᠡᠬᠦ ᠠᠵᠤ ᠠᠬᠤᠢᠯᠠᠯ 》 ᠪᠣᠯᠭᠠᠬᠤ ᠬᠠᠷᠠᠯᠲᠠ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠱᠧᠩ ᠰᠢᠶᠣᠣ ᠶᠢᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠨᠢ ᠠᠵᠢᠯ ᠲᠥᠷᠥᠯ᠎ᠦᠨ ᠬᠢᠨᠠᠯᠲᠠ ᠲᠠᠯᠪᠢᠬᠤ ᠪᠠ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ᠎ᠶᠢᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠂ ᠤᠰᠤᠨ᠎ᠤ ᠶᠠᠪᠤᠳᠠᠯ᠎ᠤᠨ ᠬᠥᠭᠵᠢᠭᠦᠯᠦᠯᠲᠡ᠎ᠶᠢᠨ ᠪᠦᠯᠦᠭᠯᠡᠯ᠎ᠦᠨ ᠬᠦᠴᠦᠷᠬᠡᠭᠵᠢᠨ ᠰᠢᠯᠢᠳᠡᠭᠵᠢᠵᠦ ᠪᠤᠵᠠᠭᠠᠢᠷᠠᠬᠤ᠎ᠶᠢ ᠪᠥᠬᠥ ᠬᠦᠴᠦᠨ᠎ᠢᠶᠡᠷ᠎ᠢᠶᠡᠨ ᠳᠡᠮᠵᠢᠨ᠎ᠡ᠃ ᠤᠰᠤᠨ᠎ᠤ ᠶᠠᠪᠤᠳᠠᠯ᠎ᠤᠨ ᠬᠥᠭᠵᠢᠭᠦᠯᠦᠯᠲᠡ᠎ᠶᠢᠨ ᠪᠦᠯᠦᠭᠯᠡᠯ᠎ᠦᠨ ᠬᠢᠨ ᠰᠠᠨᠠᠭᠠᠴᠢᠯᠠᠭ᠎ᠠ᠎ᠠᠴᠠ᠎ᠪᠠᠨ ᠠᠷᠭ᠎ᠠ ᠤᠬᠠᠭᠠᠨ ᠰᠦᠪᠡᠭᠴᠢᠯᠡᠵᠦ᠂ ᠤᠯᠤᠰ᠎ᠤᠨ 《 ᠬᠣᠶᠠᠷ ᠴᠢᠬᠤᠯᠠ 》 ᠪᠦᠲᠦᠭᠡᠨ ᠪᠠᠢᠭᠤᠯᠤᠯᠲᠠ᠎ᠶᠢ ᠭᠦᠨᠵᠡᠭᠡᠢ ᠬᠡᠷᠡᠭᠵᠢᠭᠦᠯᠬᠦ᠂ ᠤᠮᠠᠷᠠᠲᠤ᠎ᠶᠢᠨ ᠭᠠᠵᠠᠷ ᠣᠷᠣᠨ᠎ᠤ ᠦᠶᠡᠷ᠎ᠢ ᠰᠡᠷᠭᠡᠢᠯᠡᠵᠦ ᠤᠰᠤᠲᠤᠯ᠎ᠢ ᠵᠠᠯᠠᠵᠤ ᠭᠠᠮᠰᠢᠭ᠋᠎ᠲᠠᠢ ᠲᠡᠮᠡᠴᠡᠬᠦ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠬᠦ ᠵᠡᠷᠭᠡ ᠴᠢᠬᠤᠯᠠ ᠶᠡᠬᠡ ᠲᠦᠷᠦ᠎ᠶᠢᠨ ᠪᠣᠳᠣᠯᠭ᠎ᠠ᠎ᠶᠢᠨ ᠠᠵᠠ ᠲᠣᠬᠢᠶᠠᠯ᠎ᠢ ᠣᠨᠣᠪᠴᠢᠲᠠᠢ ᠡᠵᠡᠮᠳᠡᠵᠦ᠂ ᠴᠢᠳᠠᠪᠬᠢ᠎ᠶᠢᠨ ᠪᠠᠢᠷᠢ ᠲᠣᠭᠲᠠᠭᠠᠯᠲᠠ᠎ᠪᠠᠨ ᠢᠳᠡᠪᠬᠢᠲᠡᠢ ᠬᠤᠪᠢᠷᠠᠭᠤᠯᠵᠤ᠂ ᠭᠣᠣᠯᠯᠠᠭ᠍ᠴᠢ ᠥᠷᠢᠰᠦᠯᠳᠦᠬᠦ ᠬᠦᠴᠦᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ᠎ᠤᠨ ᠵᠠᠮ᠎ᠤᠨ ᠵᠠᠰᠠᠯᠲᠠ ᠵᠡᠷᠭᠡ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠠᠬᠢᠭᠤᠯᠵᠤ᠂ ᠴᠤᠤᠯ ᠭᠣᠣᠯ᠎ᠢ ᠲᠠᠲᠠᠵᠤ ᠯᠢᠶᠣᠤ ᠾᠧ ᠭᠣᠣᠯ᠎ᠳᠤ ᠲᠤᠰᠠᠯᠠᠬᠤ ᠢᠨᠵᠧᠨᠧᠷᠢᠩ᠎ᠦᠨ ᠥᠪᠡᠷ᠎ᠦᠨ ᠥᠷᠲᠡᠭ᠎ᠦᠨ ᠲᠣᠭᠠᠴᠠᠭ᠎ᠠ᠂ ᠤᠰᠤᠨ᠎ᠤ ᠦᠨ᠎ᠡ᠎ᠶᠢ ᠲᠥᠰᠥᠭᠡᠯᠡᠨ ᠪᠤᠳᠤᠬᠤ᠂ ᠤᠰᠤᠨ᠎ᠤ ᠰᠦᠢᠳᠬᠡᠯ ᠬᠤᠷᠢᠶᠠᠬᠤ ᠪᠠ ᠠᠵᠢᠯᠯᠠᠭᠠᠨ᠎ᠤ ᠬᠠᠮᠢᠶᠠᠷᠤᠯᠲᠠ᠎ᠶᠢ ᠰᠢᠨᠵᠢᠯᠡᠬᠦ ᠤᠬᠠᠭᠠᠨᠴᠢ᠎ᠪᠠᠷ ᠰᠠᠢᠲᠤᠷ ᠬᠢᠵᠦ᠂ ᠤᠰᠤᠨ᠎ᠤ ᠡᠬᠢ ᠰᠤᠷᠪᠤᠯᠵᠢ᠎ᠶᠢᠨ ᠭᠠᠵᠠᠷ᠂ ᠤᠰᠤ ᠬᠠᠩᠭᠠᠬᠤ᠂ ᠤᠰᠤ ᠬᠡᠷᠡᠭᠯᠡᠬᠦ᠂ ᠤᠰᠤ ᠠᠷᠪᠢᠯᠠᠬᠤ᠂ ᠤᠰᠤ ᠵᠠᠯᠠᠬᠤ᠂ ᠪᠣᠬᠢᠷ ᠤᠰᠤ᠎ᠶᠢ ᠰᠢᠢᠳᠪᠦᠷᠢᠯᠡᠬᠦ᠂ ᠳᠤᠮᠳᠠᠬᠢ ᠤᠰᠤ᠎ᠶᠢ ᠡᠭᠡᠭᠦᠯᠦᠨ ᠬᠡᠷᠡᠭᠯᠡᠬᠦ᠂ ᠤᠰᠤᠨ ᠴᠠᠬᠢᠯᠭᠠᠨ᠎ᠢ ᠨᠡᠭᠡᠭᠡᠨ ᠬᠥᠭᠵᠢᠭᠦᠯᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠰᠤᠨ᠎ᠤ ᠶᠠᠪᠤᠳᠠᠯ᠎ᠤᠨ ᠠᠵᠢᠯ ᠲᠥᠷᠥᠯ᠎ᠦᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ ᠠᠬᠢᠭᠤᠯᠵᠤ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠤᠰᠤᠨ ᠠᠰᠢᠭ᠍ᠯᠠᠯᠲᠠ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠤᠨ ᠬᠥᠭᠵᠢᠭᠦᠯᠵᠦ᠂ ᠠᠶᠤᠯᠭᠦᠢ ᠦᠢᠯᠡᠳᠪᠦᠷᠢᠯᠡᠯ᠎ᠦᠨ ᠬᠣᠷᠢᠭ᠎ᠠ ᠱᠤᠭᠤᠮ᠎ᠢ ᠪᠠᠲᠤ ᠰᠠᠬᠢᠵᠤ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠠ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠬᠦ᠎ᠳᠦ ᠨᠠᠩ ᠶᠡᠬᠡ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠱᠧᠩ ᠰᠢᠶᠣᠣ ᠶᠢᠦ᠂ ᠤᠰᠤᠨ᠎ᠤ ᠶᠠᠪᠤᠳᠠᠯ᠎ᠤᠨ ᠬᠥᠭᠵᠢᠭᠦᠯᠦᠯᠲᠡ᠎ᠶᠢᠨ ᠪᠦᠯᠦᠭᠯᠡᠯ᠎ᠦᠨ ᠬᠢᠨ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠠᠵᠤ ᠠᠬᠤᠢᠯᠠᠯ᠎ᠤᠨ ᠤᠳᠤᠷᠢᠳᠬᠤ ᠪᠠᠭ᠎ᠤᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠤᠨ ᠤᠳᠤᠷᠢᠳᠤᠯᠭ᠎ᠠ᠎ᠶᠢ ᠺᠣᠮᠫᠠᠨᠢ᠎ᠶᠢᠨ ᠵᠠᠰᠠᠯᠲᠠ᠎ᠶᠢᠨ ᠡᠯ᠎ᠡ ᠭᠣᠭᠴᠣᠭ᠎ᠠ᠎ᠳᠤ ᠠᠭᠤᠰᠤᠯᠴᠠᠭᠤᠯᠬᠤ᠎ᠶᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ ᠪᠣᠯᠣᠨ ᠦᠢᠯᠡᠳᠪᠦᠷᠢᠯᠡᠯ ᠡᠵᠡᠩᠨᠡᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠰᠤᠷᠲᠠᠯ᠎ᠤᠨ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠵᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶᠢ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ ᠪᠣᠯᠣᠨ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ᠎ᠢ ᠴᠢᠷᠮᠠᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠶᠡᠷᠦᠩᠬᠡᠢ ᠠᠵᠤ ᠠᠬᠤᠢᠴᠢ᠂ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭᠠᠲᠠᠨ᠂ ᠥᠪᠥᠷ ᠮᠣᠩᠭᠣᠯ᠎ᠤᠨ ᠤᠰᠤᠨ᠎ᠤ ᠶᠠᠪᠤᠳᠠᠯ᠎ᠤᠨ ᠬᠥᠭᠵᠢᠭᠦᠯᠦᠯᠲᠡ᠎ᠶᠢᠨ ᠪᠦᠯᠦᠭᠯᠡᠯ᠎ᠦᠨ ᠤᠳᠤᠷᠢᠳᠬᠤ ᠪᠠᠭ᠎ᠤᠨ ᠪᠦᠷᠢᠯᠳᠦᠭᠦᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃